9 ᠰᠠᠷ᠎ᠠ᠎ᠶᠢᠨ 5 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠣᠢᠷ᠎ᠠ᠎ᠶᠢᠨ ᠬᠤᠭᠤᠴᠠᠭᠠᠨ᠎ᠤ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ 《ᠲᠠᠪᠤᠨ ᠶᠡᠬᠡ ᠡᠭᠦᠷᠭᠡ》᠎ᠶ᠋ᠢ ᠨᠠᠢᠳᠠᠪᠤᠷᠢᠵᠢᠭᠤᠯᠤᠭᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠬᠣᠯᠪᠣᠭᠳᠠᠯ ᠪᠦᠬᠦᠢ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠵᠠᠢ᠃
ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠲᠡᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠡᠢᠨ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ ᠶᠡᠬᠡ ᠬᠤᠷᠠᠯ ᠪᠣᠯᠣᠨ ᠳᠠᠢᠯᠠᠯᠭ᠎ᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠲᠡᠦᠬᠡ᠎ᠶᠢ ᠪᠠᠲᠤ ᠴᠡᠭᠡᠵᠢᠯᠡᠵᠦ᠂ ᠦᠷᠡᠭᠳᠡᠭᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ᠂ ᠰᠢᠯᠢᠳᠡᠭ ᠬᠤᠪᠢᠰᠬᠠᠯᠲᠤ ᠤᠯᠠᠮᠵᠢᠯᠠᠯ᠎ᠢ ᠵᠠᠯᠭᠠᠮᠵᠢᠯᠠᠨ᠂ ᠶᠠᠫᠤᠨ᠎ᠢ ᠡᠰᠡᠷᠭᠦᠴᠡᠬᠦ ᠲᠠᠢᠨ ᠤ᠋ ᠠᠭᠤᠤ ᠶᠡᠬᠡ ᠵᠣᠷᠢᠭ᠋ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠵᠤ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠪᠠᠳᠠᠷᠠᠭᠤᠯᠤᠨ᠂ ᠪᠦᠭᠦ ᠣᠷᠣᠨ᠎ᠤ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠢ ᠤᠷᠮᠠᠰᠢᠭᠤᠯᠤᠨ ᠵᠢᠯᠤᠭᠣᠳᠴᠤ ᠡᠷᠴᠢ ᠵᠣᠷᠢᠭ᠋᠎ᠢ ᠨᠢ ᠬᠥᠪᠴᠢᠯᠡᠵᠦ᠂ ᠪᠦᠭᠦ ᠬᠦᠴᠦᠨ᠎ᠢᠶᠡᠷ᠎ᠢᠶᠡᠨ ᠠᠵᠤ ᠠᠬᠤᠢ᠎ᠶᠢ ᠬᠥᠭᠵᠢᠭᠦᠯᠦᠨ᠂ ᠬᠥᠭᠵᠢᠯᠲᠡ᠎ᠶᠢ ᠡᠷᠢᠯᠬᠢᠯᠡᠵᠦ᠂ ᠠᠷᠠᠳ᠎ᠤᠨ ᠠᠮᠢᠳᠤᠷᠠᠯ᠎ᠢ ᠠᠬᠢᠭᠤᠯᠤᠨ᠂ ᠥᠪᠥᠷ ᠮᠣᠩᠭᠣᠯ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠰᠢᠨ᠎ᠡ ᠪᠠᠢᠳᠠᠯ᠎ᠢ ᠴᠢᠷᠮᠠᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ 《ᠦᠨᠡᠨ》 ᠰᠡᠳᠬᠦᠯ᠎ᠳᠦ ᠨᠡᠢᠲᠡᠯᠡᠭᠰᠡᠨ ᠶᠡᠷᠦᠩᠬᠡᠢ ᠱᠦᠵᠢ ᠰᠢ ᠵᠢᠨ ᠫᠢᠩ᠎ᠤᠨ 《ᠶᠠᠫᠤᠨ᠎ᠢ ᠡᠰᠡᠷᠭᠦᠴᠡᠬᠦ ᠲᠠᠢᠨ ᠤ᠋ ᠠᠭᠤᠤ ᠶᠡᠬᠡ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠭᠡᠷᠡᠯ ᠰᠠᠴᠤᠷᠠᠩᠭᠤᠢ ᠲᠡᠷᠲᠡᠭᠡ ᠡᠷᠭᠢ ᠲᠡᠢᠰᠢ ᠡᠷᠡᠯᠬᠡᠭᠯᠡᠨ ᠤᠷᠤᠭᠰᠢᠯᠠᠶ᠎ᠠ》 ᠭᠡᠬᠦ ᠴᠢᠬᠤᠯᠠ ᠵᠣᠬᠢᠶᠠᠯ᠎ᠢ ᠤᠯᠠᠮᠵᠢᠯᠠᠨ ᠰᠤᠷᠤᠯᠴᠠᠵᠦ᠂ ᠶᠠᠫᠤᠨ᠎ᠢ ᠡᠰᠡᠷᠭᠦᠴᠡᠬᠦ ᠲᠠᠢᠨ ᠤ᠋ ᠠᠭᠤᠤ ᠶᠡᠬᠡ ᠵᠣᠷᠢᠭ᠋ ᠰᠠᠨᠠᠭ᠎ᠠ᠎ᠶᠢ ᠪᠠᠳᠠᠷᠠᠭᠤᠯᠬᠤ᠎ᠶᠢ ᠮᠣᠩᠭᠣᠯ ᠮᠣᠷᠢᠨ᠎ᠤ ᠵᠣᠷᠢᠭ᠋ ᠰᠠᠨᠠᠭ᠎ᠠ᠂ 《ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ᠋ ᠰᠠᠨᠠᠭ᠎ᠠ》᠎ᠶ᠋ᠢ ᠪᠠᠳᠠᠷᠠᠭᠤᠯᠬᠤ ᠯᠤᠭ᠎ᠠ ᠤᠶᠠᠯᠳᠤᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠦ ᠦᠵᠡᠯ ᠰᠠᠨᠠᠭᠠᠨ᠎ᠤ ᠵᠢᠯᠣᠭᠣᠳᠤᠯᠭ᠎ᠠ ᠪᠣᠯᠣᠨ ᠤᠬᠠᠭᠤᠯᠭ᠎ᠠ ᠵᠢᠯᠣᠭᠣᠳᠤᠯᠭ᠎ᠠ᠎ᠶᠢ ᠴᠢᠩᠭᠠᠳᠬᠠᠵᠤ᠂ ᠪᠦᠭᠦ ᠨᠡᠢᠭᠡᠮ᠎ᠳᠦ ᠰᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠬᠤ᠎ᠪᠠᠷ ᠴᠢᠷᠮᠠᠢᠬᠤ ᠬᠡᠷᠡᠭᠲᠡᠢ᠃ ᠬᠤᠪᠢᠰᠬᠠᠯ᠎ᠤᠨ ᠡᠬᠢ ᠪᠠᠶᠠᠯᠢᠭ᠋᠎ᠢ ᠠᠭᠤᠳᠠᠯᠤᠨ ᠠᠰᠢᠭ᠍ᠯᠠᠬᠤ ᠪᠠ ᠤᠬᠠᠭᠤᠯᠤᠨ ᠲᠠᠢᠯᠪᠤᠷᠢᠯᠠᠬᠤ᠎ᠶᠢ ᠴᠢᠩᠭᠠᠳᠬᠠᠵᠤ᠂ ᠥᠪᠥᠷ ᠮᠣᠩᠭᠣᠯ᠎ᠤᠨ ᠶᠠᠫᠤᠨ᠎ᠢ ᠡᠰᠡᠷᠭᠦᠴᠡᠬᠦ ᠲᠠᠢᠨ᠎ᠦ ᠦᠯᠢᠭᠡᠷ᠎ᠢ ᠰᠠᠢᠲᠤᠷ ᠶᠠᠷᠢᠵᠤ᠂ ᠶᠠᠫᠤᠨ᠎ᠢ ᠡᠰᠡᠷᠭᠦᠴᠡᠬᠦ ᠲᠠᠢᠨ ᠤ᠋ ᠠᠭᠤᠤ ᠶᠡᠬᠡ ᠵᠣᠷᠢᠭ᠋ ᠰᠠᠨᠠᠭ᠎ᠠ᠎ᠶᠢ ᠦᠶ᠎ᠡ᠎ᠶᠢᠨ ᠦᠶ᠎ᠡ᠎ᠳᠦ ᠤᠯᠠᠮᠵᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ ᠪᠦᠭᠦ ᠣᠷᠣᠨ᠎ᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠶᠡᠷᠦᠩᠬᠡᠢ ᠱᠦᠵᠢ ᠰᠢ ᠵᠢᠨ ᠫᠢᠩ ᠤ᠋ᠨ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤ᠋ᠨ ᠲᠤᠬᠠᠢ ᠴᠢᠬᠤᠯᠠ ᠵᠢᠭᠠᠪᠤᠷᠢ ᠵᠢᠨ ᠵᠣᠷᠢᠭ᠋ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠤᠨ ᠪᠠᠢᠷᠢᠯᠠᠭᠤᠯᠤᠯᠲᠠ ᠵᠢᠴᠢ ᠲᠥᠪ᠎ᠦᠨ ᠶᠢᠰᠦᠳᠦᠭᠡᠷ ᠵᠢᠯᠤᠭᠣᠳᠬᠤ ᠳᠤᠭᠤᠢᠯᠠᠩ᠎ᠤᠨ ᠱᠠᠭᠠᠷᠳᠠᠯᠭ᠎ᠠ ᠶᠣᠰᠣᠭᠠᠷ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠴᠥᠬᠥᠷᠡᠰᠢ ᠦᠭᠡᠢ ᠨᠠᠢᠳᠠᠪᠤᠷᠢᠵᠢᠭᠤᠯᠵᠤ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠤᠨ ᠣᠷᠳᠣ᠌ ᠬᠤᠭᠤᠴᠠᠭ᠎ᠠ ᠪᠦᠲᠦᠮᠵᠢᠲᠡᠶ ᠪᠠᠢᠯᠭᠠᠬᠤ᠎ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠯᠢᠳᠡᠭ ᠰᠤᠷᠲᠠᠯ᠎ᠢᠶᠠᠷ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠠᠵᠢᠯ ᠦᠢᠯᠡᠰ᠎ᠦᠨ ᠬᠥᠭᠵᠢᠯᠲᠡ᠎ᠶᠢᠨ ᠰᠢᠨ᠎ᠡ ᠪᠠᠢᠳᠠᠯ᠎ᠢ ᠲᠠᠰᠤᠷᠠᠯᠲᠠ ᠦᠭᠡᠢ ᠨᠡᠭᠡᠭᠡᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠵᠢᠯ ᠤ᠋ᠨ ᠡᠬᠢᠨ ᠡᠴᠡ ᠨᠠᠭᠠᠰᠢ᠂ ᠣᠷᠣᠨ ᠳᠠᠶᠠᠭᠠᠷ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠲᠠᠪᠤᠨ ᠶᠡᠬᠡ ᠡᠭᠦᠷᠭᠡ》᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠠᠮᠵᠢᠯᠲᠠ ᠪᠦᠲᠦᠮᠵᠢ ᠮᠠᠰᠢ ᠰᠠᠢᠨ ᠪᠠᠢᠨ᠎ᠠ᠃ ᠡᠷᠴᠢ ᠵᠣᠷᠢᠭ᠋᠎ᠢᠶᠠᠨ ᠬᠥᠪᠴᠢᠯᠡᠨ᠂ ᠴᠢᠷᠮᠠᠢᠭᠰᠠᠨ ᠳᠡᠭᠡᠷ᠎ᠡ᠎ᠪᠡᠨ ᠴᠢᠷᠮᠠᠢᠵᠤ᠂ ᠲᠣᠭᠲᠠᠭᠰᠠᠨ ᠪᠠᠢᠷᠢᠯᠠᠭᠤᠯᠤᠯᠲᠠ ᠶᠣᠰᠣᠭᠠᠷ ᠡᠯ᠎ᠡ ᠵᠦᠢᠯ᠎ᠦᠨ ᠡᠭᠦᠷᠭᠡ᠎ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠩ ᠤᠯᠠᠨ ᠦᠷ᠎ᠡ ᠪᠦᠲᠦᠭᠡᠯ ᠣᠯᠬᠤ᠎ᠪᠠᠷ ᠴᠢᠷᠮᠠᠢᠬᠤ ᠬᠡᠷᠡᠭᠲᠡᠢ᠃ ᠠᠰᠠᠭᠤᠳᠠᠯ᠎ᠢ ᠴᠡᠭᠴᠡᠯᠡᠨ᠂ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠡᠯ᠎ᠡ ᠲᠦᠷᠦᠯ᠎ᠦᠨ ᠬᠢᠨᠠᠯᠲᠠ ᠪᠠᠢᠴᠠᠭᠠᠯᠲᠠ᠎ᠳᠤ ᠢᠯᠡᠷᠡᠭᠦᠯᠦᠭᠰᠡᠨ ᠠᠰᠠᠭᠤᠳᠠᠯ ᠵᠢᠴᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ᠎ᠢ ᠴᠥᠮ 《ᠠᠯᠳᠠᠭ᠎ᠠ ᠪᠤᠷᠤᠭᠤ᠎ᠪᠠᠨ ᠵᠠᠯᠠᠷᠠᠭᠤᠯᠬᠤ ᠨᠢ ᠴᠦ᠍ ᠥᠭᠡᠷᠡᠴᠢᠯᠡᠯᠲᠡ ᠮᠥᠨ》 ᠭᠡᠬᠦ ᠣᠪᠣᠷ ᠪᠠ ᠯᠠᠪᠲᠠᠢ ᠰᠢᠢᠳᠪᠦᠷᠢᠯᠡᠬᠦ ᠠᠷᠭ᠎ᠠ ᠪᠠᠢᠬᠤ ᠰᠡᠳᠬᠢᠬᠦᠢ᠎ᠪᠡᠷ ᠰᠢᠢᠳᠪᠦᠷᠢᠯᠡᠬᠦ᠎ᠶᠢ ᠠᠬᠢᠭᠤᠯᠬᠤ ᠬᠡᠷᠡᠭᠲᠡᠢ᠃ ᠲᠤᠯᠭᠠᠮ ᠰᠡᠳᠬᠢᠯᠭᠡ᠎ᠪᠡᠨ ᠴᠢᠩᠭᠠᠳᠬᠠᠵᠤ᠂ ᠴᠠᠭ᠎ᠢ ᠠᠮᠵᠢᠨ᠂ ᠠᠬᠢᠴᠠ᠎ᠪᠠᠨ ᠲᠦᠷᠭᠡᠳᠬᠡᠵᠦ᠂ ᠠᠵᠢᠯ᠎ᠤᠨ ᠦᠷ᠎ᠡ ᠪᠦᠲᠦᠮᠵᠢ᠎ᠪᠡᠨ ᠦᠨᠡᠨ ᠬᠦ᠌ ᠳᠡᠭᠡᠭᠰᠢᠯᠡᠭᠦᠯᠭᠦ ᠬᠡᠷᠡᠭᠲᠡᠢ᠂ ᠢᠯᠠᠩᠭᠤᠶ᠎ᠠ ᠴᠢᠬᠤᠯᠠ ᠶᠡᠬᠡ ᠲᠦᠷᠦᠯ ᠵᠦᠢᠯ᠎ᠢ ᠬᠢᠨᠠᠨ ᠵᠥᠪᠰᠢᠶᠡᠷᠡᠬᠦ ᠠᠬᠢᠴᠠ᠎ᠶᠢ ᠲᠦᠷᠭᠡᠳᠬᠡᠵᠦ᠂ ᠲᠦᠷᠦᠯ ᠵᠦᠢᠯ᠎ᠢ ᠪᠠᠷᠢᠯᠭ᠎ᠠ ᠡᠬᠢᠯᠡᠭᠦᠯᠬᠦ ᠶᠣᠰᠣᠲᠠᠢ᠎ᠶᠢ ᠨᠢ ᠪᠦᠭᠦᠨ᠎ᠢ ᠡᠬᠢᠯᠡᠭᠦᠯᠵᠦ᠂ ᠠᠯᠢ ᠲᠦᠷᠭᠡᠨ᠎ᠢᠶᠡᠷ ᠪᠦᠲᠦᠭᠡᠨ ᠪᠠᠢᠭᠤᠯᠤᠨ ᠳᠠᠭᠤᠰᠬᠠᠵᠤ ᠠᠰᠢᠭ᠍ᠯᠠᠯᠲᠠ᠎ᠳᠤ ᠣᠷᠣᠭᠤᠯᠬᠤ᠎ᠶᠢ ᠠᠬᠢᠭᠤᠯᠬᠤ ᠬᠡᠷᠡᠭᠲᠡᠢ᠃ ᠰᠢᠨ᠎ᠡ ᠳᠠᠢᠯᠠᠯᠳᠤᠭᠠᠨ ᠤ᠋ ᠲᠠᠯᠠᠪᠤᠷ᠎ᠢ ᠱᠠᠯᠠᠪᠳᠠᠭᠤᠯᠤᠨ ᠨᠡᠭᠡᠭᠡᠵᠦ᠂ ᠴᠥᠮ᠎ᠡ᠎ᠶᠢᠨ ᠡᠨᠧᠷᠭᠢ᠂ ᠠᠭᠠᠷ᠎ᠤᠨ ᠠᠶᠠᠯᠠᠯ᠎ᠢᠶᠡᠷ ᠬᠦᠢᠰᠦ ᠪᠤᠯᠭᠠᠬ᠍ᠰᠠᠨ ᠠᠵᠤ ᠠᠬᠤᠢ᠂ ᠪᠣᠬᠢᠷᠳᠤᠯ ᠦᠭᠡᠢ ᠤᠰᠤᠲᠥ᠋ᠷᠥᠭᠴᠢ ᠪᠣᠬᠢᠷᠳᠤᠯ ᠦᠭᠡᠢ ᠰᠢᠪᠲᠦᠷ ᠂ ᠪᠣᠳᠣᠯᠲᠠ ᠵᠢᠨ ᠬᠦᠴᠦᠨ ᠵᠡᠷᠭᠡ ᠠᠵᠤ ᠦᠢᠯᠡᠰ᠎ᠦᠨ ᠬᠥᠭᠵᠢᠯᠲᠡ᠎ᠶᠢᠨ ᠲᠠᠯ᠎ᠠ᠎ᠪᠠᠷ ᠠᠯᠢ ᠲᠦᠷᠭᠡᠨ᠎ᠢᠶᠡᠷ ᠮᠥᠨ ᠴᠢᠨᠠᠷ᠎ᠤᠨ ᠰᠢᠪᠲᠤᠯᠤᠯᠲᠠ ᠭᠠᠷᠭᠠᠬᠤ ᠬᠡᠷᠡᠭᠲᠡᠢ᠃ ᠡᠮᠬᠢ ᠵᠠᠮᠪᠠᠷᠠᠭ᠎ᠠ ᠦᠭᠡᠢ ᠦᠵᠡᠭᠳᠡᠯ᠎ᠢ ᠵᠠᠰᠠᠵᠤ᠂ ᠠᠮᠢ ᠠᠬᠤᠢ᠂ ᠵᠠᠬᠢᠳᠠᠯ ᠰᠤᠷᠪᠤᠯᠵᠢᠯᠠᠯ᠂ ᠵᠢᠭᠤᠯᠴᠢᠯᠠᠯ᠂ ᠦᠨᠳᠦᠰᠦᠨ ᠱᠠᠲᠤᠨ᠎ᠤ ᠵᠠᠰᠠᠯᠲᠠ ᠵᠡᠷᠭᠡ ᠬᠦᠷᠢᠶᠡᠨ᠎ᠳᠦ ᠣᠷᠣᠰᠢᠵᠤ ᠪᠠᠢᠭ᠎ᠠ ᠡᠯ᠎ᠡ ᠵᠦᠢᠯ᠎ᠦᠨ ᠳᠦᠷᠢᠮ᠎ᠢ ᠦᠯᠦ ᠬᠠᠢᠬᠤᠷᠬᠤ᠂ ᠡᠮᠬᠢ ᠳᠢᠭ᠌ᠯᠢᠮ ᠦᠭᠡᠢ ᠠᠵᠢᠯᠯᠠᠬᠤ ᠪᠠᠢᠳᠠᠯ᠎ᠳᠤ ᠴᠢᠭᠯᠡᠭᠦᠯᠦᠨ ᠶᠡᠬᠡᠪᠡᠷ ᠴᠡᠭᠴᠡᠯᠡᠨ ᠵᠠᠰᠠᠬᠤ ᠬᠡᠷᠡᠭᠲᠡᠢ᠃ ᠪᠦᠭᠦ ᠬᠦᠴᠦᠨ᠎ᠢᠶᠡᠨ ᠲᠥᠪᠯᠡᠷᠡᠭᠦᠯᠦᠨ ᠡᠯ᠎ᠡ ᠬᠦᠷᠢᠶᠡᠨ᠎ᠳᠠᠬᠢ ᠠᠵᠢᠯ᠎ᠤᠨ ᠳᠤᠮᠳᠠ᠎ᠪᠠᠨ ᠬᠥᠮᠥᠰ᠎ᠢ ᠤᠷᠮᠠᠰᠢᠭᠤᠯᠤᠨ ᠵᠣᠷᠢᠭ᠍ᠵᠢᠭᠤᠯᠬᠤ᠂ ᠡᠷᠴᠢ ᠵᠣᠷᠢᠭ᠋᠎ᠢ ᠬᠥᠪᠴᠢᠯᠡᠬᠦ ᠨᠡᠩ ᠤᠯᠠᠨ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ᠎ᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃