ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠥᠪᠥᠷ ᠮᠣᠩᠭᠣᠯ᠎ᠤᠨ ᠡᠨᠧᠷᠭᠢ᠎ᠶᠢᠨ ᠴᠢᠬᠤᠯᠠ ᠶᠡᠬᠡ ᠲᠥᠷᠥᠯ ᠵᠦᠢᠯ᠎ᠦᠨ ᠪᠡᠯᠡ ᠣᠷᠤᠭᠤᠯᠤᠯᠲᠠ 3000 ᠳ᠋ᠦᠩᠰᠢᠭᠤᠷ ᠲᠥᠭᠥᠷᠢᠭ᠎ᠢ ᠳᠠᠪᠠᠪᠠ
ᠨᠡᠶ᠋ᠢᠲᠡᠯᠡᠭᠰᠡᠨ ᠴᠠᠭ᠄ 2026-01-07

2025 ᠣᠨ᠎ᠳᠤ ᠂ ᠪᠥᠬᠥ ᠣᠷᠣᠨ᠎ᠤ ᠡᠨᠧᠷᠭᠢ᠎ᠶᠢᠨ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 5%᠎ᠡᠴᠡ ᠳᠡᠭᠡᠭᠰᠢ᠎ᠪᠡᠷ ᠨᠡᠮᠡᠭᠳᠡᠵᠦ ᠂ ᠡᠨᠧᠷᠭᠢ᠎ᠶᠢᠨ ᠴᠢᠬᠤᠯᠠ ᠶᠡᠬᠡ ᠲᠥᠷᠥᠯ ᠵᠦᠢᠯ᠎ᠳᠦ 3000 ᠳ᠋ᠦᠩᠰᠢᠭᠤᠷ ᠭᠠᠷᠤᠢ ᠲᠥᠭᠥᠷᠢᠭ᠎ᠤᠨ ᠪᠡᠯᠡ ᠣᠷᠣᠭᠤᠯᠪᠠ

ᠡᠨᠧᠷᠭᠢ᠎ᠶᠢᠨ ᠠᠵᠤ ᠦᠢᠯᠡᠳᠪᠦᠷᠢ᠎ᠶᠢᠨ ᠪᠡᠯᠡ ᠣᠷᠤᠭᠤᠯᠤᠯᠲᠠ ᠨᠢ ᠪᠥᠬᠥ ᠣᠷᠣᠨ᠎ᠤ ᠲᠣᠭᠲᠠᠮᠠᠯ ᠬᠥᠷᠥᠩᠭᠡ᠎ᠶᠢᠨ ᠪᠡᠯᠡ ᠣᠷᠤᠭᠤᠯᠤᠯᠲᠠ᠎ᠶᠢᠨ 35%᠎ᠶᠢ ᠡᠵᠡᠯᠡᠵᠦ ᠂ ᠪᠥᠬᠥ ᠣᠷᠣᠨ᠎ᠤ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠬᠦᠴᠦᠲᠡᠢ ᠲᠤᠯᠭᠠᠭᠤᠷᠢᠯᠠᠯ ᠬᠠᠩᠭᠠᠪᠠ

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ