ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠥᠪᠥᠷ ᠮᠣᠩᠭᠣᠯ ᠬᠥᠳᠡᠯᠮᠦᠷᠢ᠎ᠶᠢᠨ ᠬᠠᠤᠯᠢ ᠴᠠᠭᠠᠵᠠ᠎ᠶᠢᠨ ᠬᠢᠨᠠᠯᠲᠠ ᠲᠠᠯᠪᠢᠬᠤ ᠰᠠᠨᠠᠭᠤᠯᠤᠮᠵᠢ᠎ᠶᠢᠨ ᠵᠠᠬᠢᠳᠠᠯ ᠪᠠᠭᠤᠯᠭᠠᠵᠤ  ᠴᠠᠯᠢᠩ ᠥᠷᠢᠲᠦᠬᠦ ᠦᠢᠯᠡ ᠠᠵᠢᠯᠯᠠᠭ᠎ᠠ᠎ᠶᠢ ᠰᠡᠷᠭᠡᠢᠯᠡᠨ  ᠠᠶᠤᠯ ᠦᠭᠡᠢ ᠦᠢᠯᠡᠳᠪᠦᠷᠢᠯᠡᠯ᠎ᠦᠨ ᠡᠨᠳᠡᠯ ᠭᠠᠷᠬᠤ᠎ᠶᠢ ᠬᠣᠷᠢᠭᠯᠵᠤ ᠪᠣᠢ
ᠨᠡᠶ᠋ᠢᠲᠡᠯᠡᠭᠰᠡᠨ ᠴᠠᠭ᠄ 2026-01-04

ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠬᠥᠳᠡᠯᠮᠦᠷᠢ᠎ᠶᠢᠨ ᠬᠠᠤᠯᠢ ᠴᠠᠭᠠᠵᠠ᠎ᠶᠢᠨ ᠬᠢᠨᠠᠯᠲᠠ ᠲᠠᠯᠪᠢᠬᠤ ᠵᠥᠪᠯᠡᠯ ᠬᠥᠳᠡᠯᠮᠦᠷᠢ᠎ᠶᠢᠨ ᠬᠠᠤᠯᠢ ᠴᠠᠭᠠᠵᠠ᠎ᠶᠢᠨ ᠬᠢᠨᠠᠯᠲᠠ ᠲᠠᠯᠪᠢᠬᠤ ᠰᠠᠨᠠᠭᠤᠯᠤᠮᠵᠢ᠎ᠶᠢᠨ ᠵᠠᠬᠢᠳᠠᠯ ᠪᠠᠭᠤᠯᠭᠠᠵᠤ᠂ ᠬᠠᠮᠢᠶ᠎ᠠ ᠪᠦᠬᠦᠢ ᠬᠥᠳᠡᠯᠮᠦᠷᠢ᠎ᠶᠢᠨ ᠬᠠᠤᠯᠢ ᠴᠠᠭᠠᠵᠠ ᠬᠠᠤᠯᠢ ᠲᠣᠭᠲᠠᠭᠠᠯ᠎ᠢ ᠴᠢᠩᠭ᠎ᠠ ᠨᠠᠢᠳᠠᠪᠤᠷᠢᠵᠢᠭᠤᠯᠵᠤ᠂ ᠴᠠᠯᠢᠩ ᠥᠷᠢᠲᠦᠬᠦ ᠦᠢᠯᠡ ᠠᠵᠢᠯᠯᠠᠭ᠎ᠠ᠎ᠶᠢ ᠰᠡᠷᠭᠡᠢᠯᠡᠨ᠂ ᠠᠶᠤᠯ ᠦᠭᠡᠢ ᠦᠢᠯᠡᠳᠪᠦᠷᠢᠯᠡᠯ᠎ᠦᠨ ᠡᠨᠳᠡᠯ ᠭᠠᠷᠬᠤ᠎ᠶᠢ ᠬᠣᠷᠢᠭ᠍ᠯᠠᠬᠤ ᠲᠤᠬᠠᠢ ᠬᠥᠮᠥᠨ ᠬᠡᠷᠡᠭᠯᠡᠬᠦ ᠡᠯ᠎ᠡ ᠨᠢᠭᠡᠴᠢ᠎ᠶᠢᠨ ᠬᠢᠨ᠎ᠢ ᠰᠠᠨᠠᠭᠤᠯᠪᠠ᠃

ᠴᠠᠯᠢᠩ ᠣᠯᠭᠣᠭᠰᠠᠨ ᠪᠠᠢᠳᠠᠯ᠎ᠢᠶᠠᠨ ᠥᠪᠡᠰᠦᠪᠡᠨ ᠪᠠᠢᠴᠠᠭᠠᠬᠤ᠎ᠶᠢ ᠪᠥᠬᠥ ᠲᠠᠯ᠎ᠠ᠎ᠪᠠᠷ ᠥᠷᠨᠢᠭᠦᠯᠵᠦ᠂ ᠴᠠᠯᠢᠩ ᠥᠷᠢᠲᠦᠬᠦ ᠲᠦᠭᠰᠢᠭᠦᠷᠢ᠎ᠶᠢᠨ ᠴᠡᠭ᠎ᠢ ᠰᠠᠨᠠᠭᠠᠴᠢᠯᠠᠭ᠎ᠠ᠎ᠠᠴᠠ᠎ᠪᠠᠨ ᠵᠢᠭ᠍ᠰᠠᠭᠠᠨ ᠪᠠᠢᠴᠠᠭᠠᠬᠤ᠎ᠶᠢᠨ ᠬᠠᠮᠲᠤ ᠴᠡᠭᠴᠡᠯᠡᠨ ᠵᠠᠰᠠᠵᠤ᠂ ᠬᠥᠳᠡᠯᠮᠦᠷᠢ᠎ᠶᠢᠨ ᠬᠠᠤᠯᠢ ᠴᠠᠭᠠᠵᠠ ᠬᠠᠤᠯᠢ ᠲᠣᠭᠲᠠᠭᠠᠯ᠎ᠢ ᠲᠦᠭᠡᠮᠡᠯᠵᠢᠭᠦᠯᠵᠦ ᠤᠬᠠᠭᠤᠯᠬᠤ᠎ᠶᠢ ᠴᠢᠩᠭᠠᠳᠬᠠᠬᠤ ᠬᠡᠷᠡᠭᠲᠡᠢ; ᠴᠠᠯᠢᠩ᠎ᠤᠨ ᠲᠠᠯ᠎ᠠ᠎ᠪᠠᠷ ᠮᠠᠷᠭᠤᠯᠳᠤᠭᠠᠨ ᠭᠠᠷᠪᠠᠯ᠂ ᠤᠷᠢᠳ᠎ᠢᠶᠠᠷ ᠵᠥᠪᠳᠡᠯᠴᠡᠵᠦ ᠪᠠᠢᠭᠠᠳ ᠵᠥᠷᠢᠴᠡᠯ᠎ᠢ ᠰᠢᠢᠳᠪᠦᠷᠢᠯᠡᠨ᠎ᠡ; ᠬᠥᠮᠥᠨ ᠬᠡᠷᠡᠭᠯᠡᠬᠦ ᠨᠢᠭᠡᠴᠢ᠎ᠶᠢᠨ ᠬᠢᠨ᠎ᠦ ᠬᠠᠤᠯᠢ ᠲᠣᠭᠲᠠᠭᠠᠯ᠎ᠠᠴᠠ ᠵᠥᠷᠢᠴᠡᠭᠰᠡᠨ᠎ᠢ ᠬᠥᠳᠡᠯᠮᠦᠷᠢᠴᠢᠨ ᠣᠯᠵᠤ ᠮᠡᠳᠡᠪᠡᠯ᠂  《12351》 ᠠᠵᠢᠯᠲᠠᠨ ᠠᠵᠢᠯᠴᠢᠨ᠎ᠤ ᠦᠢᠯᠡᠴᠢᠯᠡᠭᠡᠨ᠎ᠦ ᠬᠠᠯᠠᠮᠰᠢᠯ ᠤᠲᠠᠰᠤ᠎ᠪᠠᠷ ᠲᠤᠰᠬᠠᠵᠤ ᠪᠣᠯᠣᠨ᠎ᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ