ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠥᠪᠥᠷ ᠮᠣᠩᠭᠤᠯ 3 ᠵᠦᠢ᠍ᠯ᠎ᠤᠨ ᠠᠵᠢᠯ᠎ᠤᠨ ᠵᠦᠭᠯᠡᠭᠦᠷ ᠨᠡᠢᠲᠡᠯᠡᠵᠦ ᠬᠤᠲᠠ᠎ᠶᠢᠨ ᠣᠯᠠᠨ ᠨᠡᠶ᠋ᠢᠲᠡ᠎ᠶᠢᠨ ᠵᠠᠮ ᠬᠠᠷᠢᠯᠴᠠᠭ᠋ᠠᠨ᠎ᠤ ᠬᠥᠭᠵᠢᠯᠲᠡ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠪᠡ
ᠨᠡᠶ᠋ᠢᠲᠡᠯᠡᠭᠰᠡᠨ ᠴᠠᠭ᠄ 2026-01-07

ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠤᠨ ᠮᠡᠳᠡᠭᠡ᠎ᠶᠢ ᠦᠨᠳᠦᠰᠦᠯᠡᠪᠡᠯ᠄ ᠥᠪᠥᠷ ᠮᠣᠩᠭᠣᠯ ᠣᠢ᠌ᠷ᠎ᠠ᠎ᠳᠤ ᠬᠣᠲᠠ᠎ᠶᠢᠨ ᠣᠯᠠᠨ ᠨᠡᠢ᠌ᠲᠡ᠎ᠶᠢᠨ ᠵᠠᠮ ᠬᠠᠷᠢᠯᠴᠠᠭ᠋ᠠᠨ᠎ᠤ ᠠᠵᠢᠯ᠎ᠤᠨ 3 ᠵᠦᠢ᠍ᠯ᠎ᠤᠨ ᠵᠦᠭᠯᠡᠭᠦᠷ᠎ᠢ ᠳᠠᠷᠤᠮᠠᠯᠯᠠᠨ ᠶᠠᠪᠤᠭᠤᠯᠵᠤ᠂ ᠬᠣᠲᠠ᠎ᠶᠢᠨ ᠣᠯᠠᠨ ᠨᠡᠢ᠌ᠲᠡ᠎ᠶᠢᠨ ᠵᠠᠮ ᠬᠠᠷᠢᠯᠴᠠᠭ᠋ᠠᠨ᠎ᠤ ᠬᠥᠭᠵᠢᠯᠲᠡ᠎ᠶᠢᠨ ᠬᠢᠷᠢ ᠲᠦᠪᠰᠢᠨ᠎ᠢ ᠰᠢᠰᠲᠸᠮ ᠲᠠᠢ ᠳᠡᠭᠡᠭᠰᠢᠯᠡᠭᠦᠯᠪᠡ᠃

《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ᠎ᠶᠢᠨ ᠣᠯᠠᠨ ᠨᠡᠶ᠋ᠢᠲᠡ᠎ᠶᠢᠨ ᠮᠠᠰᠢᠨ ᠲᠡᠷᠭᠡ ᠪᠠ ᠴᠠᠬᠢᠯᠭ᠋ᠠᠨ ᠮᠠᠰᠢᠨ ᠲᠡᠷᠭᠡᠨ᠎ᠤ ᠠᠶᠠᠨᠴᠢᠳ᠎ᠤᠨ ᠲᠡᠭᠡᠭᠡᠪᠦᠷᠢ᠎ᠶᠢᠨ ᠡᠵᠡᠩᠨᠡᠯᠲᠡ᠎ᠶᠢᠨ ᠠᠵᠤ ᠠᠬᠤᠶ᠋ᠢᠯᠠᠯ᠎ᠤᠨ ᠡᠵᠡᠩᠨᠡᠯᠲᠡ᠎ᠶᠢᠨ ᠥᠪᠡᠷ᠎ᠤᠨ ᠥᠷᠲᠡᠭ᠎ᠤᠨ ᠲᠣᠭ᠋ᠠᠴᠠᠭ᠎ᠠ ᠪᠠ ᠨᠡᠮᠡᠭᠦᠷᠢᠯᠡᠵᠦ ᠨᠥᠬᠥᠪᠦᠷᠢᠯᠡᠬᠦ ᠠᠵᠢᠯ᠎ᠤᠨ ᠵᠦᠭᠯᠡᠭᠦᠷ (ᠲᠤᠷᠰᠢᠨ ᠬᠡᠷᠡᠭᠵᠢᠭᠦᠯᠬᠦ)》 ᠨᠢ᠂ ᠡᠵᠡᠩᠨᠡᠯᠲᠡ᠎ᠶᠢᠨ ᠥᠪᠡᠷ᠎ᠤᠨ ᠥᠷᠲᠡᠭ᠎ᠤᠨ ᠲᠣᠭ᠋ᠠᠴᠠᠭ᠎ᠠ ᠬᠢᠭᠡᠳ ᠡᠳ᠋᠎ᠤᠨ ᠵᠠᠰᠠᠭ᠎ᠤᠨ ᠨᠡᠮᠡᠭᠦᠷᠢᠯᠡᠵᠦ ᠨᠥᠬᠥᠪᠦᠷᠢᠯᠡᠬᠦ ᠲᠣᠭᠲᠠᠴᠠ᠎ᠶᠢ ᠬᠦᠴᠦᠯᠡᠨ ᠪᠠᠶ᠋ᠢᠭᠤᠯᠤᠨ ᠪᠦᠷᠢᠨᠰᠢᠬᠦᠯᠵᠦ᠂ ᠡᠯ᠎ᠡ ᠭᠠᠵᠠᠷ᠎ᠤᠨ ᠠᠵᠤ ᠠᠬᠤᠶ᠋ᠢᠯᠠᠯ᠎ᠤᠨ ᠡᠵᠡᠩᠨᠡᠯᠲᠡ᠎ᠶᠢᠨ ᠥᠪᠡᠷ᠎ᠤᠨ ᠥᠷᠲᠡᠭ᠎ᠢ ᠰᠢᠨᠵᠢᠯᠡᠬᠦ ᠤᠬᠠᠭ᠋ᠠᠨᠴᠢ᠎ᠪᠠᠷ ᠬᠠᠷᠭᠤᠭᠤᠯᠤᠨ ᠲᠣᠭᠲᠠᠭ᠋ᠠᠬᠤ᠎ᠶᠢ ᠵᠢᠯᠣᠭᠤᠳᠬᠤ᠎ᠶᠢᠨ ᠬᠠᠮᠲᠤ ᠦᠢ᠍ᠯᠡᠴᠢᠯᠡᠭᠡᠨ᠎ᠤ ᠴᠢᠨᠠᠷ ᠴᠢᠨᠰᠠᠭ᠎ᠠ᠎ᠶᠢᠨ ᠦᠨᠡᠯᠡᠯᠲᠡ᠎ᠶᠢᠨ ᠦᠷ᠎ᠡ ᠳ᠋ᠦᠩ᠎ᠳᠤ ᠰᠠᠭᠤᠷᠢᠯᠠᠨ ᠵᠦᠷᠢᠶᠡᠴᠢᠯᠡᠭᠰᠡᠨ ᠨᠡᠮᠡᠭᠦᠷᠢ ᠣᠯᠭᠣᠬᠤ᠎ᠶᠢ ᠬᠡᠷᠡᠭᠵᠢᠭᠦᠯᠵᠦ᠂ ᠣᠯᠠᠨ ᠨᠡᠶ᠋ᠢᠲᠡ᠎ᠶᠢᠨ ᠡᠳ᠋᠎ᠤᠨ ᠵᠠᠰᠠᠭ᠎ᠤᠨ ᠪᠠᠯᠠ ᠮᠥᠩᠭᠥᠨ᠎ᠦ ᠬᠡᠷᠡᠭᠯᠡᠯᠲᠡ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠣᠯᠠᠨ ᠨᠡᠶ᠋ᠢᠲᠡ᠎ᠶᠢᠨ ᠵᠠᠮ ᠬᠠᠷᠢᠯᠴᠠᠭ᠋ᠠᠨ᠎ᠤ ᠠᠵᠤ ᠠᠬᠤᠶ᠋ᠢᠯᠠᠯ᠎ᠤᠨ ᠦᠷᠭᠦᠯᠵᠢᠯᠡᠬᠦᠢ᠌ᠴᠡ ᠡᠵᠡᠩᠨᠡᠯᠲᠡ᠎ᠶᠢ ᠪᠠᠲᠤᠯᠠᠵᠤ᠂ ᠦᠨᠳᠦᠰᠦᠨ ᠣᠯᠠᠨ ᠨᠡᠶ᠋ᠢᠲᠡ᠎ᠶᠢᠨ ᠦᠢ᠍ᠯᠡᠴᠢᠯᠡᠭᠡᠨ᠎ᠤ ᠪᠦᠲᠦᠮᠵᠢᠲᠡᠶ ᠬᠠᠩᠭ᠋ᠠᠯᠭ᠎ᠠ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ ᠶᠤᠮ᠃

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ᠎ᠶᠢᠨ ᠣᠯᠠᠨ ᠨᠡᠶ᠋ᠢᠲᠡ᠎ᠶᠢᠨ ᠮᠠᠰᠢᠨ ᠲᠡᠷᠭᠡ ᠪᠠ ᠴᠠᠬᠢᠯᠭ᠋ᠠᠨ ᠮᠠᠰᠢᠨ ᠲᠡᠷᠭᠡᠨ᠎ᠤ ᠵᠠᠮ ᠱᠤᠭᠤᠮ᠎ᠤᠨ ᠣᠨᠴᠠᠭ᠋ᠠᠢ ᠵᠥᠪᠰᠢᠶᠡᠷᠡᠭᠰᠡᠨ ᠡᠵᠡᠩᠨᠡᠯᠲᠡ᠎ᠶᠢᠨ ᠠᠵᠢᠯ᠎ᠤᠨ ᠵᠦᠭᠯᠡᠭᠦᠷ (ᠲᠤᠷᠰᠢᠨ ᠬᠡᠷᠡᠭᠵᠢᠭᠦᠯᠬᠦ)》 ᠨᠢ᠂ ᠵᠠᠮ ᠱᠤᠭᠤᠮ᠎ᠤᠨ ᠣᠨᠴᠠᠭ᠋ᠠᠢ ᠵᠥᠪᠰᠢᠶᠡᠷᠡᠭᠰᠡᠨ ᠡᠵᠡᠩᠨᠡᠯᠲᠡ᠎ᠶᠢᠨ ᠠᠵᠢᠯᠯᠠᠭ᠎ᠠ᠎ᠶᠢ ᠭᠣᠤᠯᠳᠠᠯᠭ᠎ᠠ᠎ᠲᠠᠢ ᠵᠢᠷᠤᠮᠵᠢᠭᠤᠯᠵᠤ᠂ ᠵᠠᠬ᠎ᠠ ᠳᠡᠯᠭᠡᠭᠦᠷ᠎ᠲᠤ ᠣᠷᠣᠬᠤ᠎ᠶᠢ ᠵᠥᠪᠰᠢᠶᠡᠷᠡᠬᠦ᠎ᠠᠴᠠ ᠬᠡᠯᠡᠯᠴᠡᠭᠡᠷ᠎ᠢᠶᠡᠷ ᠬᠠᠮᠢᠶᠠᠷᠬᠤ ᠬᠦᠷᠲᠡᠯᠡᠬᠢ ᠴᠤᠪᠤᠷᠠᠯ᠎ᠤᠨ ᠳᠡᠰ ᠳᠠᠷᠠᠭ᠋ᠠᠯᠠᠯ ᠬᠢᠭᠡᠳ ᠱᠠᠭ᠋ᠠᠷᠳᠠᠯᠭ᠎ᠠ᠎ᠶᠢ ᠲᠣᠳᠣᠷᠬᠠᠶ᠋ᠢᠯᠠᠵᠤ᠂ ᠣᠯᠠᠨ ᠨᠡᠶ᠋ᠢᠲᠡ᠎ᠶᠢᠨ ᠵᠠᠮ ᠬᠠᠷᠢᠯᠴᠠᠭ᠋ᠠᠨ᠎ᠤ ᠵᠠᠬ᠎ᠠ ᠳᠡᠯᠭᠡᠭᠦᠷᠴᠢᠯᠡᠨ ᠠᠵᠢᠯᠯᠠᠬᠤ᠎ᠳᠤ ᠲᠣᠳᠣᠷᠬᠠᠶ ᠵᠢᠷᠤᠮᠵᠢᠭᠰᠠᠨ ᠳᠦᠷᠢᠮ᠎ᠤᠨ ᠦᠨᠳᠦᠰᠦ ᠪᠠᠷᠢᠮᠲᠠ ᠬᠠᠩᠭ᠋ᠠᠪᠠ᠃

《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ᠎ᠶᠢᠨ ᠣᠯᠠᠨ ᠨᠡᠶ᠋ᠢᠲᠡ᠎ᠶᠢᠨ ᠮᠠᠰᠢᠨ ᠲᠡᠷᠭᠡ ᠪᠠ ᠴᠠᠬᠢᠯᠭ᠋ᠠᠨ ᠮᠠᠰᠢᠨ ᠲᠡᠷᠭᠡᠨ᠎ᠤ ᠡᠵᠡᠩᠨᠡᠯᠲᠡ᠎ᠶᠢᠨ ᠠᠵᠤ ᠠᠬᠤᠶ᠋ᠢᠯᠠᠯ᠎ᠤᠨ ᠡᠵᠡᠩᠨᠡᠯᠲᠡ᠎ᠶᠢᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ᠎ᠶᠢ ᠦᠨᠡᠯᠡᠬᠦ ᠠᠵᠢᠯ᠎ᠤᠨ ᠵᠦᠭᠯᠡᠭᠦᠷ (ᠲᠤᠷᠰᠢᠨ ᠬᠡᠷᠡᠭᠵᠢᠭᠦᠯᠬᠦ)》᠎ᠨᠢ ᠦᠢ᠍ᠯᠡᠴᠢᠯᠡᠭᠡᠨ᠎ᠤ ᠴᠢᠨᠠᠷ ᠴᠢᠨᠰᠠᠭ᠎ᠠ᠎ᠶᠢᠨ ᠰᠢᠨᠵᠢᠯᠡᠬᠦ ᠤᠬᠠᠭ᠋ᠠᠨᠴᠢ ᠬᠠᠮᠢᠶᠠᠷᠤᠯᠲᠠ ᠬᠢᠭᠡᠳ ᠦᠨᠡᠯᠡᠯᠲᠡ᠎ᠶᠢᠨ ᠲᠣᠭᠲᠠᠯᠴᠠᠭ᠎ᠠ᠎ᠶᠢ ᠪᠠᠶ᠋ᠢᠭᠤᠯᠵᠤ᠂ ᠡᠵᠡᠩᠨᠡᠯᠲᠡ᠎ᠶᠢᠨ ᠠᠵᠤ ᠠᠬᠤᠶ᠋ᠢᠯᠠᠯ᠎ᠤᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠯᠲᠡ ᠬᠢᠬᠦ᠎ᠪᠠᠷ ᠳᠠᠮᠵᠢᠭᠤᠯᠤᠨ᠂ ᠣᠯᠠᠨ ᠨᠡᠶ᠋ᠢᠲᠡ᠎ᠶᠢᠨ ᠵᠣᠷᠴᠢᠯᠭ᠎ᠠ᠎ᠶᠢᠨ ᠬᠠᠨᠤᠮᠵᠢ᠎ᠶᠢᠨ ᠬᠡᠮᠵᠢᠶ᠎ᠡ᠎ᠶᠢ ᠳᠡᠭᠡᠭᠰᠢᠯᠡᠭᠦᠯᠬᠦ᠎ᠶᠢᠨ ᠲᠥᠯᠥᠭᠡ ᠶᠤᠮ᠃

ᠲᠠᠨᠢᠯᠴᠠᠭᠤᠯᠤᠭᠰᠠᠨ᠎ᠢᠶᠡᠷ᠂ 3 ᠵᠦᠢ᠍ᠯ᠎ᠤᠨ ᠵᠦᠭᠯᠡᠭᠦᠷ ᠨᠢ ᠬᠠᠷᠢᠯᠴᠠᠨ ᠬᠣᠯᠪᠣᠯᠳᠤᠵᠤ᠂ ᠬᠠᠮᠵᠢᠯᠴᠠᠨ ᠦᠢ᠍ᠯᠡᠳᠦᠯ ᠪᠠᠳᠠᠷᠠᠭᠤᠯᠤᠨ᠎ᠠ᠂ ᠡᠨᠡ ᠬᠦ᠌ ᠰᠢᠷᠢᠰ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ᠎ᠨᠢ ᠥᠪᠥᠷ ᠮᠣᠩᠭᠤᠯ᠎ᠤᠨ ᠬᠤᠲᠠ᠎ᠶᠢᠨ ᠣᠯᠠᠨ ᠨᠡᠶ᠋ᠢᠲᠡ᠎ᠶᠢᠨ ᠵᠠᠮ ᠬᠠᠷᠢᠯᠴᠠᠭ᠋ᠠᠨ᠎ᠤ ᠦᠢ᠍ᠯᠡᠴᠢᠯᠡᠭᠡ᠎ᠶᠢ ᠤᠯᠠᠮ ᠨᠢᠭᠡ ᠠᠯᠬᠤᠮ ᠵᠢᠷᠤᠮᠵᠢᠭᠰᠠᠨ᠂ ᠨᠠᠷᠢᠯᠢᠭᠵᠢᠭᠰᠠᠨ ᠬᠢᠭᠡᠳ ᠦᠷᠭᠦᠯᠵᠢᠯᠡᠬᠦᠢ᠌ᠴᠡ ᠬᠥᠭᠵᠢᠯᠲᠡ ᠲᠡᠶ᠋ᠢᠰᠢ ᠤᠷᠤᠭᠰᠢᠯᠠᠭᠤᠯᠬᠤ ᠪᠣᠯᠣᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ