ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠬᠣᠷᠢᠨ ᠨᠢᠭᠡᠳᠦᠭᠡᠷ ᠬᠤᠷᠠᠯ ᠬᠤᠷᠠᠯᠳᠤᠵᠠᠢ   ᠸᠠᠩ ᠸᠧᠶ ᠵᠥᠩ ᠶᠠᠷᠢᠶ᠎ᠠ ᠲᠠᠯᠪᠢᠪᠠ  ᠪᠦᠦ ᠭᠠᠩ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ᠎ᠶ᠋ᠢᠨ ᠲᠤᠱᠢᠶᠠᠯ᠎ᠳᠤ ᠲᠣᠮᠢᠯᠠᠬᠤ᠎ᠪᠠᠷ ᠲᠤᠭᠳᠠᠵᠦ  ᠪᠤᠤ ᠭᠠᠩ ᠨᠦᠬᠦᠷ ᠎ᠢᠶᠡᠷ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠲᠡᠷᠢᠭᠦᠯᠡᠭᠴᠢ᠎ᠶᠢᠨ ᠲᠤᠰᠢᠶᠠᠯ ᠎ᠢ ᠤᠷᠤᠯᠠᠨ ᠡᠭᠦᠷᠭᠡᠯᠡᠭᠦᠯᠬᠦ᠎ᠪᠠᠷ ᠲᠤᠭᠲᠠᠵᠠᠢ
ᠨᠡᠶ᠋ᠢᠲᠡᠯᠡᠭᠰᠡᠨ ᠴᠠᠭ᠄ 2025-10-14

 

10 ᠰᠠᠷ᠎ᠠ᠎ᠶ᠋ᠢᠨ 13᠎ᠤ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠬᠣᠷᠢᠨ ᠨᠢᠭᠡᠳᠦᠭᠡᠷ ᠬᠤᠷᠠᠯ ᠬᠥᠬᠡᠬᠣᠲᠠ᠎ᠳᠤ ᠬᠤᠷᠠᠯᠳᠤᠪᠠ᠃

ᠲᠤᠰ ᠤᠳᠠᠭ᠎ᠠ᠎ᠶ᠋ᠢᠨ ᠬᠤᠷᠠᠯ᠎ᠳᠤ 62 ᠪᠦᠷᠢᠯᠳᠦᠬᠦᠨ ᠣᠷᠣᠯᠴᠠᠵᠤ᠂ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠸᠠᠩ ᠸᠧᠢ ᠵᠦᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠪᠠᠢᠩᠭᠤ᠎ᠶ᠋ᠢᠨ ᠳᠡᠳ᠋ ᠡᠷᠬᠢᠯᠡᠭ᠌ᠴᠢ ᠯᠢᠨ ᠱᠤᠤ ᠴᠦᠨ ᠬᠤᠷᠠᠯ᠎ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠳᠡᠳ᠋ ᠡᠷᠬᠢᠯᠡᠭ᠌ᠴᠢ ᠵᠠᠩ ᠱᠤᠤ ᠴᠦᠨ᠂ ᠳ᠋ᠤᠸᠠᠨ ᡁᠢ ᠴᠢᠶᠠᠩ᠂ ᠵᠧᠩ ᠬᠣᠩ ᠹᠠᠨ᠂ ᠳ᠋ᠢᠩ ᠱᠢᠤ ᠹᠸᠩ᠂ ᠠᠶ ᠯᠢ ᠬᠤᠸᠠ᠂ ᠯᠢ ᠪᠢᠩ ᠷᠦᠩ᠂ ᠡᠸ᠋ ᠶᠠᠨ ᠭᠠᠩ᠂ ᠨᠠᠷᠢᠨ ᠪᠢᠴᠢᠭ᠎ᠦᠨ ᠳᠠᠷᠤᠭ᠎ᠠ ᠸᠠᠨ ᠴᠤᠤ ᠴᠢ ᠬᠤᠷᠠᠯ᠎ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠤᠷᠢᠶ᠎ᠠ᠎ᠶᠢᠨ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ᠎ᠶᠢᠨ ᠪᠠᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ᠎ᠳᠤ ᠰᠤᠯᠠ ᠣᠷᠣᠯᠴᠠᠵᠠᠢ᠃

ᠬᠤᠷᠠᠯ᠎ᠤᠨ ᠵᠥᠪᠯᠡᠬᠦ᠌ ᠵᠦᠶ᠋ᠯ᠎ᠢ ᠪᠠᠲᠤᠯᠠᠭ᠍ᠰᠠᠨ᠎ᠤ ᠳᠠᠷᠠᠭ᠎ᠠ᠂ ᠬᠤᠷᠠᠯ᠎ᠡᠴᠡ ᠵᠠᠩ ᠱᠤᠤ ᠴᠦᠨ᠎ᠦ ᠬᠢᠭ᠌ᠰᠡᠨ ᠲᠤᠱᠢᠶᠠᠯ᠎ᠳᠤ ᠲᠣᠮᠢᠯᠠᠬᠤ᠎ᠪᠠᠷ ᠳᠡᠪᠱᠢᠭᠦᠯᠦᠭ᠌ᠰᠡᠨ ᠬᠥᠮᠦᠰ᠎ᠦᠨ ᠪᠠᠢᠳᠠᠯ᠎ᠤᠨ ᠲᠤᠬᠠᠶ ᠲᠣᠳᠣᠷᠬᠠᠢᠯᠠᠯᠲᠠ᠎ᠶ᠋ᠢ ᠰᠣᠨᠣᠰᠴᠤ᠌᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠢ ᠬᠢᠨᠠᠨ ᠪᠠᠢᠴᠠᠭᠠᠬᠤ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ ᠭᠦᠸᠧ ᠱᠢᠨ᠎ᠦ ᠬᠢᠭ᠌ᠰᠡᠨ ᠣᠨᠴᠠ ᠵᠠᠷᠢᠮ ᠲᠥᠯᠥᠭᠡᠯᠡᠭ᠌ᠴᠢ᠎ᠶ᠋ᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠦᠨ ᠲᠤᠬᠠᠶ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠪᠡ᠃

ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠲᠤᠱᠢᠶᠠᠯ᠎ᠳᠤ ᠲᠣᠮᠢᠯᠠᠬᠤ᠎ᠪᠠᠷ ᠲᠣᠭ᠍ᠲᠠᠭᠠᠭᠰᠠᠨ ᠨᠡᠷᠡᠰ᠎ᠢ ᠪᠠᠲᠤᠯᠠᠵᠤ᠂ ᠪᠦᠦ ᠭᠠᠩ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ᠎ᠶᠢᠨ ᠲᠤᠰᠢᠶᠠᠯ ᠳ᠋ᠦ ᠲᠤᠮᠢᠯᠠᠬᠤ᠎ᠪᠠᠷ ᠲᠤᠭᠳᠠᠵᠦ᠂ ᠪᠦᠦ ᠭᠠᠩ ᠨᠥᠬᠥᠷ᠎ᠢᠶᠡᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ᠎ᠶ᠋ᠢᠨ ᠲᠤᠰᠢᠶᠠᠯ᠎ᠢ ᠤᠷᠤᠯᠠᠨ ᠡᠭᠦᠷᠭᠡᠯᠡᠬᠦᠯᠬᠦ ᠲᠤᠬᠠᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠲᠣᠭ᠍ᠲᠠᠭᠠᠯ᠎ᠢ ᠪᠠᠲᠤᠯᠠᠵᠤ᠂ ᠣᠨᠴᠠ ᠵᠠᠷᠢᠮ ᠲᠥᠯᠥᠭᠡᠯᠡᠭ᠌ᠴᠢ᠎ᠶ᠋ᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠦᠨ ᠲᠤᠬᠠᠢ ᠮᠡᠳᠡᠭᠦᠯᠦᠯᠲᠡ᠎ᠶ᠋ᠢ ᠪᠠᠲᠤᠯᠠᠪᠠ᠃

ᠯᠢᠨ ᠱᠤᠤ ᠴᠦᠨ᠎ᠠᠴᠠ ᠪᠦᠦ ᠭᠠᠩ᠎ᠳᠤ ᠲᠤᠱᠢᠶᠠᠯ᠎ᠳᠤ ᠲᠣᠮᠢᠯᠠᠬᠤ ᠪᠢᠴᠢᠭ ᠭᠠᠷᠳᠠᠭᠤᠯᠪᠠ᠃

ᠪᠦᠦ ᠭᠠᠩ ᠦᠨᠳᠦᠰᠦᠨ ᠬᠠᠤᠯᠢ᠎ᠳᠤ ᠲᠥᠪ ᠴᠢᠩᠭ᠎ᠠ᠎ᠪᠠᠷ ᠲᠠᠩᠭᠠᠷᠢᠭ᠍ᠯᠠᠭ᠍ᠰᠠᠨ ᠪᠥᠭᠡᠳ ᠣᠪᠣᠷ᠎ᠢᠶᠠᠨ ᠢᠯᠡᠳᠭᠡᠬᠦ᠌ ᠦᠭᠡ ᠬᠡᠯᠡᠵᠡᠢ᠃ ᠪᠦᠦ ᠭᠠᠩ᠂ ᠯᠠᠪᠲᠠᠢ ᠴᠢᠩ ᠵᠤᠷᠢᠭ ᠬᠤᠪᠢᠷᠠᠰᠢ ᠦᠭᠡᠢ᠎ᠪᠠᠷ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠭᠤᠢᠪᠢᠰᠢ ᠦᠭᠡᠢ ᠤᠷᠤᠭ᠍ᠰᠢᠯᠠᠵᠤ᠂ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠍᠎ᠶ᠋ᠢ ᠡᠷᠬᠢᠮᠯᠡᠵᠦ᠍᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠍ ᠬᠥᠭ᠌ᠵᠢᠯᠲᠡ᠎ᠶ᠋ᠢ ᠠᠬᠢᠭᠤᠯᠵᠤ᠂ ᠦᠨᠡᠨ ᠰᠡᠳᠭᠢᠯ᠎ᠡᠴᠡ᠎ᠪᠡᠨ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠵᠦ᠍᠂  《ᠬᠣᠶᠠᠷ ᠬᠠᠯᠬᠠᠪᠴᠢ》᠂  《ᠬᠣᠶᠠᠷ ᠰᠠᠭᠤᠷᠢᠨ》᠂  《ᠨᠢᠭᠡ ᠪᠡᠬᠢᠯᠡᠯᠲᠡ》᠎ᠶᠢ ᠪᠦᠳᠦᠭᠡᠨ ᠪᠠᠢᠭᠤᠯᠬᠤ ᠲᠠᠯ᠎ᠠ᠎ᠪᠠᠷ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂  《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠨ᠎ᠠ᠃ ᠯᠠᠪᠲᠠᠢ ᠬᠠᠤᠯᠢ ᠲᠣᠭ᠍ᠲᠠᠭᠠᠯ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠠᠷᠢᠭᠤᠨ ᠴᠢᠬᠡᠴᠢ᠎ᠪᠡᠷ ᠬᠣᠷᠢᠭ᠎ᠠ ᠱᠤᠭᠤᠮ᠎ᠢ ᠰᠠᠬᠢᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠤᠷᠢᠶ᠎ᠠ᠎ᠶᠢᠨ ᠬᠢᠨᠠᠯᠲᠠ᠎ᠶ᠋ᠢ ᠤᠬᠠᠮᠰᠠᠷ᠎ᠡᠴᠡ᠎ᠪᠠᠨ ᠬᠦᠯᠢᠶᠡᠵᠦ᠍᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠲᠠᠭᠠᠭᠤᠯᠭ᠎ᠠ ᠳᠣᠣᠷ᠎ᠠ᠂ ᠵᠠᠰᠠᠭ᠎ᠤᠨ ᠣᠷᠳᠣᠨ᠎ᠤ ᠱᠢᠰᠲᠸᠮ᠎ᠤᠨ ᠨᠥᠬᠥᠳ᠎ᠲᠡᠶ ᠬᠠᠮᠲᠤ᠎ᠪᠠᠷ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠪᠦᠬᠦ ᠬᠦᠴᠦᠨ᠎ᠢᠶᠡᠷ᠎ᠢᠶᠡᠨ ᠴᠢᠷᠮᠠᠢᠨ ᠲᠡᠮᠡᠴᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠠ ᠭᠡᠵᠦ ᠢᠯᠡᠳᠭᠡᠪᠡ᠃

ᠸᠠᠩ ᠸᠧᠢ ᠵᠦᠩ ᠶᠠᠷᠢᠶ᠎ᠠ᠎ᠳᠠᠭᠠᠨ᠂ ᠡᠨᠡ ᠤᠳᠠᠭ᠎ᠠ᠎ᠶ᠋ᠢᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠭᠣᠣᠯ ᠤᠳᠤᠷᠢᠳᠤᠯᠭ᠎ᠠ᠎ᠳᠤ ᠲᠤᠬᠢᠷᠠᠭᠤᠯᠤᠯᠳᠠ ᠬᠢᠭ᠌ᠰᠡᠨ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠥᠪᠥᠷ ᠮᠣᠩᠭᠣᠯ᠎ᠢ ᠭᠦᠨ ᠬᠠᠯᠠᠮᠵᠢᠯᠠᠵᠤ ᠪᠠᠢᠬᠤ᠎ᠶ᠋ᠢ ᠭᠦᠢᠴᠡᠳ ᠬᠠᠷᠠᠭᠤᠯᠵᠤ᠂ ᠥᠪᠥᠷ ᠮᠣᠩᠭᠣᠯ᠎ᠤᠨ ᠠᠵᠢᠯ ᠪᠣᠯᠤᠨ ᠤᠳᠤᠷᠢᠳᠭᠤ ᠪᠠᠭ᠎ᠤᠨ ᠪᠠᠢᠭᠤᠯᠤᠯᠲᠠ᠎ᠶ᠋ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ ᠪᠠᠢᠬᠤ᠎ᠶ᠋ᠢ ᠬᠠᠷᠠᠭᠤᠯᠵᠤ ᠪᠠᠢᠨ᠎ᠠ᠃  ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠭᠡᠵᠦ᠍᠂ ᠨᠠᠮ᠎ᠤᠨ ᠲᠥᠪ ᠬᠤᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠵᠢᠯ᠎ᠤᠨ ᠲᠤᠬᠢᠷᠠᠭᠤᠯᠤᠯᠳᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠤᠯᠤᠨ ᠡᠯ᠎ᠡ ᠲᠠᠯ᠎ᠠ᠎ᠶ᠋ᠢᠨ ᠬᠢᠨᠠᠯᠲᠠ᠎ᠶ᠋ᠢ ᠤᠬᠠᠮᠰᠠᠷ᠎ᠡᠴᠡ᠎ᠪᠠᠨ ᠬᠦᠯᠢᠶᠡᠵᠦ᠍᠂ ᠵᠠᠰᠠᠭ᠎ᠤᠨ ᠣᠷᠳᠣᠨ᠎ᠤ ᠤᠳᠤᠷᠢᠳᠭᠤ ᠪᠠᠭ᠎ᠢ ᠪᠦᠯᠬᠦᠮᠳᠡᠭᠦᠯᠦᠨ ᠳᠠᠭᠠᠭᠤᠯᠵᠤ ᠡᠷᠡᠮᠡᠬᠡᠢᠯᠡᠨ ᠤᠷᠤᠭ᠍ᠰᠢᠯᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠥᠪᠥᠷ ᠮᠣᠩᠭᠣᠯ᠎ᠤᠨ ᠡᠯ᠎ᠡ ᠵᠦᠢᠯ᠎ᠦᠨ ᠦᠢᠯᠡᠰ᠎ᠦᠨ ᠲᠠᠰᠤᠷᠠᠯᠳᠠ ᠦᠭᠡᠢ ᠤᠷᠤᠬ᠍ᠰᠢ ᠬᠥᠭ᠌ᠵᠢᠬᠦ᠌᠎ᠶ᠋ᠢ ᠠᠬᠢᠭᠤᠯᠬᠤ᠎ᠶ᠋ᠢ ᠪᠦᠦ ᠭᠠᠩ ᠨᠥᠬᠥᠷ᠎ᠲᠦ ᠬᠦᠰᠡᠵᠦ᠍ ᠪᠠᠢᠨ᠎ᠠ ᠭᠡᠵᠦ ᠵᠢᠭᠠᠵᠤ ᠭᠠᠷᠭᠠᠪᠠ᠃

ᠸᠠᠩ ᠸᠧᠢ ᠵᠦᠩ᠂ ᠥᠪᠥᠷ ᠮᠣᠩᠭᠣᠯ᠎ᠤᠨ ᠪᠠᠢᠯᠳᠤᠬᠤ ᠪᠣᠳᠣᠯᠭ᠎ᠠ᠎ᠶᠢᠨ ᠪᠠᠢᠷᠢ ᠰᠠᠭᠤᠷᠢ ᠴᠢᠬᠤᠯᠠ᠂ ᠡᠨᠧᠷᠭᠢ ᠠᠭᠤᠷᠬᠠᠢ᠎ᠶᠢᠨ ᠭᠠᠷᠤᠯᠲᠠ ᠪᠠ ᠠᠮᠢ ᠠᠬᠤᠢ᠎ᠶᠢᠨ ᠡᠬᠢ ᠪᠠᠶᠠᠯᠢᠭ᠋ ᠲᠤᠢᠯ᠎ᠤᠨ ᠡᠯᠪᠡᠭ ᠳᠡᠯᠪᠡᠭ᠂ ᠳᠤᠮᠳᠠᠳᠤ᠎ᠶᠢᠨ ᠦᠨᠳᠦᠰᠦᠲᠡᠨ᠎ᠦ ᠰᠣᠶᠣᠯ ᠪᠠᠶᠠᠯᠢᠭ᠋ ᠰᠠᠢᠬᠠᠨ ᠪᠠᠢᠵᠤ᠂ ᠠᠵᠤ ᠦᠢᠯᠡᠰ᠎ᠦᠨ ᠰᠠᠭᠤᠷᠢ ᠰᠠᠢᠨ᠂ ᠬᠥᠭᠵᠢᠯᠲᠡ᠎ᠶᠢᠨ ᠲᠠᠯᠲᠠ ᠬᠦᠴᠦᠨ ᠯᠤᠲᠤ ᠶᠡᠬᠡ ᠪᠠᠢᠵᠤ᠂ ᠦᠨᠳᠦᠰᠦᠲᠡᠨ᠎ᠨᠦᠭᠦᠳ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠤᠷᠳᠤ ᠬᠤᠭᠤᠴᠠᠭ᠎ᠠ᠎ᠪᠠᠷ  《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠢ ᠬᠦᠷᠲᠡᠵᠦ᠂ ᠶᠡᠬᠡ ᠦᠢᠯᠡᠰ ᠪᠦᠲᠦᠭᠡᠵᠦ ᠪᠣᠯᠬᠤ ᠰᠠᠢᠨ ᠭᠠᠵᠠᠷ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ᠂ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠮᠠᠰᠢ ᠶᠡᠬᠡ ᠬᠦᠰᠡᠯ ᠡᠷᠡᠮᠡᠯᠵᠡᠯ ᠲᠠᠯᠪᠢᠵᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠤᠷᠢᠳ ᠬᠣᠵᠢᠳ 3 ᠤᠳᠠᠭ᠎ᠠ ᠪᠡᠶ᠎ᠡ᠎ᠪᠡᠷ᠎ᠢᠶᠡᠨ ᠥᠪᠥᠷ ᠮᠣᠩᠭᠣᠯ᠎ᠳᠤ ᠢᠷᠡᠵᠤ ᠰᠢᠨᠵᠢᠯᠡᠨ ᠪᠠᠢᠴᠠᠭᠠᠵᠤ᠂ 5 ᠵᠢᠯ ᠳᠠᠷᠠᠭᠠᠯᠠᠨ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠦᠪᠯᠡᠬᠦ᠎ᠳᠦ ᠤᠷᠤᠯᠴᠠᠵᠤ᠂ ᠥᠪᠥᠷ ᠮᠣᠩᠭᠣᠯ᠎ᠤᠨ ᠠᠵᠢᠯ᠎ᠳᠤ ᠠᠯᠢ ᠤᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠥᠭᠴᠦ᠂ ᠥᠪᠥᠷ ᠮᠣᠩᠭᠣᠯ᠎ᠳᠤ ᠴᠢᠬᠤᠯᠠ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠣᠯᠭᠣᠵᠤ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠡᠴᠡ ᠦᠪᠦᠷ ᠮᠤᠨᠭᠭᠤᠯ᠎ᠤᠨ ᠴᠢᠨᠠᠷ ᠰᠠᠢᠲᠠᠢ ᠬᠥᠭᠵᠢᠯᠲᠡ᠎ᠶᠢ ᠳᠡᠮᠵᠢᠬᠦ ᠲᠦᠷᠦ᠎ᠶᠢᠨ ᠪᠣᠳᠣᠯᠭ᠎ᠠ᠎ᠶᠢᠨ ᠪᠢᠴᠢᠭ ᠮᠠᠲᠧᠷᠢᠶᠠᠯ᠎ᠢ ᠲᠤᠰᠬᠠᠢᠯᠠᠨ ᠨᠡᠢᠲᠡᠯᠡᠵᠦ᠂ ᠥᠪᠥᠷ ᠮᠣᠩᠭᠣᠯ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠠᠤᠭ᠎ᠠ ᠵᠢᠷᠤᠭ ᠲᠥᠯᠥᠪᠯᠡᠭᠡ᠎ᠶᠢ ᠵᠢᠷᠤᠭᠯᠠᠵᠤ᠂ ᠬᠥᠭᠵᠢᠯᠲᠡ᠎ᠶᠢᠨ ᠠᠷᠭ᠎ᠠ ᠵᠠᠮ᠎ᠢ ᠲᠥᠯᠥᠪᠵᠢᠭᠦᠯᠵᠦ᠂ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ᠃ ᠦᠪᠦᠷ ᠮᠤᠨᠭᠭᠤᠯ ᠲᠠᠶᠠᠭᠠᠷ᠎ᠢᠶᠡᠨ ᠰᠢ ᠵᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂  《ᠬᠣᠶᠠᠷ᠎ᠢ ᠲᠣᠭᠲᠠᠭᠠᠭᠰᠠᠨ》᠎ᠤ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂  《ᠲᠦᠷᠪᠡᠨ ᠤᠬᠠᠮᠰᠠᠷ》᠎ᠢᠶᠠᠨ ᠴᠢᠩᠭᠠᠳᠬᠠᠵᠤ᠂  《ᠲᠦᠷᠪᠡᠨ ᠢᠲᠡᠭᠡᠯ》᠎ᠢᠶᠠᠨ ᠪᠠᠲᠤᠳᠬᠠᠵᠤ᠂  《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠤᠯᠤᠰ ᠲᠦᠷᠦ᠎ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ᠎ᠶᠢᠨ ᠭᠦᠢᠴᠡᠳᠬᠡᠬᠦ ᠴᠢᠳᠠᠪᠤᠷᠢ᠎ᠶᠢ ᠲᠠᠰᠤᠷᠠᠯᠲᠠ ᠦᠭᠡᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠢᠮᠠᠭᠲᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠯᠭᠠᠬᠤ ᠬᠡᠷᠡᠭᠲᠡᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭᠠᠵᠤ᠂  《ᠬᠣᠶᠠᠷ ᠬᠠᠯᠬᠠᠪᠴᠢ》᠂  《ᠬᠣᠶᠠᠷ ᠰᠠᠭᠤᠷᠢᠨ》᠂  《ᠨᠢᠭᠡ ᠪᠡᠬᠢᠯᠡᠯᠲᠡ》 ᠶ᠋ᠢ ᠲᠦᠷᠭᠡᠳᠬᠡᠨ ᠪᠠᠢᠭᠤᠯᠵᠤ᠂ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠨᠡᠩ ᠰᠠᠢᠲᠤᠷ ᠦᠢᠯᠡᠴᠢᠯᠡᠬᠦ ᠬᠡᠷᠡᠭᠲᠡᠢ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠸᠮ᠎ᠢ ᠲᠦᠷᠭᠡᠳᠬᠡᠨ ᠪᠠᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭ᠍ᠰᠠᠨ᠂ ᠳᠡᠯᠡᠬᠡᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠢ ᠬᠦᠴᠦᠯᠡᠨ ᠪᠤᠢ ᠪᠣᠯᠭᠠᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠡᠯ᠎ᠡ ᠵᠦᠢᠯ᠎ᠦᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠬᠦ ᠬᠡᠷᠡᠭᠲᠡᠢ᠃ ᠸᠠᠩ ᠯᠢ ᠰᠢᠶᠠ᠎ᠶᠢᠨ ᠰᠠᠬᠢᠯᠭ᠎ᠠ ᠪᠠᠲᠦ ᠬᠠᠤᠯᠢ ᠴᠠᠭᠠᠵᠠ᠎ᠶᠢ ᠬᠦᠨᠳᠦ ᠨᠣᠴᠢᠲᠠᠢ ᠵᠥᠷᠢᠴᠡᠭᠰᠡᠨ᠎ᠢᠶᠡᠷ ᠰᠡᠵᠢᠭᠯᠡᠭᠳᠡᠭᠰᠡᠨ ᠬᠡᠷᠡᠭ᠎ᠡᠴᠡ ᠭᠦᠨᠵᠡᠭᠡᠢ ᠰᠤᠷᠭᠠᠮᠵᠢ ᠠᠪᠴᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠭᠤᠢᠪᠢᠰᠢ ᠦᠭᠡᠢ ᠠᠬᠢᠭᠤᠯᠵᠤ᠂ ᠰᠠᠢᠨ ᠰᠠᠢᠬᠠᠨ ᠤᠯᠤᠰ ᠲᠦᠷᠦ᠎ᠶᠢᠨ ᠠᠮᠢ ᠠᠬᠤᠢ᠎ᠶᠢ ᠪᠤᠢ ᠪᠣᠯᠭᠠᠬᠤ ᠬᠡᠷᠡᠭᠲᠡᠢ᠃ ᠰᠤᠷᠤᠯᠴᠠᠯᠭ᠎ᠠ᠎ᠶᠢ ᠶᠡᠬᠡ᠎ᠪᠠᠷ ᠡᠷᠬᠢᠮᠯᠡᠵᠦ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠠᠷᠢᠭᠤᠨ ᠴᠢᠬᠡᠴᠢ ᠪᠠᠢᠵᠤ᠂ ᠪᠦᠯᠬᠦᠮᠳᠡᠨ ᠲᠡᠮᠡᠴᠡᠵᠤ᠂ ᠴᠢᠷᠮᠠᠢᠨ ᠠᠵᠢᠯᠯᠠᠬᠤ᠎ᠶᠢ ᠲᠡᠷᠢᠭᠦᠨ᠎ᠳᠤ ᠲᠠᠯᠪᠢᠬᠤ᠎ᠶᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ