ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠸᠠᠩ ᠸᠧᠢ ᠵᠥᠩ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠪᠠᠢᠭᠤᠯᠭ᠎ᠠ᠎ᠪᠠᠷ ᠲᠤᠭᠤᠷᠢᠨ ᠦᠵᠡᠪᠡ
ᠨᠡᠶ᠋ᠢᠲᠡᠯᠡᠭᠰᠡᠨ ᠴᠠᠭ᠄ 2025-10-12

 

10 ᠰᠠᠷ᠎ᠠ᠎ᠶᠢᠨ 11᠎ᠤ᠋ ᠦᠳᠡ᠎ᠶᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠦᠩ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠪᠠᠢᠭᠤᠯᠭ᠎ᠠ᠎ᠪᠠᠷ ᠲᠤᠭᠤᠷᠢᠨ ᠦᠵᠡᠵᠤ᠂ ᠰᠠᠨᠠᠯ ᠰᠠᠨᠠᠭᠤᠯᠭ᠎ᠠ᠎ᠶᠢ ᠰᠣᠨᠣᠰᠴᠤ᠂ ᠴᠢᠩ ᠰᠡᠳᠬᠢᠯ᠎ᠦᠨ ᠮᠡᠨᠳᠦᠴᠢᠯᠡᠯ᠎ᠢᠶᠡᠨ ᠢᠯᠡᠳᠬᠡᠪᠡ᠃ ᠲᠡᠷᠡ᠂ ᠰᠢ ᠵᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠰᠢᠨ᠎ᠡ ᠬᠡᠯᠪᠡᠷᠢ᠎ᠶᠢᠨ ᠲᠦᠷᠦ᠎ᠶᠢᠨ ᠨᠠᠮ᠎ᠤᠨ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠨᠠᠷᠢᠨ ᠤᠢᠯᠠᠭᠠᠵᠤ᠂ ᠤᠯᠤᠰ ᠲᠦᠷᠦ᠎ᠶᠢᠨ ᠴᠢᠭᠯᠡᠯ᠎ᠢ ᠣᠨᠣᠪᠴᠢᠲᠠᠢ ᠡᠵᠡᠮᠳᠡᠵᠦ᠂ ᠤᠯᠤᠰ ᠲᠦᠷᠦ᠎ᠶᠢᠨ ᠳᠠᠪᠠᠭᠤᠯᠢᠭ᠋᠎ᠢᠶᠠᠨ ᠪᠠᠳᠠᠷᠠᠭᠤᠯᠵᠤ᠂ ᠭᠤᠤᠯᠯᠠᠬᠤ ᠶᠡᠬᠡ ᠲᠠᠯ᠎ᠠ᠎ᠳᠤ ᠦᠢᠯᠡᠴᠢᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠲᠠᠢ ᠨᠢᠭᠡ ᠰᠡᠳᠬᠢᠯ ᠨᠢᠭᠡ ᠵᠣᠷᠢᠭ᠋᠎ᠢᠶᠠᠷ᠂ ᠠᠳᠠᠯᠢ ᠴᠢᠭᠯᠡᠯ᠎ᠢᠶᠡᠷ ᠵᠡᠷᠭᠡ᠎ᠪᠠᠷ ᠤᠷᠤᠭᠰᠢᠯᠠᠵᠤ᠂ ᠥᠪᠥᠷ ᠮᠣᠩᠭᠣᠯ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭᠳᠡᠢ ᠭᠡᠵᠤ ᠴᠢᠬᠤᠯᠠᠴᠢᠯᠠᠪᠠ᠃

ᠸᠠᠩ ᠸᠧᠢ ᠵᠦᠩ ᠠᠷᠠᠳᠴᠢᠯᠠᠭᠰᠠᠨ ᠨᠠᠮ ᠪᠦᠯᠦᠭ᠎ᠦᠨ ᠠᠰᠠᠷ᠎ᠲᠤ ᠬᠦᠷᠴᠦ᠂ ᠳᠤᠮᠳᠠᠳᠤ ᠤᠯᠤᠰ᠎ᠤᠨ ᠭᠣᠮᠢᠨᠳᠠᠩ ᠨᠠᠮ᠎ᠤᠨ ᠬᠤᠪᠢᠰᠬᠠᠯᠲᠤ ᠬᠣᠷᠢᠶ᠎ᠠ᠂ ᠳᠤᠮᠳᠠᠳᠤ ᠤᠯᠤᠰ᠎ᠤᠨ ᠠᠷᠠᠳᠴᠢᠯᠠᠭᠰᠠᠨ ᠬᠣᠯᠪᠣᠭ᠎ᠠ᠂ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠤᠯᠤᠰ᠎ᠢᠶᠠᠨ ᠪᠠᠶ᠋ᠢᠭᠤᠯᠬᠤ ᠬᠤᠷᠠᠯ᠂ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠂ ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠂ 《9·3》ᠤ᠋ ᠡᠷᠳᠡᠮ ᠰᠢᠨᠵᠢᠯᠡᠭᠡᠨ᠎ᠦ ᠨᠡᠢᠭᠡᠮᠯᠢᠭ᠎ᠦᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠪᠠᠢᠭᠤᠯᠭ᠎ᠠ᠎ᠪᠠᠷ ᠲᠠᠷᠠᠭᠠᠯᠠᠨ᠎ᠳᠤᠭᠤᠷᠢᠨ ᠦᠵᠡᠵᠤ᠂ ᠤᠳᠤᠷᠢᠳᠬᠤ ᠪᠠᠭ᠎ᠤᠨ ᠪᠦᠷᠢᠯᠳᠦᠭᠦᠨ᠎ᠲᠠᠢ ᠳᠣᠲᠣᠨᠣ᠌᠎ᠪᠠᠷ ᠶᠠᠷᠢᠯᠴᠠᠵᠤ᠂ ᠰᠣᠶᠣᠯ᠎ᠤᠨ ᠬᠠᠨ᠎ᠠ ᠵᠢ ᠨᠠᠷᠢᠯᠢᠭ ᠦᠵᠡᠵᠤ᠂ ᠦᠵᠡᠭᠦᠯᠭᠡ᠎ᠶᠢᠨ ᠲᠠᠰᠤᠭ᠎ᠢᠶᠡᠷ ᠲᠣᠭᠣᠷᠢᠨ ᠰᠤᠨᠢᠷᠬᠠᠵᠤ᠂ ᠪᠠᠢᠳᠠᠯ᠎ᠤᠨ ᠲᠠᠨᠢᠯᠴᠠᠭᠤᠯᠭ᠎ᠠ᠎ᠶᠢ ᠨᠠᠷᠢᠨ ᠬᠢᠨᠠᠮᠠᠭᠠᠢ ᠰᠣᠨᠣᠰᠴᠤ᠂ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠬᠥᠭᠵᠢᠯᠲᠡ ᠬᠤᠪᠢᠰᠤᠯ᠂ ᠵᠣᠬᠢᠶᠠᠨ ᠪᠠᠢᠭᠤᠯᠤᠯᠲᠠ᠎ᠶᠢᠨ ᠪᠠᠢᠭᠤᠯᠤᠯᠲᠠ ᠪᠣᠯᠣᠨ ᠡᠭᠦᠷᠭᠡ ᠲᠤᠰᠢᠶᠠᠯ᠎ᠢᠶᠠᠨ ᠭᠦᠢᠴᠡᠳᠬᠡᠭᠰᠡᠨ ᠦᠷ᠎ᠡ ᠪᠦᠲᠦᠭᠡᠯ᠎ᠢ ᠭᠦᠨᠵᠡᠭᠡᠢ ᠣᠢᠯᠠᠭᠠᠪᠠ᠃ ᠲᠡᠷᠡ᠂ ᠤᠷᠲᠤ ᠬᠤᠭᠤᠴᠠᠭᠠᠨ᠎ᠤ ᠲᠤᠷᠰᠢ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠢᠮᠠᠭᠲᠠ ᠪᠠᠷᠢᠮᠲᠠᠯᠠᠵᠤ᠂ ᠥᠪᠡᠷᠰᠡᠳ᠎ᠤᠨ ᠥᠷᠭᠡᠨ ᠤᠯᠠᠨ ᠪᠦᠷᠢᠯᠳᠦᠭᠦᠨ᠎ᠢᠶᠡᠨ ᠪᠦᠯᠬᠦᠮᠳᠡᠭᠦᠯᠦᠨ ᠳᠠᠭᠠᠭᠤᠯᠵᠤ᠂ ᠲᠦᠷᠦ᠎ᠶᠢᠨ ᠶᠠᠪᠤᠳᠠᠯ᠎ᠳᠤ ᠣᠷᠣᠯᠴᠠᠵᠤ ᠲᠦᠷᠦ᠎ᠶᠢᠨ ᠶᠠᠪᠤᠳᠠᠯ᠎ᠢ ᠵᠥᠪᠯᠡᠬᠦ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠤᠯᠤᠰ ᠲᠦᠷᠦ᠎ᠶᠢᠨ ᠵᠥᠪᠯᠡᠯᠭᠡᠨ᠎ᠤ ᠡᠭᠦᠷᠭᠡ ᠴᠢᠳᠠᠪᠬᠢ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠥᠪᠥᠷ ᠮᠣᠩᠭᠣᠯ᠎ᠤᠨ ᠡᠯ᠎ᠡ ᠵᠦᠢᠯ᠎ᠦᠨ ᠦᠢᠯᠡᠰ᠎ᠦᠨ ᠬᠥᠭᠵᠢᠯᠲᠡ᠎ᠶᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠵᠤ ᠵᠢᠭᠠᠵᠤ ᠭᠠᠷᠭᠠᠭᠰᠠᠨ ᠪᠥᠭᠡᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠡᠮᠦᠨ᠎ᠡ ᠡᠴᠡ ᠡᠯ᠎ᠡ ᠠᠷᠠᠳᠴᠢᠯᠠᠭᠰᠠᠨ ᠨᠠᠮ ᠪᠦᠯᠦᠭ᠎ᠲᠦ ᠴᠢᠩ ᠰᠡᠳᠬᠢᠯ᠎ᠦᠨ ᠲᠠᠯᠠᠷᠬᠠᠯ᠎ᠢᠶᠠᠨ ᠳᠡᠪᠰᠢᠭᠦᠯᠪᠡ᠃

ᠸᠠᠩ ᠸᠧᠢ ᠵᠦᠩ᠂ ᠣᠳᠣᠬᠠᠨ᠎ᠳᠤ ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ ᠲᠠᠶᠠᠭᠠᠷ ᠶᠠᠭ ᠶᠡᠷᠦᠩᠬᠡᠢ ᠱᠦᠵᠢ ᠰᠢ ᠵᠢᠨ ᠫᠢᠩ᠎ᠤᠨ ᠵᠢᠭᠠᠭᠰᠠᠨ ᠴᠢᠭᠯᠡᠯ᠎ᠢᠶᠡᠷ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠵᠦ ᠪᠠᠢᠨ᠎ᠠ᠂ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠬᠢᠨ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠲᠠᠢ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠠᠮᠵᠢᠯᠲᠠ ᠪᠦᠲᠦᠮᠵᠢ᠎ᠶᠢ ᠬᠠᠮᠲᠤ ᠪᠠᠷ ᠡᠭᠦᠳᠬᠦ᠎ᠶᠢ ᠬᠦᠰᠡᠵᠦ ᠪᠠᠢᠨ᠎ᠠ᠃ ᠤᠯᠤᠰ ᠲᠦᠷᠦ᠎ᠪᠡᠷ ᠬᠥᠲᠥᠯᠥᠨ ᠳᠠᠭᠠᠭᠤᠯᠬᠤ᠎ᠪᠠᠨ ᠴᠢᠩᠭᠠᠳᠬᠠᠵᠤ᠂ ᠬᠠᠮᠲᠤᠷᠠᠯᠴᠠᠭᠠᠨ᠎ᠤ ᠤᠭ ᠰᠠᠨᠠᠭ᠎ᠠ᠎ᠪᠠᠨ ᠪᠠᠲᠤ ᠰᠠᠬᠢᠵᠤ᠂ ᠰᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂《ᠬᠣᠶᠠᠷ᠎ᠢ ᠲᠣᠭᠲᠠᠭᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠂ ᠪᠦᠯᠬᠦᠮᠳᠡᠨ ᠲᠡᠮᠡᠴᠡᠬᠦ ᠬᠠᠮᠲᠤ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠰᠠᠭᠤᠷᠢ᠎ᠶᠢ ᠲᠠᠰᠤᠷᠠᠯᠳᠡ ᠦᠭᠡᠢ ᠪᠡᠬᠢᠵᠢᠭᠦᠯᠬᠦ ᠬᠡᠷᠡᠭᠲᠡᠢ᠃ ᠰᠠᠨᠠᠯ ᠵᠥᠪᠯᠡᠯᠭᠡ ᠢᠳᠡᠪᠬᠢᠲᠡᠢ ᠳᠤᠷᠠᠳᠤᠨ ᠠᠷᠭ᠎ᠠ ᠤᠬᠠᠭᠠᠨ ᠭᠠᠷᠭᠠᠵᠤ᠂ ᠥᠪᠡᠷᠲᠡᠭᠡᠨ ᠵᠠᠰᠠᠬᠤ ᠣᠷᠣᠨ᠎ᠤ ᠭᠣᠣᠯ ᠠᠵᠢᠯ᠎ᠳᠤ ᠦᠢᠯᠡᠴᠢᠯᠡᠬᠦ ᠭᠠᠷᠳᠠᠬᠤ ᠴᠡᠭ᠂ ᠬᠦᠴᠦᠯᠡᠬᠦ ᠴᠡᠭ᠎ᠢ ᠣᠨᠣᠪᠴᠢᠲᠠᠶ ᠡᠷᠢᠨ ᠣᠯᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠵᠢ ᠪᠦᠲᠦᠭᠡᠨ ᠪᠠᠶ᠋ᠢᠭᠤᠯᠬᠤ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠲᠦᠭᠡᠨ ᠪᠠᠶ᠋ᠢᠭᠤᠯᠬᠤ᠂ ᠥᠭᠡᠷᠡᠴᠢᠯᠡᠯᠲᠡ᠎ᠶᠢ ᠪᠥᠬᠥ ᠲᠠᠯ᠎ᠠ᠎ᠪᠠᠷ ᠭᠦᠨᠵᠡᠭᠡᠢᠷᠡᠭᠦᠯᠬᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠠᠬᠢᠭᠤᠯᠬᠤ ᠵᠡᠷᠭᠡ ᠲᠠᠯ᠎ᠠ᠎ᠪᠠᠷ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠂ ᠰᠠᠨᠠᠯ ᠵᠥᠪᠯᠡᠯᠭᠡ ᠢᠳᠡᠪᠬᠢᠲᠡᠢ ᠳᠤᠷᠠᠳᠬᠤ᠂ ᠪᠣᠳᠠᠲᠠᠢ᠎ᠶᠢ ᠡᠷᠬᠢᠮᠯᠡᠨ ᠬᠢᠨᠠᠯᠲᠠ ᠲᠠᠯᠪᠢᠬᠤ ᠳ᠋ᠤ᠌ ᠠᠩᠬᠠᠷᠤᠯ᠎ᠢᠶᠠᠨ ᠲᠥᠪᠯᠡᠷᠡᠭᠦᠯᠵᠦ᠂ 《ᠰᠠᠢᠨ ᠵᠥᠪᠯᠡᠭᠴᠢ᠂ ᠰᠠᠢᠨ ᠬᠠᠪᠰᠤᠷᠤᠭ᠍ᠴᠢ᠂ ᠰᠠᠢᠨ ᠬᠠᠮᠲᠤ ᠠᠵᠢᠯᠯᠠᠭ᠍ᠴᠢ》 ᠪᠣᠯᠬᠤ ᠬᠡᠷᠡᠭᠲᠡᠢ᠃ ᠬᠠᠮᠲᠤ᠎ᠶᠢᠨ ᠲᠠᠨᠢᠯᠲᠠ᠎ᠶᠢ ᠥᠷᠭᠡᠨ᠎ᠢᠶᠡᠷ ᠨᠢᠭ᠍ᠲᠠᠷᠠᠭᠤᠯᠵᠤ᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶᠢ ᠭᠦᠨᠵᠡᠭᠡᠢ ᠣᠢᠯᠠᠭᠠᠵᠤ᠂ ᠰᠠᠨᠠᠭᠠᠴᠢᠯᠠᠭ᠎ᠠ᠎ᠡᠴᠡ᠎ᠪᠠᠨ ᠦᠭᠡ ᠶᠠᠷᠢᠵᠤ᠂ ᠮᠠᠨ᠎ᠤ ᠣᠷᠣᠨ᠎ᠤ ᠬᠥᠭᠵᠢᠯᠲᠡ᠎ᠶᠢᠨ ᠰᠠᠢᠨ ᠰᠠᠭᠤᠷᠢ᠂ ᠰᠠᠢᠨ ᠬᠠᠨᠳᠤᠰᠢ᠂ ᠰᠠᠢᠨ ᠢᠷᠡᠭᠡᠳᠦᠢ᠎ᠶᠢ ᠳᠠᠮᠵᠢᠭᠤᠯᠵᠤ᠂ ᠡᠯ᠎ᠡ ᠲᠠᠯ᠎ᠠ᠎ᠶᠢᠨ ᠬᠢᠨ᠎ᠦ ᠢᠲᠡᠭᠡᠯ ᠵᠣᠷᠢᠭ᠋ ᠡᠷᠴᠢ ᠬᠦᠴᠦᠨ᠎ᠢ ᠤᠯᠠᠮ ᠲᠡᠢᠴᠢᠯᠡᠬᠤ ᠬᠡᠷᠡᠭᠲᠡᠢ᠃ ᠲᠤᠰ ᠪᠡᠶ᠎ᠡ᠎ᠶᠢᠨ ᠪᠠᠢᠭᠤᠯᠤᠯᠲᠠ᠎ᠪᠠᠨ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠤᠯᠤᠰ ᠲᠦᠷᠦ᠎ᠶᠢᠨ ᠲᠠᠯ᠎ᠠ᠎ᠪᠠᠷ ᠡᠷᠡᠰ ᠪᠠᠲᠤ᠂ ᠬᠡᠪ ᠴᠢᠨᠠᠷ ᠰᠢᠯᠢᠳᠡᠭ ᠰᠠᠢᠨ᠂ ᠪᠦᠲᠦᠴᠡ ᠵᠣᠬᠢᠰᠲᠠᠢ᠂ ᠲᠥᠯᠥᠭᠡᠯᠡᠬᠦ ᠴᠢᠨᠠᠷ᠎ᠢᠶᠠᠷ ᠴᠢᠩᠭ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠲᠠᠢ ᠳᠣᠲᠣᠨᠣᠰᠤᠭ᠎ᠢᠶᠠᠷ ᠬᠠᠮᠲᠤᠷᠠᠯᠴᠠᠭᠰᠠᠨ ᠨᠠᠮ᠎ᠤᠨ ᠭᠠᠳᠠᠨᠠᠬᠢ ᠺᠠᠳ᠋ᠷ᠎ᠤᠨ ᠡᠩᠨᠡᠭᠡ᠎ᠶᠢ ᠴᠢᠷᠮᠠᠢᠨ ᠪᠠᠶ᠋ᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠥᠩᠭᠡᠷᠡᠭᠰᠡᠨ᠎ᠲᠠᠢ᠎ᠪᠡᠨ ᠠᠳᠠᠯᠢ᠎ᠪᠠᠷ ᠠᠷᠠᠳᠴᠢᠯᠠᠭᠰᠠᠨ ᠨᠠᠮ ᠪᠦᠯᠦᠭ᠎ᠦᠨ ᠠᠵᠢᠯ᠎ᠢ ᠳᠡᠮᠵᠢᠵᠦ᠂ ᠤᠬᠠᠮᠰᠠᠷ᠎ᠡᠴᠡ᠎ᠪᠠᠨ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶᠢ ᠬᠦᠯᠢᠶᠡᠵᠦ᠂ ᠰᠠᠨᠠᠯ ᠰᠠᠨᠠᠭᠤᠯᠭ᠎ᠠ᠎ᠶᠢ ᠢᠳᠡᠪᠬᠢᠲᠡᠢ ᠬᠦᠯᠢᠶᠡᠨ ᠠᠪᠴᠤ᠂ ᠦᠪᠡᠷᠲᠡᠭᠡᠨ ᠵᠠᠰᠠᠬᠤ ᠣᠷᠣᠨ᠎ᠤ ᠤᠯᠠᠨ ᠨᠠᠮ᠎ᠤᠨ ᠬᠠᠮᠲᠤᠷᠠᠨ ᠠᠵᠢᠯᠯᠠᠬᠤ ᠦᠢᠯᠡᠰ᠎ᠦᠨ ᠲᠠᠰᠤᠷᠠᠯᠲᠠ ᠦᠭᠡᠢ ᠰᠢᠨ᠎ᠡ ᠪᠠᠢᠳᠠᠯ᠎ᠢ ᠡᠭᠦᠳᠬᠦ᠎ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠦᠤᠳᠠᠭᠤᠯᠠ᠂ ᠢᠦᠢ ᠯᠢ ᠰᠢᠨ᠂ ᠰᠦᠨ ᠵᠢᠶᠦ᠋ᠨ ᠴᠢᠩ᠂ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠡᠷᠬᠢᠯᠡᠭᠴᠢ ᠭᠡᠰᠢᠭᠦᠨ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ