ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠥᠪᠥᠷ ᠮᠣᠩᠭᠣᠯ 5323 ᠲᠦᠮᠡᠨ ᠲᠥᠭᠥᠷᠢᠭ ᠪᠠᠭᠤᠯᠭ᠋ᠠᠵᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠦᠨ 63 ᠣᠷᠳᠣᠨ᠎ᠤ ᠲᠥᠯᠥᠪᠦᠷᠢ ᠦᠭᠡᠶ᠎ᠪᠠᠷ ᠨᠡᠭᠡᠭᠡᠯᠲᠡ ᠬᠢᠬᠦ᠎ᠶᠢ ᠪᠠᠲᠤᠯᠠᠪᠠ
ᠨᠡᠶ᠋ᠢᠲᠡᠯᠡᠭᠰᠡᠨ ᠴᠠᠭ᠄ 2026-01-07

ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠤᠢ᠌ᠯᠠᠭ᠋ᠠᠭᠰᠠᠨ᠎ᠢᠶᠠᠷ᠂ ᠣᠯᠠᠨ ᠨᠡᠢ᠌ᠲᠡ᠎ᠳᠤ ᠰᠢᠨᠵᠢᠯᠡᠬᠦ ᠣᠬᠠᠭ᠋ᠠᠨ᠎ᠢ ᠲᠦᠭᠡᠮᠡᠯᠵᠢᠭᠦᠯᠬᠦ ᠦᠢ᠍ᠯᠡᠴᠢᠯᠡᠭᠡᠨ᠎ᠤ ᠴᠢᠳᠠᠪᠤᠷᠢ᠎ᠶᠢ ᠦᠷᠭᠦᠯᠵᠢᠯᠡᠨ ᠳᠡᠭᠡᠭᠰᠢᠯᠡᠭᠦᠯᠬᠦ᠎ᠶᠢᠨ ᠲᠥᠯᠥᠭᠡ᠂ ᠣᠢ᠌ᠷ᠎ᠠ᠎ᠶᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠨᠡᠢ᠌ᠭᠡᠮᠯᠢᠭ ᠯᠤᠭᠡ ᠬᠠᠮᠲᠣᠷᠠᠭ᠋ᠠᠳ 2026 ᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠣᠷᠳᠣᠨ᠎ᠤ ᠲᠦᠯᠥᠪᠤᠷᠢ ᠦᠭᠡᠢ᠎ᠪᠠᠷ ᠨᠡᠭᠡᠭᠡᠬᠦ ᠨᠥᠬᠥᠪᠥᠷᠢ ᠪᠡᠯᠡ ᠮᠥᠩᠭᠥ᠎ᠶᠢ 5323 ᠲᠦᠮᠡᠨ ᠲᠥᠭᠥᠷᠢᠭ ᠤᠷᠢᠳᠴᠢᠯᠠᠨ ᠪᠠᠭᠤᠯᠭ᠋ᠠᠵᠤ᠂ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ 63 ᠣᠷᠳᠣᠨ᠎ᠤ ᠬᠡᠪ᠎ᠤᠨ ᠠᠵᠢᠯᠯᠠᠭ᠋ᠠᠨ ᠪᠠ ᠲᠥᠯᠥᠪᠦᠷᠢ ᠦᠭᠡᠢ᠎ᠪᠠᠷ ᠨᠡᠭᠡᠭᠡᠯᠲᠡ ᠬᠢᠬᠦ᠎ᠳᠦ ᠡᠳ᠋᠎ᠤᠨ ᠬᠦᠴᠦᠨ᠎ᠤ ᠪᠠᠲᠤᠯᠠᠭ᠎ᠠ ᠬᠠᠩᠭ᠋ᠠᠪᠠ᠃

ᠡᠨᠡ ᠬᠦ᠌ ᠤᠳᠠᠭ᠋ᠠᠨ᠎ᠤ ᠪᠠᠯᠠ ᠮᠥᠩᠭᠦ᠎ᠶᠢ ᠪᠠᠭᠤᠯᠭ᠋ᠠᠭᠰᠠᠨ᠎ᠨᠢ᠂ ᠡᠳ᠋᠎ᠤᠨ ᠵᠠᠰᠠᠭ᠎ᠤᠨ ᠪᠠᠯᠠ ᠮᠦᠩᠬᠦᠨ᠎ᠦ 《ᠠᠷᠠᠳ᠎ᠠᠴᠠ ᠬᠤᠷᠢᠶᠠᠵᠤ᠂ ᠠᠷᠠᠳ᠎ᠲᠤ ᠬᠡᠷᠡᠭᠯᠡᠬᠦ》 ᠲᠦᠭᠡᠮᠡᠯ ᠬᠠᠷᠠᠭ᠋ᠠᠯᠵᠠᠯ᠎ᠤᠨ ᠤᠳᠤᠷᠢᠳᠤᠮᠵᠢ᠎ᠶᠢ ᠭᠦᠢ᠍ᠴᠡᠳ ᠢᠯᠡᠷᠡᠭᠦᠯᠪᠡ᠃ ᠣᠶ᠋ᠢᠯᠠᠭ᠋ᠠᠭᠰᠠᠨ᠎ᠢᠶᠠᠷ᠂ ᠨᠥᠬᠦᠪᠥᠷᠢ ᠪᠠᠯᠠ ᠮᠥᠩᠭᠦ᠎ᠶᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠣᠷᠳᠣᠨ᠎ᠤ ᠡᠳᠦᠷ ᠲᠤᠲᠤᠮ᠎ᠤᠨ ᠠᠵᠢᠯᠯᠠᠭᠣᠯᠣᠨ ᠪᠠᠲᠣᠯᠠᠬᠣ᠂ ᠰᠢᠨᠵᠢᠯᠡᠬᠦ  ᠣᠬᠠᠭ᠋ᠠᠨ᠎ᠢ ᠲᠦᠭᠡᠮᠡᠯᠵᠢᠭᠦᠯᠬᠦ ᠳᠡᠯᠭᠡᠨ ᠦᠵᠡᠭᠦᠯᠭᠡ ᠵᠢᠭ᠋ᠠᠨ ᠰᠤᠷᠭ᠋ᠠᠯᠲᠠ᠎ᠶᠢᠨ ᠲᠥᠬᠦᠭᠡᠷᠦᠮᠵᠢ᠎ᠶᠢ ᠰᠢᠨᠡᠳᠬᠡᠬᠦ᠂ ᠠᠮᠤᠷ ᠲᠦᠪᠰᠢᠨ᠎ᠤ ᠰᠡᠷᠭᠡᠶ᠋ᠢᠯᠡᠨ ᠬᠠᠮᠠᠭ᠋ᠠᠯᠠᠬᠤ ᠪᠠᠲᠤᠯᠠᠭ᠎ᠠ ᠵᠢᠴᠢ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠬᠦ᠎ᠶᠢ ᠳᠡᠮᠵᠢᠬᠦ ᠵᠡᠷᠭᠡ᠎ᠳᠤ ᠭᠤᠤᠯᠳᠠᠯᠭ᠎ᠠ᠎ᠲᠠᠢ ᠬᠡᠷᠡᠭᠯᠡᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠣᠷᠳᠣᠨ᠎ᠤ ᠲᠦᠯᠥᠪᠤᠷᠢ ᠥᠬᠡᠶ᠎ᠪᠠᠷ ᠨᠡᠭᠡᠭᠡᠬᠦ ᠦᠷᠭᠦᠯᠵᠢᠯᠡᠬᠦᠢᠴᠡ ᠦᠢ᠍ᠯᠡᠴᠢᠯᠡᠭᠡ᠎ᠶᠢ ᠳᠡᠮᠵᠢᠬᠦ᠎ᠪᠠᠷ ᠳᠠᠮᠵᠢᠭᠤᠯᠤᠨ᠂ ᠰᠢᠨᠵᠢᠯᠡᠬᠦ ᠣᠬᠠᠭ᠋ᠠᠨ᠎ᠢ ᠲᠦᠭᠡᠮᠡᠯᠵᠢᠭᠦᠯᠬᠦ ᠴᠢᠨᠠᠷ ᠰᠠᠶ᠋ᠢᠲᠠᠶ ᠡᠬᠢ ᠪᠠᠶᠠᠯᠢᠭ᠎ᠤᠨ ᠬᠠᠮᠤᠷᠬᠤ ᠬᠡᠪᠴᠢᠶ᠎ᠡ᠎ᠶᠢ ᠪᠦᠲᠦᠮᠵᠢᠲᠡᠶ ᠦᠷᠭᠡᠳᠭᠡᠪᠡ᠃ ᠨᠦᠭᠦᠪᠦᠷᠢ ᠪᠡᠯᠡ ᠮᠥᠩᠭᠦ ᠵᠢ ᠤᠷᠢᠳᠴᠢᠯᠠᠨ ᠪᠠᠭᠣᠯᠭ᠋ᠠᠭᠰᠠᠨ ᠨᠢ᠂ ᠪᠦᠬᠦ ᠣᠷᠣᠨ᠎ᠤ ᠡᠯ᠎ᠡ ᠱᠠᠲᠤᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠣᠷᠳᠣᠨ᠎ᠤ ᠦᠵᠡᠭᠦᠯᠭᠡ᠎ᠶᠢᠨ ᠲᠢᠩᠬᠢᠮ᠎ᠢ ᠰᠢᠯᠢᠳᠡᠭᠵᠢᠭᠦᠯᠬᠦ᠂ ᠳᠡᠯᠭᠡᠨ ᠦᠵᠡᠭᠦᠯᠬᠦ ᠪᠣᠳᠠᠰ᠎ᠤᠨ ᠦᠶ᠎ᠡ ᠰᠣᠯᠢᠭᠳᠠᠯ ᠪᠠ ᠰᠢᠨᠵᠢᠯᠡᠬᠦ ᠣᠬᠠᠭ᠋ᠠᠨ᠎ᠢ ᠲᠦᠭᠡᠮᠡᠯᠵᠢᠭᠦᠯᠬᠦ  ᠣᠨᠴᠠᠯᠢᠭᠲᠣ ᠲᠥᠷᠥᠯ ᠵᠦᠢ᠍ᠯ᠎ᠤᠨ ᠲᠥᠯᠥᠪᠵᠢᠭᠦᠯᠭᠡ᠎ᠶᠢ ᠯᠠᠪᠳᠠᠭᠤᠨ᠎ᠢᠶᠠᠷ ᠠᠬᠢᠭᠤᠯᠵᠤ᠂ ᠰᠢᠨ᠎ᠡ ᠨᠢᠭᠡ ᠵᠢᠯ᠎ᠤᠨ ᠰᠢᠨᠵᠢᠯᠡᠬᠦ ᠣᠬᠠᠭ᠋ᠠᠨ᠎ᠢ ᠲᠦᠭᠡᠮᠡᠯᠵᠢᠭᠦᠯᠬᠦ ᠦᠢ᠍ᠯᠡᠴᠢᠯᠡᠭᠡᠨ᠎ᠤ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠎ᠳᠤ ᠨᠢ ᠰᠠᠭᠤᠷᠢ ᠲᠠᠯᠪᠢᠵᠤ᠂ ᠰᠢᠨᠵᠢᠯᠡᠬᠦ ᠣᠬᠠᠭ᠋ᠠᠨ᠎ᠢ ᠲᠦᠭᠡᠮᠡᠯᠵᠢᠭᠦᠯᠬᠦ ᠲᠠᠯᠠᠪᠣᠷ ᠣᠷᠳᠣᠨ᠎ᠤ ᠡᠳᠦᠷ ᠲᠤᠲᠤᠮ᠎ᠤᠨ ᠠᠵᠢᠯᠯᠠᠭ᠋ᠠᠨ᠎ᠢ ᠤᠯᠠᠮ ᠨᠢᠭᠡ ᠠᠯᠬᠤᠮ ᠪᠠᠲᠣᠯᠠᠪᠠ᠃

《ᠲᠠᠷᠠᠭ᠋ᠠᠴᠢ᠎ᠶᠢᠨ ᠠᠯᠬᠤᠮ᠎ᠳᠤ᠂ ᠪᠢᠳᠡ ᠠᠮᠵᠢᠯᠲᠠ ᠪᠦᠲᠦᠮᠵᠢ᠎ᠪᠠᠷ ᠤᠳᠤᠷᠢᠳᠤᠮᠵᠢ ᠪᠣᠯᠭ᠋ᠠᠬᠤ ᠪᠠ ᠪᠡᠯᠡ ᠮᠦᠩᠬᠦᠨ᠎ᠦ ᠬᠢᠨᠠᠯᠲᠠ ᠬᠠᠮᠢᠶᠠᠷᠤᠯᠲᠠ᠎ᠶᠢ ᠤᠯᠠᠮ ᠨᠢᠭᠡ ᠠᠯᠬᠤᠮ ᠴᠢᠩᠭ᠋ᠠᠷᠠᠭᠣᠯᠵᠣ᠂ ᠨᠥᠬᠦᠪᠥᠷᠢ ᠪᠡᠯᠡ ᠮᠥᠩᠭᠦ᠎ᠶᠢ ᠣᠨᠣᠴᠠᠲᠠᠢ ᠣᠷᠣᠭᠣᠯᠵᠣ᠂ ᠵᠢᠷᠤᠮᠵᠢᠭᠤᠯᠤᠨ ᠬᠡᠷᠡᠭᠯᠡᠬᠦ᠎ᠶᠢ ᠦᠨᠡᠨ ᠬᠦ᠌ ᠪᠠᠲᠤᠯᠠᠵᠤ᠂ ᠠᠷᠠᠳ ᠤᠯᠠᠨ᠎ᠤ ᠰᠢᠨᠵᠢᠯᠡᠬᠦ ᠤᠬᠠᠭ᠋ᠠᠨ ᠰᠣᠶᠣᠯ᠎ᠤᠨ ᠬᠦᠷᠢᠶᠡᠨ᠎ᠳᠠᠬᠢ ᠬᠦᠷᠲᠡᠮᠵᠢ᠎ᠶᠢᠨ ᠲᠦᠷᠦᠭᠳᠡᠯ᠎ᠢ ᠨᠡᠮᠡᠭᠳᠡᠭᠦᠯᠦᠨ᠎ᠡ᠃》 ᠭᠡᠵᠦ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠬᠡᠯᠡᠪᠡ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ