ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠥᠪᠥᠷ ᠮᠣᠩᠭᠣᠯ ᠬᠡᠦᠬᠡᠳ᠎ᠦᠨ ᠠᠰᠠᠷᠠᠮᠵᠢ᠎ᠶᠢᠨ ᠳᠦᠷᠢᠮ᠎ᠦᠨ ᠲᠣᠭᠲᠠᠴᠠ᠎ᠶᠢ ᠲᠡᠭᠦᠯᠳᠡᠷᠵᠢᠭᠦᠯᠵᠦ  ᠪᠠᠲᠤᠯᠠᠭ᠎ᠠ᠎ᠶᠢᠨ ᠪᠠᠷᠢᠮᠵᠢᠶ᠎ᠠ 20%᠎ᠡᠴᠡ ᠳᠡᠭᠡᠭᠰᠢ ᠥᠰᠪᠡ
ᠨᠡᠶ᠋ᠢᠲᠡᠯᠡᠭᠰᠡᠨ ᠴᠠᠭ᠄ 2026-01-04

ᠣᠳᠣᠬᠠᠨ᠎ᠳᠤ᠂ ᠪᠥᠬᠥ ᠣᠷᠣᠨ᠎ᠤ ᠲᠥᠪᠯᠡᠷᠡᠩᠭᠦᠢ ᠥᠰᠬᠡᠨ ᠬᠥᠮᠥᠵᠢᠭᠦᠯᠬᠦ ᠪᠠ ᠲᠥᠪᠯᠡᠷᠡᠩᠭᠦᠢ ᠪᠤᠰᠤ ᠥᠰᠬᠡᠨ ᠬᠥᠮᠥᠵᠢᠭᠦᠯᠬᠦ᠎ᠶᠢᠨ ᠪᠠᠲᠤᠯᠠᠭ᠎ᠠ᠎ᠶᠢᠨ ᠳᠤᠮᠳᠠᠴᠢ ᠪᠠᠷᠢᠮᠵᠢᠶ᠎ᠠ᠎ᠶᠢ ᠲᠣᠰ ᠲᠣᠰ ᠰᠠᠷ᠎ᠠ ᠪᠦᠷᠢ 2237 ᠲᠥᠭᠥᠷᠢᠭ ᠪᠠ 1899 ᠲᠥᠭᠥᠷᠢᠭ ᠪᠣᠯᠭᠠᠭᠰᠠᠨ᠎ᠢᠶᠠᠷ᠂ 《ᠠᠷᠪᠠᠨ ᠭᠤᠷᠪᠠᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠡᠴᠦᠰ᠎ᠦᠨ ᠬᠢ᠎ᠡᠴᠡ ᠴᠥᠮ 20%᠎ᠠᠴᠠ ᠳᠡᠭᠡᠭᠰᠢ ᠥᠰᠪᠡ᠃

ᠬᠣᠰᠢᠭᠤ ᠰᠢᠶᠠᠨ᠎ᠤ ᠱᠠᠲᠤᠨ᠎ᠤ ᠨᠠᠰᠤᠨ᠎ᠳᠤ ᠦᠯᠦ ᠬᠦᠷᠦᠭᠰᠡᠳ᠎ᠢ ᠬᠠᠮᠠᠭᠠᠯᠠᠬᠤ ᠪᠠᠢᠭᠤᠯᠤᠮᠵᠢ᠎ᠶᠢ ᠬᠠᠮᠤᠷᠤᠭᠰᠠᠨ ᠨᠣᠷᠮ᠎ᠠ 2020 ᠣᠨ᠎ᠳᠤ 48.5% ᠪᠠᠢᠭᠰᠠᠨ᠎ᠠᠴᠠ 84.5% ᠪᠣᠯᠲᠠᠯ᠎ᠠ ᠳᠡᠭᠡᠭᠰᠢᠯᠡᠵᠦ᠂ ᠰᠤᠮᠤ ᠰᠢᠶᠠᠩ ᠪᠠᠯᠭᠠᠰᠤ (ᠵᠡᠭᠡᠯᠢ ᠭᠤᠳᠤᠮᠵᠢ)᠎ᠶᠢᠨ ᠨᠠᠰᠤᠨ᠎ᠳᠤ ᠦᠯᠦ ᠬᠦᠷᠦᠭᠰᠡᠳ᠎ᠢ ᠬᠠᠮᠠᠭᠠᠯᠠᠬᠤ ᠥᠷᠲᠡᠭᠡ᠎ᠶᠢ ᠬᠠᠮᠤᠷᠤᠭᠰᠠᠨ ᠨᠣᠷᠮ᠎ᠠ 98%᠎ᠳᠤ ᠬᠦᠷᠴᠦ᠂ ᠰᠤᠮᠤ ᠰᠢᠶᠠᠩ ᠪᠠᠯᠭᠠᠰᠤ (ᠵᠡᠭᠡᠯᠢ ᠭᠤᠳᠤᠮᠵᠢ)᠎ᠶᠢᠨ ᠬᠡᠦᠬᠡᠳ᠎ᠦᠨ ᠬᠢᠨᠠᠨ ᠵᠢᠯᠣᠭᠣᠳᠤᠭ᠍ᠴᠢ᠂ ᠭᠠᠴᠠᠭ᠎ᠠ ᠲᠣᠰᠬᠣᠨ (ᠰᠠᠭᠤᠭᠠᠯᠢ ᠠᠷᠠᠳ᠎ᠤᠨ ᠲᠣᠭᠣᠷᠢᠭ᠋)᠎ᠤ ᠬᠡᠦᠬᠡᠳ᠎ᠦᠨ ᠡᠷᠬᠢᠯᠡᠭᠴᠢ 1.5 ᠲᠦᠮᠡ ᠭᠠᠷᠤᠢ ᠬᠥᠮᠥᠰ ᠡᠷᠦᠬᠡ᠎ᠳᠦ ᠬᠦᠷᠴᠦ ᠰᠤᠷᠪᠤᠯᠵᠢᠯᠠᠭᠰᠠᠨ ᠪᠠ ᠦᠢᠯᠡᠴᠢᠯᠡᠭᠡ ᠪᠠᠲᠤᠯᠠᠭ᠎ᠠ᠎ᠪᠠᠨ ᠨᠠᠩ ᠴᠠᠭ ᠲᠤᠬᠠᠢ᠎ᠳᠤ ᠨᠢ ᠪᠡᠶᠡᠯᠡᠭᠦᠯᠵᠦ᠂ ᠨᠡᠩ ᠥᠨᠳᠥᠷ ᠦᠷ᠎ᠡ ᠪᠦᠲᠦᠮᠵᠢ᠎ᠲᠠᠢ ᠪᠣᠯᠭᠠᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ