10 ᠰᠠᠷ᠎ᠠ᠎ᠶ᠋ᠢᠨ 11 ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠱᠦᠵᠢ ᠸᠠᠩ ᠸᠧᠢ ᠵᠦᠩ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠢ ᠠᠩᠬᠢ᠎ᠪᠠᠷ ᠲᠣᠭᠣᠷᠢᠨ ᠦᠵᠡᠵᠦ᠍᠂ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ᠎ᠢ ᠡᠷᠬᠢᠨ ᠦᠵᠡᠵᠦ᠍᠂ ᠴᠡᠷᠢᠭ᠎ᠦᠨ ᠲᠣᠭᠣᠷᠢᠭ᠎ᠤᠨ ᠡᠯ᠎ᠡ ᠱᠠᠳᠤ ᠪᠣᠯᠤᠨ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠦᠵᠡᠭᠦᠯᠦᠭ᠌ᠰᠡᠨ ᠴᠢᠬᠤᠯᠠ ᠬᠤᠪᠢ ᠨᠡᠮᠡᠷᠢ᠎ᠳᠦ ᠲᠠᠯᠠᠷᠬᠠᠵᠤ ᠪᠠᠢᠬᠤ᠎ᠪᠠᠨ ᠢᠯᠡᠳᠭᠡᠵᠦ᠍᠂ ᠰᠢ ᠵᠢᠨ ᠫᠢᠩ᠎ᠦᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠶᠠᠫᠣᠨ᠎ᠢ ᠡᠰᠡᠷᠭᠦᠴᠡᠬᠦ᠌ ᠲᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ᠂ ᠡᠯ᠎ᠡ ᠵᠦᠢᠯ᠎ᠦᠨ ᠴᠡᠷᠢᠭ᠎ᠦᠨ ᠶᠠᠪᠤᠳᠠᠯ᠎ᠤᠨ ᠡᠭᠦᠷᠭᠡ᠎ᠶ᠋ᠢ ᠪᠦᠬᠦ᠌ ᠬᠦᠴᠦᠨ᠎ᠢᠶᠡᠷ᠎ᠢᠶᠡᠨ ᠪᠡᠶᠡᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠭᠣᠣᠯ ᠠᠵᠢᠯ᠎ᠳᠤ ᠰᠠᠨᠠᠭᠠᠴᠢᠯᠠᠭ᠎ᠠ ᠡᠴᠡ᠎ᠪᠠᠨ ᠦᠢᠯᠡᠴᠢᠯᠡᠨ ᠠᠭᠤᠰᠤᠯᠴᠠᠵᠤ᠂ ᠴᠡᠷᠢᠭ᠎ᠢ ᠬᠦᠴᠦᠷᠬᠡᠭ᠌ᠵᠢᠭᠦᠯᠬᠦ᠌ ᠪᠦᠳᠦᠭᠡᠨ ᠪᠠᠢᠭᠤᠯᠤᠯᠲᠠ ᠪᠣᠯᠤᠨ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤᠲᠤᠮᠳᠠ ᠲᠠᠬᠢᠨ ᠱᠢᠨ᠎ᠡ ᠭᠠᠪᠢᠶ᠎ᠠ ᠪᠠᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠲᠤ᠂ ᠸᠠᠩ ᠸᠧᠢ ᠵᠦᠩ ᠴᠡᠷᠢᠭ᠎ᠦᠨ ᠲᠡᠦᠬᠡ᠎ᠶ᠋ᠢᠨ ᠣᠷᠳᠣᠨ᠎ᠳᠤ ᠬᠦᠷᠴᠦ᠂ ᠳᠡᠯᠭᠡᠨ ᠦᠵᠡᠭᠦᠯᠭᠡ ᠵᠢᠨ ᠠᠭᠤᠯᠭ᠎ᠠ᠎ᠶ᠋ᠢ ᠨᠠᠷᠢᠨ ᠬᠢᠨᠠᠮᠠᠭᠠᠢ ᠲᠣᠭᠣᠷᠢᠨ ᠦᠵᠡᠵᠦ᠍᠂ ᠴᠡᠷᠢᠭ᠎ᠦᠨ ᠲᠣᠭᠣᠷᠢᠭ᠎ᠤᠨ ᠬᠥᠭ᠌ᠵᠢᠯᠲᠡ᠎ᠶ᠋ᠢᠨ ᠶᠠᠪᠤᠴᠠ᠎ᠶ᠋ᠢ ᠨᠠᠷᠢᠨ ᠣᠢᠯᠠᠭᠠᠪᠠ᠃ ᠲᠡᠷᠡ᠂ ᠴᠡᠷᠢᠭ᠎ᠦᠨ ᠶᠠᠪᠤᠳᠠᠯ᠎ᠤᠨ ᠠᠵᠢᠯ᠎ᠤᠨ ᠵᠥᠪ ᠤᠯᠤᠰ ᠲᠦᠷᠦ᠍᠎ᠶ᠋ᠢᠨ ᠴᠢᠭ᠌ᠯᠡᠯ᠎ᠢ ᠪᠠᠲᠤ ᠡᠵᠡᠮᠳᠡᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠲᠠᠢ᠌ᠴᠢᠯᠠᠯᠳᠠ᠂ ᠴᠡᠷᠢᠭ ᠪᠣᠯᠪᠠᠰᠤᠷᠠᠭᠤᠯᠤᠨ ᠲᠠᠢ᠌ᠨ᠎ᠳᠦ ᠪᠡᠯᠡᠳᠭᠡᠬᠦ᠌ ᠪᠠ ᠪᠡᠯᠡᠳᠭᠡᠯ ᠬᠦᠴᠦᠨ᠎ᠦ ᠪᠠᠢᠭᠤᠯᠤᠯᠲᠠ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠲᠤᠰᠠᠯᠠᠵᠤ ᠪᠠᠲᠤᠯᠠᠬᠤ ᠢᠯᠠᠯᠲᠠ ᠤᠯᠬᠤ ᠴᠢᠳᠠᠪᠤᠷᠢ᠎ᠪᠠᠨ ᠦᠷᠭᠦᠯᠵᠢᠯᠡᠨ ᠳᠡᠭᠡᠭ᠌ᠰᠢᠯᠡᠭᠦᠯᠬᠦ᠌ ᠬᠡᠷᠡᠭ᠌ᠲᠡᠢ᠃ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠨᠠᠩ ᠣᠯᠠᠨ ᠬᠥᠭᠥᠷᠭᠡ ᠬᠣᠯᠪᠣᠭᠠᠰᠤ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ ᠪᠣᠯᠤᠨ ᠣᠷᠣᠨ ᠨᠤᠲᠤᠭ᠎ᠤᠨ ᠬᠠᠷᠢᠯᠴᠠᠭ᠎ᠠ᠎ᠶ᠋ᠢ ᠴᠢᠨᠠᠭ᠍ᠰᠢᠳᠠ ᠨᠢᠭ᠍ᠲᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ᠎ᠶ᠋ᠢ ᠵᠣᠬᠢᠴᠠᠭᠤᠯᠵᠤ ᠠᠵᠤ ᠠᠬᠤᠶ᠎ᠶ᠋ᠢᠨ ᠬᠥᠭ᠌ᠵᠢᠯᠲᠡ᠂ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠂ ᠠᠶᠤᠯ ᠭᠠᠮᠱᠢᠭ᠎ᠡᠴᠡ ᠠᠪᠤᠷᠬᠠᠸ᠋ ᠵᠡᠷᠭᠡ ᠡᠭᠦᠷᠭᠡ᠎ᠳᠦ ᠢᠳᠡᠪᠬᠢᠲᠡᠶ ᠣᠷᠣᠯᠴᠠᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢ ᠪᠥᠲᠥᠭᠡᠨ ᠪᠠᠢᠭᠤᠯᠬᠤ᠎ᠳᠤ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃

ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠢ ᠠᠩᠭᠢ᠎ᠳᠤ᠂ ᠸᠠᠩ ᠸᠧᠢ ᠵᠦᠩ ᠪᠠᠢᠯᠳᠤᠭᠠᠨ᠎ᠤ ᠦᠢᠯᠡᠴᠢᠯᠡᠭᠡᠨ᠎ᠦ ᠵᠢᠯᠣᠭᠣᠳᠭᠤ ᠲᠥᠪ᠎ᠲᠦ ᠬᠦᠷᠴᠦ᠍᠂ ᠴᠡᠷᠢᠭ ᠠᠩᠭᠢ᠎ᠶ᠋ᠢᠨ ᠪᠦᠲᠦᠭᠡᠨ ᠪᠠᠢᠭᠤᠯᠤᠯᠲᠠ ᠪᠠ ᠵᠢᠯᠣᠭᠣᠳᠭᠤ ᠲᠥᠪ᠎ᠦᠨ ᠠᠵᠢᠯᠯᠠᠭᠠᠨ᠎ᠤ ᠪᠠᠢᠳᠠᠯ᠎ᠤᠨ ᠲᠠᠨᠢᠯᠴᠠᠭᠤᠯᠭ᠎ᠠ᠎ᠶ᠋ᠢ ᠨᠠᠷᠢᠨ ᠬᠢᠨᠠᠮᠠᠭᠠᠢ ᠰᠣᠨᠣᠰᠪᠠ᠃ ᠲᠡᠷᠡ᠂ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠶ ᠠᠩᠭᠢ ᠪᠣᠯ ᠢᠷᠠᠭᠤ ᠠᠯᠳᠠᠷᠲᠤ ᠲᠡᠦᠬᠡ᠎ᠲᠡᠶ ᠨᠢᠭᠡᠨ ᠰᠠᠯᠠᠭ᠎ᠠ ᠪᠠᠭᠠᠲᠤᠷᠯᠢᠭ ᠴᠡᠷᠢᠭ ᠠᠩᠭᠢ ᠮᠥᠨ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠦᠷᠭᠦᠯᠵᠢᠯᠡᠨ ᠬᠠᠯᠠᠮᠵᠢᠯᠠᠨ ᠳᠡᠮᠵᠢᠵᠦ᠍᠂ ᠴᠡᠷᠢᠭ ᠪᠣᠯᠪᠠᠰᠤᠷᠠᠭᠤᠯᠤᠨ ᠲᠡᠢᠨ᠎ᠳᠦ ᠪᠡᠯᠡᠳᠭᠡᠬᠦ᠌᠎ᠪᠡᠨ ᠴᠢᠩᠭᠠᠳᠭᠠᠨ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ᠎ᠢ ᠰᠠᠢᠲᠤᠷ ᠬᠢᠵᠦ᠍᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ ᠪᠣᠯᠤᠨ ᠥᠨᠢ ᠤᠳᠠᠭᠠᠨ ᠠᠮᠤᠷ ᠲᠦᠪᠱᠢᠨ ᠪᠠᠢᠬᠤ᠎ᠶ᠋ᠢᠨ ᠪᠠᠲᠤ ᠴᠢᠩᠭ᠎ᠠ ᠰᠠᠭᠤᠷᠢ᠂ ᠦᠨᠡᠨᠴᠢ ᠱᠢᠳᠤᠷᠭᠤ ᠬᠠᠮᠠᠭᠠᠯᠠᠭ᠍ᠴᠢ ᠪᠣᠯᠵᠣ᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ ᠪᠣᠯᠤᠨ ᠠᠷᠠᠳ ᠣᠯᠠᠨ᠎ᠤ ᠠᠮᠤᠷ ᠲᠠᠢᠪᠤᠩ ᠠᠵᠤ ᠲᠦᠷᠦᠭᠦᠳᠦ ᠪᠠᠲᠤᠯᠠᠭ᠎ᠠ ᠬᠠᠩᠭᠠᠬᠤ᠎ᠶ᠋ᠢ ᠬᠦᠰᠡᠵᠦ᠍ ᠪᠠᠢᠨ᠎ᠠ ᠭᠡᠵᠦ᠍ ᠵᠢᠭᠠᠵᠤ ᠭᠠᠷᠭᠠᠪᠠ᠃
ᠸᠠᠩ ᠸᠧᠢ ᠵᠦᠩ᠂ ᠥᠪᠥᠷ ᠮᠣᠩᠭᠣᠯ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠲᠠᠶ ᠶᠤᠮ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠡᠴᠡ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠳᠡᠮᠵᠢᠵᠦ᠍᠂ ᠴᠡᠷᠢᠭ᠎ᠢᠶᠡᠨ ᠬᠦᠷᠢᠶᠡᠯᠡᠨ ᠬᠡᠷ ᠪᠦᠯᠢ᠎ᠶ᠋ᠢ ᠨᠢ ᠬᠠᠷᠠᠭᠠᠯᠵᠠᠬᠤ ᠡᠯ᠎ᠡ ᠵᠦᠶ᠋ᠯ᠎ᠦᠨ ᠲᠥᠷᠥ᠎ᠶ᠋ᠢᠨ ᠪᠣᠳᠣᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠴᠡᠷᠢᠭ ᠠᠩᠭᠢ᠎ᠶ᠋ᠢ ᠦᠨᠡᠨ ᠰᠡᠳᠭᠢᠯ᠎ᠡᠴᠡ᠎ᠪᠡᠨ ᠬᠠᠪᠰᠤᠷᠤᠨ ᠠᠰᠠᠭᠤᠳᠠᠯ᠎ᠢ ᠨᠢ ᠱᠢᠶ᠋ᠳᠪᠦᠷᠢᠯᠡᠵᠦ᠂ ᠣᠯᠠᠨ᠎ᠤ ᠬᠤᠢᠰᠢᠳᠠ ᠵᠢᠨ ᠵᠤᠪᠠᠨᠢᠯ᠎ᠢ ᠨᠢ ᠪᠥᠬᠥ᠌ ᠬᠦᠴᠦᠨ᠎ᠢᠶᠡᠷ᠎ᠢᠶᠡᠨ ᠠᠷᠢᠯᠭᠠᠵᠦ᠂ ᠨᠡᠢᠭᠡᠮ ᠳᠠᠶᠠᠭᠠᠷ᠎ᠲᠤ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢ ᠬᠠᠯᠠᠮᠵᠢᠯᠠᠬᠤ᠂ ᠴᠡᠷᠢᠭ ᠠᠩᠭᠢ᠎ᠪᠠᠨ ᠬᠠᠢᠷᠠᠯᠠᠬᠤ᠂ ᠴᠡᠷᠢᠭ᠎ᠢ ᠬᠦᠨᠳᠦᠳᠭᠡᠬᠦ᠌ ᠭᠦᠨ ᠵᠤᠵᠠᠭᠠᠨ ᠠᠭᠤᠷ ᠠᠮᠢᠰᠭᠤᠯ᠎ᠢ ᠤᠯᠠᠮ ᠨᠢᠭᠡ ᠠᠯᠬᠤᠮ ᠪᠣᠶ ᠪᠣᠯᠭᠠᠨ᠎ᠠ ᠭᠡᠵᠦ ᠵᠢᠭᠠᠵᠤ ᠭᠠᠷᠭᠠᠪᠠ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠱᠢᠨ᠂ ᠴᠢ᠊ ᠪᠠᠲᠤ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠤᠨ ᠤᠳᠤᠷᠢᠳᠤᠯᠭ᠎ᠠ ᠯᠢᠦ ᠴᠦᠨ ᠵᠢᠶᠠᠩ᠂ ᠵᠠᠩ ᠸᠸᠨ ᠬᠤᠢ᠂ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠢ ᠠᠩᠬᠢ᠎ᠶ᠋ᠢᠨ ᠤᠳᠤᠷᠢᠳᠤᠯᠭ᠎ᠠ ᠴᠧᠨ ᠯᠦ᠍ ᠱᠧᠩ᠂ ᠵᠠᠩ ᠵᠢᠶᠦ᠋ᠨ ᠣᠷᠣᠯᠴᠠᠪᠠ᠃