ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠠᠰᠠᠭ᠎ᠤᠨ ᠣᠷᠳᠣᠨ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠭᠤᠯᠭ᠎ᠠ᠎ᠪᠠᠷ ᠲᠤᠭᠤᠷᠢᠨ ᠦᠵᠡᠪᠡ   ᠪᠤᠤ ᠭᠠᠩ  ᠵᠠᠩ ᠶᠠᠨ ᠺᠦᠨ ᠣᠷᠣᠯᠴᠠᠵᠠᠢ
ᠨᠡᠶ᠋ᠢᠲᠡᠯᠡᠭᠰᠡᠨ ᠴᠠᠭ᠄ 2025-10-11

 

10 ᠰᠠᠷ᠎ᠠ᠎ᠶ᠋ᠢᠨ 10᠎ᠤ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ᠂ ᠵᠠᠰᠠᠭ᠎ᠤᠨ ᠣᠷᠳᠣᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠭᠤᠯᠭ᠎ᠠ᠎ᠪᠠᠷ ᠲᠤᠭᠤᠷᠢᠨ ᠦᠵᠡᠵᠦ᠍᠂ ᠺᠠᠳ᠋ᠷ ᠠᠵᠢᠯᠳᠠᠨ ᠠᠵᠢᠯᠴᠢᠨ᠎ᠢ ᠡᠷᠬᠢᠨ ᠦᠵᠡᠵᠦ᠍᠂ ᠤᠯᠠᠨ᠎ᠲᠠᠶ ᠶᠠᠷᠢᠯᠴᠠᠨ ᠰᠠᠨᠠᠯ᠎ᠢᠶᠠᠨ ᠰᠣᠯᠢᠯᠴᠠᠪᠠ᠃ ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢ ᠲᠥᠯᠥᠭᠡᠯᠡᠨ᠂ ᠤᠢ᠍ᠢᠷ᠎ᠠ᠎ᠶ᠋ᠢᠨ ᠵᠢᠯ᠎ᠡᠴᠡ ᠨᠠᠭᠠᠰᠢ ᠬᠡᠳᠦᠨ ᠶᠡᠬᠡ ᠤᠳᠤᠷᠢᠳᠭᠤ ᠪᠠᠭ᠎ᠤᠨ ᠣᠯᠤᠭ᠍ᠰᠠᠨ ᠠᠵᠢᠯ᠎ᠤᠨ ᠠᠮᠵᠢᠯᠲᠠ᠎ᠶ᠋ᠢ ᠨᠤᠲᠠᠯᠠᠵᠤ ᠪᠠᠢᠬᠤ᠎ᠪᠠᠨ ᠢᠯᠡᠳᠭᠡᠵᠦ᠍᠂ ᠳᠠᠷᠠᠭᠠᠴᠢ᠎ᠶ᠋ᠢᠨ ᠠᠯᠬᠤᠮ᠎ᠤᠨ ᠠᠵᠢᠯ᠎ᠢ ᠰᠠᠢᠲᠤᠷ ᠬᠢᠬᠦ᠌ ᠲᠤᠬᠠᠢ ᠱᠠᠭᠠᠷᠳᠠᠯᠭ᠎ᠠ ᠳᠤᠷᠠᠳᠴᠤ᠌᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠲᠤᠰ ᠲᠤᠰ᠎ᠤᠨ ᠪᠣᠳᠠᠲᠤ ᠪᠠᠢᠳᠠᠯ᠎ᠳᠠᠭᠠᠨ ᠰᠠᠭᠤᠷᠢᠯᠠᠨ᠂ ᠡᠭᠦᠷᠭᠡ ᠬᠠᠷᠢᠭᠤᠴᠠᠯᠭ᠎ᠠ᠎ᠪᠠᠨ ᠢᠳᠡᠪᠬᠢᠲᠡᠢ ᠭᠦᠢᠴᠡᠳᠭᠡᠵᠦ᠍᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠤᠯᠠᠮ ᠴᠡᠪᠡᠷᠱᠢᠭᠦᠯᠵᠦ᠍᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠰᠠᠢᠲᠤᠷ ᠪᠢᠴᠢᠭ᠌ᠯᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠬᠥᠬᠡᠬᠣᠲᠠ᠎ᠶ᠋ᠢᠨ ᠨᠠᠮ᠎ᠤᠨ ᠬᠤᠷᠢᠶ᠎ᠠ᠎ᠶᠢᠨ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠪᠠᠢᠩᠭᠤ᠎ᠶ᠋ᠢᠨ ᠳᠡᠳ᠋ ᠡᠷᠬᠢᠯᠡᠭ᠌ᠴᠢ ᠯᠢᠨ ᠱᠤᠤ ᠴᠦᠨ ᠲᠣᠰ ᠲᠣᠰ ᠬᠣᠯᠪᠣᠭ᠍ᠳᠠᠯ ᠪᠥᠬᠥᠶ ᠪᠠᠢᠳᠠᠯ᠎ᠢ ᠲᠠᠨᠢᠯᠴᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠪᠠᠢᠭᠤᠯᠭ᠎ᠠ᠎ᠳᠤ᠂ ᠸᠠᠩ ᠸᠧᠢ ᠵᠦᠩ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ ᠪᠥᠭᠡᠳ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠬᠦᠯᠢᠶᠡᠨ ᠠᠪᠬᠤ ᠲᠠᠰᠤᠭ᠎ᠲᠤ ᠣᠷᠣᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠠᠵᠢᠯ ᠵᠢᠴᠢ ᠲᠥᠯᠥᠭᠡᠯᠡᠭ᠌ᠴᠢ᠎ᠶ᠋ᠢᠨ ᠲᠤᠱᠢᠶᠠᠯ᠎ᠢᠶᠠᠨ ᠭᠦᠢᠴᠡᠳᠭᠡᠬᠦ᠌ ᠲᠠᠪᠴᠠᠩ᠎ᠤᠨ ᠠᠵᠢᠯᠯᠠᠭᠠᠨ᠎ᠤ ᠪᠠᠢᠳᠠᠯ᠎ᠢ ᠨᠠᠷᠢᠨ ᠣᠢᠯᠠᠭᠠᠪᠠ᠃ ᠲᠡᠷᠡ᠂ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠨᠠᠮ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠳᠠᠬᠢ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ᠎ᠶ᠋ᠢ ᠣᠨᠣᠪᠴᠢᠲᠠᠶ ᠪᠥᠭᠡᠳ ᠪᠦᠲᠦᠮᠵᠢᠲᠡᠶ ᠠᠬᠢᠭᠤᠯᠵᠤ᠂ ᠪᠣᠳᠠᠲᠤ ᠴᠣᠭ᠍ᠴᠠ᠎ᠶ᠋ᠢᠨ ᠴᠢᠨᠠᠷᠲᠠᠶ ᠬᠢᠨᠠᠯᠲᠠ ᠲᠠᠯᠪᠢᠬᠤ ᠪᠠ ᠬᠠᠲᠠᠭᠤ ᠴᠢᠩᠭ᠎ᠠ ᠴᠢᠨᠠᠷᠲᠠᠶ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠣᠯᠠᠨ ᠲᠦᠮᠡᠨ᠎ᠲᠡᠶ ᠬᠠᠷᠢᠯᠴᠠᠬᠤ ᠠᠭᠤᠯᠭ᠎ᠠ ᠪᠠ ᠬᠡᠯᠪᠡᠷᠢ᠎ᠶ᠋ᠢ ᠤᠯᠠᠮ ᠪᠠᠶᠠᠯᠢᠭ᠍ᠵᠢᠭᠤᠯᠵᠤ᠂ 《ᠳᠥᠷᠪᠡᠨ ᠪᠠᠢᠭᠤᠯᠭ᠎ᠠ》᠎ᠶᠢᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠪᠥᠬᠥ᠌ ᠣᠷᠣᠨ᠎ᠤ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠦᠶ᠋ᠯᠡᠴᠢᠯᠡᠬᠦ᠌ ᠳᠤᠮᠳᠠ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠭᠦᠷᠭᠡᠯᠡᠯ᠎ᠢ ᠨᠠᠩ ᠰᠠᠢᠲᠤᠷ ᠢᠯᠡᠷᠡᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠪᠢ ᠨᠡᠮᠡᠷᠢ᠎ᠶᠢ ᠦᠵᠡᠭᠦᠯᠬᠦ᠌ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠭᠤᠯᠭ᠎ᠠ᠎ᠳᠤ᠂ ᠸᠠᠩ ᠸᠧᠶ ᠵᠥᠩ ᠵᠠᠰᠠᠭ᠎ᠤᠨ ᠣᠷᠳᠣᠨ᠎ᠤ ᠤᠳᠤᠷᠢᠳᠭᠤ ᠪᠠᠭ᠎ᠤᠨ ᠪᠦᠷᠢᠯᠳᠦᠬᠦᠨ᠂ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠤᠳᠤᠷᠢᠳᠭᠤ ᠪᠠᠭ᠎ᠤᠨ ᠪᠦᠷᠢᠯᠳᠦᠬᠦᠨ᠎ᠲᠡᠶ ᠰᠠᠨᠠᠯ᠎ᠢᠶᠠᠨ ᠭᠦᠨᠵᠡᠭᠡᠶ ᠰᠣᠯᠢᠯᠴᠠᠪᠠ᠃ ᠲᠡᠷᠡ᠂ ᠶᠡᠷᠦᠩᠬᠡᠶ ᠱᠦᠵᠢ ᠰᠢ ᠵᠢᠨ ᠫᠢᠩ᠂ ᠨᠠᠮ᠎ᠤᠨ ᠲᠥᠪ ᠬᠤᠷᠢᠶ᠎ᠠ᠎ᠶᠢᠨ ᠥᠪᠥᠷ ᠮᠣᠩᠭᠣᠯ᠎ᠤᠨ ᠲᠤᠬᠠᠢ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ ᠪᠠ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠳᠤ ᠰᠠᠭᠤᠷᠢᠯᠠᠵᠤ᠂ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠯ᠎ᠡ ᠵᠦᠶ᠋ᠯ᠎ᠦᠨ ᠡᠭᠦᠷᠭᠡ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠨᠡ ᠵᠢᠯ᠎ᠦᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠢᠷᠡᠬᠦ᠌ ᠵᠢᠯ᠎ᠦᠨ ᠬᠥᠭ᠌ᠵᠢᠯᠲᠡ᠎ᠶ᠋ᠢ ᠰᠠᠢᠲᠤᠷ ᠲᠥᠯᠥᠪᠵᠢᠭᠦᠯᠬᠦ᠌ ᠬᠡᠷᠡᠭ᠌ᠲᠡᠶ᠃ ᠪᠦᠬᠦ᠌ ᠵᠢᠯ᠎ᠦᠨ ᠬᠠᠷᠠᠯᠲᠠ ᠡᠭᠦᠷᠭᠡ᠎ᠶ᠋ᠢ ᠪᠠᠳᠤ ᠡᠵᠡᠮᠳᠡᠵᠦ᠂ ᠭᠣᠣᠯᠳᠠᠯᠭ᠎ᠠ᠎ᠲᠠᠶ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠬᠦ᠌᠎ᠪᠡᠷ ᠭᠠᠷᠳᠠᠴᠠ ᠪᠣᠯᠭᠠᠨ ᠠᠵᠤ ᠠᠬᠤᠢ᠎ᠶᠢ ᠬᠦᠭᠵᠢᠬᠦᠯᠵᠦ᠂ ᠲᠠᠯᠳᠠ ᠬᠦᠴᠦᠨ᠎ᠢ ᠠᠭᠤᠳᠠᠯᠤᠨ᠂ ᠬᠠᠮᠤᠭ᠎ᠤᠨ ᠶᠡᠬᠡ ᠴᠢᠷᠮᠠᠢᠯᠭ᠎ᠠ ᠭᠠᠷᠭᠠᠵᠤ ᠬᠠᠮᠤᠭ᠎ᠤᠨ ᠰᠠᠢ᠌ᠨ ᠦᠷ᠎ᠡ ᠳ᠋ᠦᠩ ᠤᠯᠬᠤ᠎ᠪᠠᠷ ᠴᠢᠷᠮᠠᠢᠬᠤ ᠬᠡᠷᠡᠭ᠌ᠲᠡᠢ᠃ 《ᠠᠷᠪᠠᠨ ᠳᠠᠪᠤᠳᠤᠭᠠᠷ ᠳᠠᠪᠤᠨ ᠵᠢᠯ》᠎ᠤᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠵᠢᠯ᠎ᠢ ᠥᠨᠳᠥᠷ ᠪᠠᠷᠢᠮᠵᠢᠶ᠎ᠠ᠎ᠪᠠᠷ ᠥᠷᠨᠢᠭᠦᠯᠵᠦ᠍᠂ ᠥᠪᠥᠷ ᠮᠣᠩᠭᠣᠯ᠎ᠤᠨ ᠳᠠᠪᠠᠭᠤᠯᠢᠭ ᠣᠨᠴᠠᠯᠢᠭ᠎ᠢ ᠬᠠᠷᠠᠭᠤᠯᠤᠭ᠍ᠰᠠᠨ ᠬᠠᠷᠠᠯᠲᠠ ᠠᠷᠭ᠎ᠠ ᠬᠡᠮᠵᠢᠶ᠎ᠡ᠎ᠶ᠋ᠢ ᠰᠤᠳᠤᠯᠤᠨ ᠳᠤᠷᠠᠳᠭᠤ ᠬᠡᠷᠡᠭ᠌ᠲᠡᠶ᠃ ᠸᠠᠩ ᠯᠢ ᠱᠢᠶᠠ᠎ᠶ᠋ᠢᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ᠎ᠢᠶᠡᠷ ᠰᠡᠵᠢᠭᠯᠡᠭᠳᠡᠭᠰᠡᠨ ᠬᠡᠷᠡᠭ᠎ᠢᠶᠡᠷ ᠲᠤᠯᠢ ᠪᠣᠯᠭᠠᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠤᠭᠳᠤ ᠭᠤᠢᠪᠢᠰᠢ ᠦᠭᠡᠢ᠂ ᠥᠴᠦᠬᠡᠨ ᠴᠦ᠍ ᠰᠤᠯᠠᠷᠠᠭᠤᠯᠤᠯ ᠦᠭᠡᠢ ᠠᠬᠢᠭᠤᠯᠬᠤ ᠬᠡᠷᠡᠭ᠌ᠲᠡᠢ᠃ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠪᠦᠬᠦ᠌ ᠲᠠᠯ᠎ᠠ᠎ᠪᠠᠷ ᠴᠢᠩᠭᠠᠳᠭᠠᠵᠤ᠂ ᠰᠤᠷᠤᠯᠴᠠᠯᠭ᠎ᠠ᠎ᠶ᠋ᠢ ᠠᠳᠭᠤᠵᠤ᠂ ᠪᠠᠢᠴᠠᠭᠠᠨ ᠰᠤᠳᠤᠯᠤᠯᠲᠠ᠎ᠶ᠋ᠢ ᠠᠳᠭᠤᠵᠤ᠂ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ ᠪᠠ ᠲᠦᠪᠱᠢᠨ᠎ᠢᠶᠡᠨ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠭᠤᠯᠭ᠎ᠠ᠎ᠳᠤ᠂ ᠸᠠᠩ ᠸᠧᠶ ᠵᠥᠩ 《ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠬᠡᠷᠡᠯ ᠰᠠᠴᠤᠷᠠᠩᠭᠤᠶ ᠲᠡᠦᠬᠡᠨ ᠶᠠᠪᠤᠴᠠ᠎ᠶ᠋ᠢᠨ ᠦᠵᠡᠭᠦᠯᠭᠡ》᠎ᠶᠢ ᠲᠣᠭᠣᠷᠢᠨ ᠦᠵᠡᠪᠡ᠃ ᠤᠯᠤᠰ ᠲᠥᠷᠥ᠎ᠶ᠋ᠢᠨ ᠵᠥᠪᠯᠡᠯᠭᠡᠨ᠎ᠦ ᠤᠳᠤᠷᠢᠳᠭᠤ ᠪᠠᠭ᠎ᠤᠨ ᠪᠦᠷᠢᠯᠳᠦᠬᠦᠨ᠎ᠲᠡᠶ ᠰᠣᠯᠢᠯᠴᠠᠬᠤ᠎ᠳᠠᠭᠠᠨ ᠲᠡᠷᠡ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠤᠤᠯ ᠱᠢᠵᠢᠮ ᠪᠣᠯᠭᠠᠵᠤ᠂ ᠤᠯᠤᠰ ᠲᠥᠷᠥ᠎ᠶ᠋ᠢᠨ ᠵᠥᠪᠯᠡᠯᠭᠡ ᠬᠢᠬᠦ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠲᠦ᠋ᠷᠦ᠍᠎ᠶ᠋ᠢᠨ ᠶᠠᠪᠤᠳᠠᠯ᠎ᠳᠤ ᠣᠷᠣᠯᠴᠠᠵᠤ ᠲᠦ᠋ᠷᠦ᠍᠎ᠶ᠋ᠢᠨ ᠶᠠᠪᠤᠳᠠᠯ᠎ᠢ ᠵᠥᠪᠯᠡᠬᠦ᠌ ᠡᠭᠦᠷᠭᠡ ᠴᠢᠳᠠᠪᠬᠢ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠂ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠲᠠᠢ ᠢᠳᠡᠪᠬᠢᠲᠡᠶ ᠬᠠᠮᠵᠢᠯᠴᠠᠵᠤ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠬᠤ᠂ ᠲᠦᠪᠡᠭ ᠬᠦᠴᠢᠷᠳᠡᠯ ᠲᠠᠢ ᠠᠰᠠᠭᠤᠳᠠᠯ᠎ᠢ ᠰᠢᠢᠳᠪᠦᠷᠢᠯᠡᠬᠦ᠂ ᠤᠷᠮ᠎ᠠ ᠰᠡᠳᠭᠢᠯᠭᠡ᠎ᠶᠢ ᠲᠠᠢᠪᠤᠰᠢᠷᠠᠭᠤᠯᠬᠤ᠂ ᠵᠥᠷᠢᠴᠡᠯ᠎ᠢ ᠨᠠᠮᠳᠠᠭᠠᠬᠤ ᠵᠡᠷᠭᠡ ᠠᠵᠢᠯ᠎ᠢ ᠰᠠᠢᠳᠤᠷ ᠬᠢᠵᠦ᠂ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠠ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ᠎ᠢ ᠬᠦᠳᠦᠯᠦᠨ ᠵᠢᠯᠣᠭᠣᠳᠴᠤ᠌ ᠰᠡᠳᠭᠢᠯ ᠨᠢᠭᠡᠲᠦᠨ ᠬᠦᠴᠦ᠍᠎ᠪᠡᠨ ᠬᠠᠮᠲᠤᠳᠬᠠᠵᠤ᠂ ᠥᠪᠥᠷ ᠮᠣᠩᠭᠣᠯ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠦᠨᠡᠨ ᠬᠦ᠌ ᠨᠢᠭ᠍ᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠢ ᠪᠥᠬᠥ᠌ ᠬᠦᠴᠦᠨ᠎ᠢᠶᠡᠷ᠎ᠢᠶᠡᠨ ᠳᠡᠮᠵᠢᠵᠦ᠍᠂ ᠬᠡᠳᠦᠨ ᠶᠡᠬᠡ ᠤᠳᠤᠷᠢᠳᠭᠤ ᠪᠠᠭ᠎ᠤᠨ ᠠᠵᠢᠯ᠎ᠢᠶᠠᠨ ᠥᠷᠨᠢᠭᠦᠯᠬᠦ᠌᠎ᠳᠦ ᠬᠦᠴᠦᠲᠡᠶ ᠪᠠᠲᠤᠯᠠᠭ᠎ᠠ ᠬᠠᠩᠭᠠᠵᠤ᠂ ᠰᠠᠢᠨ ᠰᠠᠢᠬᠠᠨ ᠨᠥᠬᠥᠴᠡᠯ᠎ᠢ ᠡᠭᠦᠳᠤᠨ᠎ᠡ ᠭᠡᠵᠦ ᠵᠢᠭᠠᠵᠤ ᠭᠠᠷᠭᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠨᠠᠷᠢᠨ ᠪᠢᠴᠢᠭ᠎ᠦᠨ ᠳᠠᠷᠤᠭ᠎ᠠ ᠢᠦᠢ ᠯᠢ ᠱᠢᠨ ᠠᠵᠢᠯᠯᠠᠭ᠎ᠠ᠎ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ