《7》 — ᠥᠪᠥᠷ ᠮᠣᠩᠭᠣᠯ᠎ᠤᠨ ᠣᠨᠴᠠᠯᠢᠭ᠋ ᠳᠠᠪᠠᠭᠤᠯᠢᠭ᠋᠎ᠢ ᠬᠠᠷᠠᠭᠤᠯᠤᠭᠰᠠᠨ ᠣᠳᠣᠬᠢᠴᠢᠯᠠᠭᠰᠠᠨ ᠠᠵᠤ ᠦᠢᠯᠡᠰ᠎ᠦᠨ ᠲᠣᠭᠲᠠᠯᠴᠠᠭ᠎ᠠ᠎ᠶᠢ ᠪᠠᠢᠭᠤᠯᠬᠤ᠂ ᠭᠠᠵᠠᠷ ᠣᠷᠣᠨ᠎ᠤ ᠪᠠᠢᠳᠠᠯ᠎ᠳᠤ᠎ᠪᠠᠨ ᠲᠣᠬᠢᠷᠠᠭᠤᠯᠤᠨ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠲᠦᠷᠭᠡᠳᠬᠡᠬᠦ᠂ ᠪᠥᠬᠥ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ ᠯᠦ᠍ᠭᠡ ᠭᠦᠨᠵᠡᠭᠡᠢ ᠵᠣᠯᠭᠠᠭᠤᠯᠬᠤ᠂ ᠥᠨᠳᠥᠷ ᠬᠢᠷᠢ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠲᠣᠭᠲᠠᠴᠠ᠎ᠶᠢ ᠴᠣᠭᠴᠠᠯᠠᠨ ᠪᠠᠢᠭᠤᠯᠬᠤ᠂ ᠣᠷᠣᠨ ᠪᠦᠰᠡ᠎ᠶᠢᠨ ᠠᠵᠤ ᠠᠬᠤᠢ᠎ᠶᠢᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠬᠦ᠂ ᠨᠡᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠬᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠠᠨ ᠴᠢᠩᠭᠠᠷᠠᠭᠤᠯᠬᠤ ᠭᠡᠬᠦ ᠲᠤᠯᠤᠭᠠᠨ ᠵᠦᠢᠯ᠎ᠦᠨ ᠭᠣᠣᠯᠳᠠᠯᠭ᠎ᠠ ᠪᠣᠯᠬᠤ ᠠᠵᠢᠯ᠎ᠢ ᠰᠠᠢᠲᠤᠷ ᠠᠳᠬᠤᠨ᠎ᠠ
ᠲᠤᠯᠤᠭᠠᠨ ᠵᠦᠢᠯ᠎ᠦᠨ ᠭᠣᠣᠯᠳᠠᠯᠭ᠎ᠠ ᠪᠣᠯᠬᠤ ᠠᠵᠢᠯ᠎ᠢ ᠪᠦᠭᠦ ᠬᠦᠴᠦᠨ᠎ᠢᠶᠡᠷ᠎ᠢᠶᠡᠨ ᠰᠠᠢᠲᠤᠷ ᠠᠳᠬᠤᠵᠤ᠂ ᠴᠢᠨᠠᠷ ᠰᠠᠢᠲᠠᠢ ᠬᠥᠭᠵᠢᠯᠲᠡ᠎ᠶᠢᠨ ᠴᠢᠳᠠᠮᠵᠢ ᠲᠠᠰ᠎ᠢ ᠦᠷᠭᠦᠯᠵᠢᠯᠡᠨ ᠳᠡᠭᠡᠭᠰᠢᠯᠡᠭᠦᠯᠭᠦ ᠬᠡᠷᠡᠭᠲᠡᠢ᠃
ᠨᠢᠭᠡ᠎ᠳᠦ ᠪᠣᠳᠠᠲᠤ ᠴᠣᠭᠴᠠ᠎ᠶᠢᠨ ᠠᠵᠤ ᠠᠬᠤᠢ᠎ᠶᠢ ᠪᠤᠵᠠᠭᠠᠢᠷᠠᠭᠤᠯᠬᠤ᠎ᠳᠤ ᠰᠠᠭᠤᠷᠢᠯᠠᠨ᠂ ᠤᠯᠠᠮᠵᠢᠯᠠᠯᠲᠤ ᠠᠵᠤ ᠦᠢᠯᠡᠰ᠎ᠦᠨ ᠬᠡᠯᠬᠢᠶ᠎ᠡ᠎ᠶᠢ ᠨᠢ ᠤᠷᠲᠤᠳᠬᠠᠨ ᠬᠡᠯᠬᠢᠶ᠎ᠡ᠎ᠶᠢ ᠨᠢ ᠨᠥᠬᠥᠪᠦᠷᠢᠯᠡᠵᠦ ᠬᠡᠯᠬᠢᠶ᠎ᠡ᠎ᠶᠢ ᠨᠢ ᠬᠦᠴᠦᠷᠬᠡᠭᠵᠢᠭᠦᠯᠬᠦ᠎ᠶᠢ ᠠᠬᠢᠭᠤᠯᠵᠤ᠂ ᠠᠵᠤ ᠦᠢᠯᠡᠳᠪᠦᠷᠢ᠎ᠶᠢᠨ ᠲᠥᠬᠦᠭᠡᠷᠦᠮᠵᠢ᠎ᠶᠢ ᠰᠢᠨᠡᠳᠬᠡᠬᠦ ᠪᠠ ᠮᠡᠷᠭᠡᠵᠢᠯ᠎ᠦᠨ ᠥᠭᠡᠷᠡᠴᠢᠯᠡᠨ ᠰᠠᠢᠵᠢᠷᠠᠭᠤᠯᠬᠤ ᠴᠢᠨᠠᠷ ᠴᠢᠨᠰᠠᠭ᠎ᠠ᠎ᠶᠢ ᠨᠢ ᠳᠡᠭᠡᠭᠰᠢᠯᠡᠭᠦᠯᠦᠨ ᠦᠷ᠎ᠡ ᠠᠰᠢᠭ᠋᠎ᠢᠶᠠᠨ ᠨᠡᠮᠡᠭᠳᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠂ ᠰᠢᠨ᠎ᠡ᠎ᠪᠡᠷ ᠮᠠᠨᠳᠤᠵᠤ ᠪᠠᠢᠭ᠎ᠠ ᠠᠵᠤ ᠦᠢᠯᠡᠰ᠎ᠢ ᠪᠤᠵᠠᠭᠠᠢᠷᠠᠭᠤᠯᠬᠤ ᠪᠠ ᠢᠷᠡᠭᠡᠳᠦᠢ᠎ᠶᠢᠨ ᠠᠵᠤ ᠦᠢᠯᠡᠰ᠎ᠢ ᠪᠣᠢᠵᠢᠭᠤᠯᠬᠤ᠎ᠪᠠᠨ ᠠᠬᠢᠭᠤᠯᠵᠤ᠂ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠪᠥᠭᠡᠳ ᠥᠨᠳᠥᠷ ᠪᠦᠲᠦᠮᠵᠢᠲᠡᠶ ᠬᠥᠭᠵᠢᠯᠲᠡ᠎ᠶᠢ ᠠᠬᠢᠭᠤᠯᠤᠨ᠂ ᠥᠪᠥᠷ ᠮᠣᠩᠭᠣᠯ᠎ᠤᠨ ᠣᠨᠴᠠᠯᠢᠭ᠋ ᠳᠠᠪᠠᠭᠤᠯᠢᠭ᠋᠎ᠢ ᠬᠠᠷᠠᠭᠤᠯᠤᠭᠰᠠᠨ ᠣᠳᠣᠬᠢᠴᠢᠯᠠᠭᠰᠠᠨ ᠠᠵᠤ ᠦᠢᠯᠡᠰ᠎ᠦᠨ ᠲᠣᠭᠲᠠᠯᠴᠠᠭ᠎ᠠ᠎ᠶᠢ ᠪᠠᠢᠭᠤᠯᠤᠨ᠎ᠠ᠃
ᠬᠣᠶᠠᠷ᠎ᠲᠤ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ᠎ᠶᠢ ᠬᠦᠴᠦᠲᠡᠢ ᠠᠬᠢᠭᠤᠯᠵᠤ᠂ ᠣᠨᠴᠠᠯᠢᠭ᠍ᠲᠤ ᠳᠠᠪᠠᠭᠤᠯᠢᠭ᠋ ᠠᠵᠤ ᠦᠢᠯᠡᠰ ᠪᠠ ᠬᠥᠭᠵᠢᠭᠦᠯᠬᠦ ᠴᠢᠬᠤᠯᠠᠲᠠᠢ ᠬᠦᠷᠢᠶ᠎ᠡ᠎ᠶᠢ ᠣᠨᠣᠴᠠᠲᠠᠢ ᠣᠨᠢᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ ᠣᠷᠣᠭᠤᠯᠤᠯᠲᠠ᠎ᠶᠢ ᠨᠡᠮᠡᠭᠳᠡᠭᠦᠯᠵᠦ᠂ ᠬᠡᠷᠡᠭᠯᠡᠯᠲᠡ᠎ᠪᠡᠷ ᠬᠥᠳᠡᠯᠭᠡᠭᠦᠷ ᠪᠣᠯᠭᠠᠭᠰᠠᠨ ᠬᠡᠯᠪᠡᠷᠢ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠳᠦ ᠰᠢᠨ᠎ᠡ᠎ᠶᠢ ᠡᠭᠦᠳᠬᠦ᠂ ᠠᠵᠤ ᠦᠢᠯᠡᠰ᠎ᠦᠨ ᠰᠢᠨ᠎ᠡ ᠡᠭᠦᠳᠦᠯᠲᠡ᠎ᠶᠢ ᠴᠢᠩᠭᠠᠳᠬᠠᠨ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ᠎ᠪᠡᠨ ᠨᠢᠭᠡᠳᠦᠯᠲᠡᠢ ᠲᠥᠯᠥᠪᠯᠡᠨ ᠠᠬᠢᠭᠤᠯᠵᠤ᠂ ᠪᠦᠬᠦ ᠶᠠᠪᠤᠴᠠ᠎ᠪᠠᠷ ᠬᠢ ᠰᠢᠨ᠎ᠡ᠎ᠶᠢ ᠡᠭᠦᠳᠬᠦ ᠬᠡᠯᠬᠢᠶ᠎ᠡ᠎ᠶᠢ ᠨᠢ ᠴᠣᠭᠴᠠᠯᠠᠨ ᠪᠠᠢᠭᠤᠯᠵᠤ᠂ ᠭᠠᠵᠠᠷ ᠣᠷᠣᠨ᠎ᠤ ᠪᠠᠢᠳᠠᠯ᠎ᠳᠤ᠎ᠪᠠᠨ ᠲᠣᠬᠢᠷᠠᠭᠤᠯᠤᠨ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠲᠦᠷᠭᠡᠳᠬᠡᠨ᠎ᠡ᠃
ᠭᠤᠷᠪᠠ᠎ᠳᠤ ᠳᠣᠲᠣᠭᠠᠳᠤ ᠬᠡᠷᠡᠭᠴᠡᠭᠡ᠎ᠪᠡᠷ ᠤᠳᠤᠷᠢᠳᠤᠮᠵᠢ ᠪᠣᠯᠭᠠᠬᠤ᠎ᠶᠢ ᠨᠡᠩ ᠴᠢᠬᠤᠯᠠᠴᠢᠯᠠᠵᠤ᠂ ᠬᠡᠷᠡᠭᠯᠡᠭᠡ᠎ᠶᠢ ᠠᠬᠢᠭᠤᠯᠬᠤ ᠪᠠ ᠪᠡᠯᠡ ᠣᠷᠣᠭᠤᠯᠤᠯᠲᠠ᠎ᠶᠢ ᠥᠷᠭᠡᠳᠬᠡᠬᠦ᠎ᠪᠠᠨ ᠨᠢᠭᠡᠳᠦᠯᠲᠡᠢ ᠲᠥᠯᠥᠪᠯᠡᠵᠦ᠂ ᠬᠡᠷᠡᠭᠯᠡᠭᠡ᠎ᠶᠢ ᠬᠥᠭᠵᠢᠭᠡᠬᠦ ᠲᠤᠰᠬᠠᠢ ᠠᠵᠢᠯᠯᠠᠭ᠎ᠠ᠎ᠨᠢ ᠭᠦᠨᠵᠡᠭᠡᠢ ᠬᠡᠷᠡᠭᠵᠢᠭᠦᠯᠦᠨ᠂ ᠬᠡᠷᠡᠭᠯᠡᠭᠡ᠎ᠶᠢᠨ ᠨᠡᠮᠡᠭᠳᠡᠯ᠎ᠦᠨ ᠰᠢᠨ᠎ᠡ ᠴᠡᠭ᠎ᠢ ᠲᠦᠷᠭᠡᠬᠡᠨ ᠪᠣᠢᠵᠢᠭᠤᠯᠵᠤ᠂ ᠡᠳ᠋ ᠪᠣᠳᠠᠰ᠎ᠲᠤ ᠪᠡᠯᠡ ᠣᠷᠣᠭᠤᠯᠬᠤ ᠪᠠ ᠬᠥᠮᠥᠨ᠎ᠳᠦ ᠪᠡᠯᠡ ᠣᠷᠣᠭᠤᠯᠬᠤ᠎ᠪᠠᠨ ᠨᠢᠭ᠍ᠲᠠ ᠤᠶᠠᠯᠳᠤᠭᠤᠯᠬᠤ᠎ᠶᠢ ᠪᠠᠷᠢᠮᠲᠠᠯᠠᠨ᠂ ᠵᠠᠬ᠎ᠠ ᠳᠡᠯᠭᠡᠭᠦᠷ᠎ᠢᠶᠡᠷ ᠭᠣᠣᠯ ᠤᠳᠤᠷᠢᠳᠤᠮᠵᠢ ᠪᠣᠯᠭᠠᠭᠰᠠᠨ ᠪᠦᠲᠦᠮᠵᠢᠲᠡᠶ ᠪᠡᠯᠡ ᠣᠷᠣᠭᠤᠯᠤᠯᠲᠠ᠎ᠶᠢ ᠨᠡᠮᠡᠭᠳᠡᠭᠦᠯᠵᠦ᠂ ᠴᠢᠬᠤᠯᠠ ᠶᠡᠬᠡ ᠲᠦᠷᠦᠯ ᠵᠦᠢᠯ ᠢᠯᠠᠩᠭᠤᠶ᠎ᠠ ᠰᠢᠨ᠎ᠡ᠎ᠪᠡᠷ ᠪᠠᠢᠭᠤᠯᠵᠤ ᠪᠠᠢᠭ᠎ᠠ ᠲᠦᠷᠦᠯ ᠵᠦᠢᠯ᠎ᠢ ᠲᠦᠷᠭᠡᠬᠡᠨ ᠪᠤᠲᠠᠲᠠᠢᠵᠢᠭᠤᠯᠵᠤ᠂ ᠲᠦᠷᠭᠡᠨ ᠡᠬᠢᠯᠡᠭᠦᠯᠵᠦ ᠲᠦᠷᠭᠡᠨ ᠪᠠᠶ᠋ᠢᠭᠤᠯᠬᠤ᠎ᠶᠢ ᠨᠢ ᠠᠬᠢᠭᠤᠯᠤᠨ᠂ ᠳᠣᠲᠣᠭᠠᠳᠤ ᠬᠡᠷᠡᠭᠴᠡᠭᠡ᠎ᠶᠢᠨ ᠨᠡᠮᠡᠭᠳᠡᠯ᠎ᠦᠨ ᠰᠢᠨ᠎ᠡ ᠣᠷᠣᠨ ᠵᠠᠢ᠎ᠶᠢ ᠲᠠᠰᠤᠷᠠᠯᠲᠠ ᠦᠭᠡᠢ ᠥᠷᠭᠡᠳᠬᠡᠵᠦ᠂ ᠪᠥᠬᠥ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ ᠯᠦ᠍ᠭᠡ ᠭᠦᠨᠵᠡᠭᠡᠢ ᠵᠣᠯᠭᠠᠯᠳᠤᠭᠤᠯᠤᠨ᠎ᠠ᠃
ᠳᠥᠷᠪᠡ᠎ᠳᠦ ᠥᠭᠡᠷᠡᠴᠢᠯᠡᠯᠲᠡ ᠬᠢᠵᠦ ᠪᠣᠭᠣᠮᠲᠠ ᠰᠢᠪᠲᠤᠯᠬᠤ᠎ᠶᠢ ᠦᠷᠭᠦᠯᠵᠢᠯᠡᠨ ᠭᠦᠨᠵᠡᠭᠡᠢᠷᠡᠭᠦᠯᠵᠦ᠂ 《ᠬᠣᠶᠠᠷ ᠣᠭᠲᠣ᠌ ᠭᠤᠢᠪᠢᠰᠢ ᠦᠭᠡᠢ》᠎ᠶᠢ ᠪᠠᠷᠢᠮᠲᠠᠯᠠᠨ ᠨᠠᠢᠳᠠᠪᠤᠷᠢᠵᠢᠭᠤᠯᠵᠤ᠂ ᠤᠯᠤᠰ᠎ᠤᠨ ᠦᠮᠴᠢᠯᠡᠯᠲᠦ ᠡᠳ᠋ ᠬᠥᠷᠥᠩᠭᠡ ᠤᠯᠤᠰ᠎ᠤᠨ ᠦᠮᠴᠢᠯᠡᠯᠲᠦ ᠠᠵᠤ ᠠᠬᠤᠢᠯᠠᠯ᠎ᠤᠨ ᠥᠭᠡᠷᠡᠴᠢᠯᠡᠯᠲᠡ᠎ᠶᠢ ᠬᠦᠴᠦᠲᠡᠢ ᠠᠬᠢᠭᠤᠯᠤᠨ᠂ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢ ᠠᠬᠢᠭᠤᠯᠬᠤ ᠬᠠᠤᠯᠢ᠂ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠳᠦᠷᠢᠮ᠎ᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ 《ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠦᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ ᠣᠨ》᠎ᠤ ᠠᠵᠢᠯᠯᠠᠭ᠎ᠠ᠎ᠨᠢ ᠥᠷᠨᠢᠭᠦᠯᠦᠨ᠂ ᠪᠠᠷᠢᠮᠵᠢᠶ᠎ᠠ᠎ᠶᠢ ᠳᠡᠭᠡᠭᠰᠢᠯᠡᠭᠦᠯᠦᠨ ᠠᠷᠭ᠎ᠠ ᠬᠡᠮᠵᠢᠶ᠎ᠡ᠎ᠶᠢ ᠰᠢᠯᠢᠳᠡᠭᠵᠢᠭᠦᠯᠵᠦ᠂ ᠲᠣᠭᠲᠠᠴᠠ᠎ᠶᠢ ᠪᠠᠢᠭᠤᠯᠤᠨ ᠦᠢᠯᠡᠴᠢᠯᠡᠭᠡ᠎ᠶᠢ ᠰᠢᠯᠢᠳᠡᠭᠵᠢᠭᠦᠯᠵᠦ᠂ ᠬᠠᠤᠯᠢ᠎ᠪᠠᠷ ᠵᠠᠰᠠᠬᠤ᠎ᠶᠢ ᠴᠢᠩᠭᠠᠳᠬᠠᠨ ᠪᠠᠲᠤᠯᠠᠭ᠎ᠠ᠎ᠶᠢ ᠰᠢᠯᠢᠳᠡᠭᠵᠢᠭᠦᠯᠵᠦ᠂ ᠠᠮᠠᠯᠠᠯᠲᠠ᠎ᠪᠠᠨ ᠪᠡᠶᠡᠯᠡᠭᠦᠯᠬᠦ᠎ᠶᠢ ᠴᠢᠬᠤᠯᠠᠴᠢᠯᠠᠨ ᠵᠢᠱ᠌ᠢᠯᠲᠡ᠎ᠶᠢ ᠰᠢᠯᠢᠳᠡᠭᠵᠢᠭᠦᠯᠵᠦ᠂ ᠥᠨᠳᠥᠷ ᠬᠢᠷᠢ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠲᠣᠭᠲᠠᠴᠠ᠎ᠶᠢ ᠴᠣᠭᠴᠠᠯᠠᠨ ᠪᠠᠢᠭᠤᠯᠤᠨ᠎ᠠ᠃
ᠲᠠᠪᠤ᠎ᠳᠤ ᠣᠷᠣᠨ ᠪᠦᠰᠡ᠎ᠶᠢᠨ ᠠᠵᠤ ᠠᠬᠤᠢ᠎ᠶᠢᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠵᠦ᠂ ᠬᠣᠲᠠ ᠬᠥᠳᠡᠭᠡ᠎ᠶᠢᠨ ᠠᠭᠤᠰᠤᠯᠴᠠᠯ ᠪᠠ ᠵᠡᠭᠦᠨ ᠳᠤᠮᠳᠠ ᠪᠠᠷᠠᠭᠤᠨ ᠬᠡᠰᠡᠭ᠎ᠦᠨ ᠠᠢᠮᠠᠭ ᠬᠣᠲᠠ᠎ᠶᠢᠨ ᠵᠣᠬᠢᠴᠠᠩᠭᠤᠢ ᠬᠥᠭᠵᠢᠯᠲᠡ᠎ᠶᠢ ᠤᠯᠠᠮ ᠨᠢᠭᠡ ᠠᠯᠬᠤᠮ ᠠᠬᠢᠭᠤᠯᠤᠨ᠂ ᠰᠢᠶᠠᠨ᠎ᠤ ᠬᠣᠲᠠ᠎ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠣᠲᠠ ᠪᠠᠯᠭᠠᠰᠤᠵᠢᠯᠲᠠ᠎ᠶᠢᠨ ᠪᠦᠲᠦᠭᠡᠨ ᠪᠠᠢᠭᠤᠯᠤᠯᠲᠠ ᠪᠠ ᠬᠥᠳᠡᠭᠡ ᠲᠣᠰᠬᠣᠨ᠎ᠢᠶᠠᠨ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ 《ᠮᠢᠩᠭ᠎ᠠ ᠲᠦᠮᠡ᠎ᠶᠢᠨ ᠢᠨᠵᠧᠨᠧᠷᠢᠩ》᠎ᠦᠨ ᠲᠤᠷᠰᠢᠯᠭ᠎ᠠ᠎ᠶᠢ ᠰᠤᠷᠤᠯᠴᠠᠨ ᠬᠡᠷᠡᠭᠯᠡᠵᠦ᠂ ᠠᠵᠢᠯᠯᠠᠵᠤ ᠠᠮᠢᠳᠤᠷᠠᠬᠤ᠎ᠳᠤ ᠲᠣᠬᠢᠷᠠᠮᠵᠢᠲᠠᠢ ᠡᠶ᠎ᠡ ᠵᠣᠬᠢᠴᠠᠩᠭᠤᠢ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢ ᠲᠥᠷᠥᠯ ᠬᠤᠪᠢᠶᠠᠨ ᠡᠮᠬᠢ ᠵᠢᠷᠤᠮ᠎ᠲᠠᠢ᠂ ᠬᠡᠰᠡᠭ ᠣᠷᠣᠨᠴᠢᠯᠠᠨ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ ᠥᠷᠭᠡᠳᠬᠡᠨ᠂ ᠠᠵᠤ ᠦᠢᠯᠡᠰ᠎ᠦᠨ ᠬᠥᠭᠵᠢᠯᠲᠡ ᠪᠠ ᠬᠣᠲᠠ᠎ᠶᠢᠨ ᠴᠢᠳᠠᠮᠵᠢ᠎ᠶᠢ ᠰᠢᠯᠢᠳᠡᠭᠵᠢᠭᠦᠯᠬᠦ ᠬᠣᠣᠰ ᠴᠢᠭᠯᠡᠯ᠎ᠢᠶᠡᠷ ᠴᠢᠳᠠᠮᠵᠢ ᠣᠯᠭᠣᠬᠤ᠎ᠶᠢ ᠠᠬᠢᠭᠤᠯᠤᠨ᠂ ᠵᠣᠬᠢᠴᠠᠩᠭᠤᠢ ᠬᠥᠭᠵᠢᠯᠲᠡ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
ᠵᠢᠷᠭᠤᠭ᠎ᠠ᠎ᠳᠤ ᠨᠡᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠵᠦ᠂ ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ᠎ᠢᠶᠠᠨ ᠨᠢᠭᠡᠳᠬᠡᠨ ᠰᠦᠭ ᠰᠦᠨᠡᠰᠦ ᠱᠤᠭᠤᠬᠤ᠎ᠶᠢ ᠴᠥᠬᠥᠷᠡᠰᠢ ᠦᠭᠡᠢ ᠪᠠᠷᠢᠮᠲᠠᠯᠠᠨ᠂ ᠴᠠᠭ ᠦᠶ᠎ᠡ᠎ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠢᠳᠠᠯ᠎ᠢ ᠢᠳᠡᠪᠬᠢᠲᠡᠢ᠎ᠪᠡᠷ ᠪᠣᠢ ᠪᠣᠯᠭᠠᠵᠤ᠂ ᠰᠢᠯᠢᠳᠡᠭ ᠰᠣᠶᠣᠯ᠎ᠤᠨ ᠪᠦᠲᠦᠭᠡᠭᠳᠡᠬᠦᠨ᠎ᠦ ᠬᠠᠩᠭᠠᠯᠭ᠎ᠠ᠎ᠶᠢ ᠥᠷᠭᠡᠳᠬᠡᠨ᠂ ᠣᠯᠠᠨ ᠤᠯᠤᠰ᠎ᠲᠠᠬᠢ ᠰᠣᠶᠣᠯ᠎ᠤᠨ ᠳᠠᠮᠵᠢᠭᠤᠯᠭ᠎ᠠ᠎ᠳᠤ ᠰᠢᠨ᠎ᠡ᠎ᠶᠢ ᠡᠭᠦᠳᠴᠦ᠂ ᠰᠣᠶᠣᠯ᠎ᠤᠨ ᠬᠦᠴᠦᠷᠬᠡᠭ ᠣᠷᠣᠨ᠎ᠢ ᠪᠦᠲᠦᠭᠡᠨ ᠪᠠᠢᠭᠤᠯᠤᠨ᠎ᠠ᠃
ᠳᠣᠯᠣᠭ᠎ᠠ᠎ᠳᠤ ᠠᠷᠠᠳ᠎ᠤᠨ ᠠᠮᠢᠳᠤᠷᠠᠯ᠎ᠢ ᠬᠠᠮᠤᠭ᠎ᠠᠴᠠ ᠴᠢᠬᠤᠯᠠᠴᠢᠯᠠᠬᠤ᠎ᠶᠢ ᠢᠮᠠᠭᠲᠠ ᠪᠠᠷᠢᠮᠲᠠᠯᠠᠵᠤ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠰᠠᠭᠤᠷᠢᠯᠠᠬᠤ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠨ᠂ ᠤᠯᠠᠨ ᠲᠦᠮᠡᠨ᠎ᠦ ᠲᠤᠯᠭᠠᠮᠳᠠᠵᠤ ᠬᠦᠴᠢᠷᠳᠡᠵᠦ ᠵᠣᠪᠠᠨᠢᠵᠤ ᠬᠦᠰᠡᠮᠵᠢᠯᠡᠵᠦ ᠪᠠᠢᠭ᠎ᠠ᠎ᠶᠢ ᠰᠢᠢᠳᠪᠦᠷᠢᠯᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ᠎ᠶᠢ ᠨᠡᠮᠡᠭᠳᠡᠭᠦᠯᠬᠦ᠂ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠪᠠᠭᠲᠠᠭᠠᠮᠵᠢ᠎ᠶᠢ ᠥᠷᠭᠡᠳᠬᠡᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ᠂ ᠡᠮᠴᠢᠯᠡᠭᠡ ᠰᠡᠷᠭᠡᠢᠯᠡᠨ ᠵᠠᠰᠠᠯᠲᠠ ᠡᠷᠡᠭᠦᠯᠵᠢᠯ ᠬᠠᠮᠢᠶᠠᠷᠤᠯᠲᠠ᠎ᠳᠦ ᠦᠢᠯᠡᠴᠢᠯᠡᠬᠦ᠂ ᠨᠠᠰᠤᠵᠢᠯ᠎ᠤᠨ ᠦᠨᠳᠦᠰᠦᠨ ᠦᠢᠯᠡᠴᠢᠯᠡᠭᠡᠨ᠎ᠦ ᠲᠣᠭᠲᠠᠯᠴᠠᠭ᠎ᠠ᠎ᠶᠢ ᠰᠢᠯᠢᠳᠡᠭᠵᠢᠭᠦᠯᠬᠦ᠂ ᠲᠥᠷᠥᠵᠦ ᠬᠥᠩᠭᠡᠵᠢᠬᠦ᠎ᠶᠢ ᠴᠢᠬᠤᠯᠠᠴᠢᠯᠠᠨ ᠠᠩᠬᠠᠷᠳᠠᠭ ᠨᠥᠬᠥᠷᠰᠡᠭ ᠬᠡᠯᠪᠡᠷᠢ᠎ᠶᠢᠨ ᠨᠡᠢᠭᠡᠮ᠎ᠢ ᠪᠠᠢᠭᠤᠯᠬᠤ᠂ ᠵᠠᠮ ᠬᠠᠷᠢᠯᠴᠠᠭ᠎ᠠ᠎ᠶᠢ ᠰᠠᠭᠠᠳ ᠦᠭᠡᠢ ᠨᠡᠪᠲᠡᠷᠡᠭᠦᠯᠬᠦ᠂ ᠵᠥᠷᠢᠴᠡᠯ ᠵᠠᠭᠤᠷᠠᠯᠳᠤᠭᠠᠨ᠎ᠢ ᠤᠯᠠᠨ ᠡᠰᠢᠵᠢᠭᠦᠯᠦᠨ ᠰᠢᠢᠳᠪᠦᠷᠢᠯᠡᠬᠦ᠂ ᠬᠡᠷᠡᠭᠯᠡᠭᠴᠢᠳ᠎ᠦᠨ ᠡᠷᠬᠡ ᠠᠰᠢᠭ᠋᠎ᠢ ᠬᠠᠮᠠᠭᠠᠯᠠᠬᠤ᠂ ᠬᠤᠳᠠ ᠬᠥᠳᠡᠭᠡ᠎ᠶᠢᠨ ᠬᠥᠮᠥᠰ᠎ᠦᠨ ᠣᠷᠣᠰᠢᠨ ᠰᠠᠭᠤᠬᠤ ᠣᠷᠴᠢᠨ ᠨᠥᠬᠥᠴᠡᠯ᠎ᠢ ᠰᠠᠢᠵᠢᠷᠠᠭᠤᠯᠬᠤ ᠵᠡᠷᠭᠡ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》᠎ᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠲᠠᠰᠤᠷᠠᠯᠲᠠ ᠦᠭᠡᠢ ᠴᠢᠩᠭᠠᠷᠠᠭᠤᠯᠤᠨ᠎ᠠ᠃
— 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠨ ᠨᠢᠭᠡᠳᠦᠭᠡᠷ ᠤᠳᠠᠭ᠎ᠠ᠎ᠶᠢᠨ ᠪᠦᠭᠦᠳᠡ ᠬᠤᠷᠠᠯᠳᠤᠭᠠᠨ᠎ᠤ ᠠᠯᠪᠠᠨ ᠮᠡᠳᠡᠭᠡ》᠎ᠠᠴᠠ ᠡᠮᠬᠢᠳᠬᠡᠪᠡ