10 ᠰᠠᠷ᠎ᠠ᠎ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠦᠩ ᠬᠥᠬᠡᠬᠣᠲᠠ᠎ᠳᠤ ᠤᠯᠤᠰ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠩᠬᠢ᠎ᠶᠢᠨ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠬᠡᠷᠡᠭ ᠮᠡᠳᠡᠭᠴᠢᠳ᠎ᠦᠨ ᠳᠡᠳ᠋ ᠳᠠᠷᠤᠭ᠎ᠠ᠂ ᠪᠠᠩᠬᠢ᠎ᠶᠢᠨ ᠳᠠᠷᠤᠭ᠎ᠠ ᠲᠠᠨ ᠵᠢᠶᠦ᠋ᠩ ᠨᠠᠷ ᠲᠠᠢ ᠠᠭᠤᠯᠵᠠᠪᠠ᠃


ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠲᠠᠨ ᠵᠢᠶᠦ᠋ᠩ ᠨᠠᠷ᠎ᠢ ᠪᠠᠶᠠᠷᠯᠠᠨ ᠤᠭᠲᠤᠵᠤ᠂ ᠤᠯᠤᠰ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠩᠬᠢ᠎ᠶᠢᠨ ᠤᠷᠳᠤ ᠬᠤᠭᠤᠴᠠᠭᠠᠨ᠎ᠤ ᠲᠤᠷᠰᠢ ᠥᠪᠥᠷ ᠮᠣᠩᠭᠣᠯ᠎ᠳᠤ ᠳᠡᠮᠵᠢᠯᠭᠡ ᠦᠵᠡᠭᠦᠯᠦᠭᠰᠡᠨ᠎ᠳᠦ ᠲᠠᠯᠠᠷᠬᠠᠵᠤ ᠪᠠᠢᠬᠤ᠎ᠪᠠᠨ ᠢᠯᠡᠳᠬᠡᠬᠦ᠎ᠶᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠣᠯᠪᠣᠭᠳᠠᠯ ᠪᠦᠬᠦᠢ ᠪᠠᠢᠳᠠᠯ᠎ᠢ ᠲᠠᠨᠢᠯᠴᠠᠭᠤᠯᠪᠠ᠃ ᠲᠡᠷᠡ᠂ ᠣᠳᠣᠬᠠᠨ᠎ᠳᠤ᠂ ᠥᠪᠥᠷ ᠮᠣᠩᠭᠣᠯ ᠶᠠᠭ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶ᠋ᠢ ᠲᠦᠷᠭᠡᠳᠬᠡᠨ ᠪᠠᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠵᠦ ᠪᠠᠢᠨ᠎ᠠ᠃ ᠤᠯᠤᠰ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠩᠬᠢ ᠪᠣᠯ ᠮᠠᠨ᠎ᠤ ᠤᠯᠤᠰ᠎ᠤᠨ ᠬᠠᠮᠤᠭ᠎ᠤᠨ ᠲᠣᠮᠣ᠌ ᠰᠠᠭᠤᠷᠢ ᠲᠥᠬᠦᠭᠡᠷᠦᠮᠵᠢ᠎ᠶᠢᠨ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ᠎ᠶᠢᠨ ᠪᠠᠩᠬᠢ ᠪᠠ ᠳᠤᠮᠳᠠ ᠤᠷᠳᠤ ᠬᠤᠭᠤᠴᠠᠭᠠᠨ᠎ᠤ ᠢᠲᠡᠭᠡᠮᠵᠢᠲᠦ ᠵᠢᠭᠡᠯᠡᠯᠭᠡ᠎ᠶᠢᠨ ᠪᠠᠩᠬᠢ ᠪᠣᠯᠣᠨ᠎ᠠ᠂ ᠥᠪᠥᠷ ᠮᠣᠩᠭᠣᠯ ᠯᠤᠭ᠎ᠠ ᠨᠢᠭ᠍ᠲᠠ ᠬᠠᠮᠲᠤᠷᠠᠯᠴᠠᠭ᠎ᠠ᠎ᠪᠠᠨ ᠪᠠᠲᠤᠯᠠᠵᠤ᠂ ᠥᠪᠥᠷ ᠮᠣᠩᠭᠣᠯ᠎ᠳᠤ ᠬᠦᠴᠦᠲᠡᠢ ᠳᠡᠮᠵᠢᠯᠭᠡ ᠦᠵᠡᠭᠦᠯᠦᠭᠰᠡᠭᠡᠷ ᠢᠷᠡᠵᠠᠢ᠃ ᠤᠯᠤᠰ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠩᠬᠢ ᠥᠪᠥᠷ ᠮᠣᠩᠭᠣᠯ᠎ᠳᠤ ᠦᠷᠭᠦᠯᠵᠢᠯᠡᠨ ᠭᠦᠨᠵᠡᠭᠡᠢᠷᠡᠨ ᠠᠵᠢᠯᠯᠠᠵᠤ᠂ ᠲᠤᠰ ᠪᠡᠶ᠎ᠡ᠎ᠶᠢᠨ ᠳᠠᠪᠠᠭᠤᠯᠢᠭ᠋᠎ᠢᠶᠠᠨ ᠭᠦᠢᠴᠡᠳ ᠪᠠᠳᠠᠷᠠᠭᠤᠯᠵᠤ᠂ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠂ ᠡᠨᠧᠷᠭᠢ᠎ᠶᠢᠨ ᠨᠡᠭᠡᠭᠡᠨ ᠬᠥᠭᠵᠢᠭᠦᠯᠦᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠂ ᠬᠤᠳᠠ᠎ᠶᠢ ᠰᠢᠨᠡᠳᠬᠡᠬᠦ᠂ ᠡᠳ᠋᠎ᠦᠨ ᠵᠠᠰᠠᠭ ᠮᠥᠩᠭᠥᠨ ᠭᠦᠢᠯᠭᠡᠭᠡᠨ᠎ᠦ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠬᠤ ᠵᠡᠷᠭᠡ ᠬᠦᠷᠢᠶᠡᠨ᠎ᠦ ᠲᠣᠭᠣᠷᠢᠨ᠎ᠳᠤ ᠴᠢᠨᠠᠷ ᠰᠠᠢᠲᠠᠢ ᠮᠥᠩᠭᠥᠨ ᠭᠦᠢᠯᠭᠡᠭᠡᠨ᠎ᠦ ᠡᠬᠢ ᠪᠠᠶᠠᠯᠢᠭ᠋᠎ᠤᠨ ᠬᠠᠩᠭᠠᠯᠭ᠎ᠠ᠎ᠶᠢ ᠨᠡᠮᠡᠭᠳᠡᠭᠦᠯᠵᠦ᠂ ᠮᠠᠨ᠎ᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠦᠨ ᠬᠤᠭᠤᠴᠠᠭᠠᠨ᠎ᠤ ᠬᠥᠭᠵᠢᠯᠲᠡ᠎ᠳᠦ ᠭᠦᠨᠵᠡᠭᠡᠢ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠨᠡᠩ ᠰᠠᠢᠲᠤᠷ 《ᠪᠡᠯᠡ ᠮᠥᠩᠭᠥ ᠬᠤᠷᠠᠮᠳᠤᠭᠤᠯᠵᠤ》᠂ 《ᠤᠶᠤᠨ ᠤᠬᠠᠭᠠᠨ ᠬᠤᠷᠠᠮᠳᠤᠭᠤᠯᠬᠤ》᠎ᠶ᠋ᠢ ᠬᠦᠰᠡᠵᠦ ᠪᠠᠢᠨ᠎ᠠ᠃ ᠪᠢᠳᠡ ᠦᠷᠭᠦᠯᠵᠢᠯᠡᠨ ᠲᠡᠷᠢᠭᠦᠨ ᠵᠡᠷᠭᠡ᠎ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠤᠢ ᠪᠣᠯᠭᠠᠵᠤ᠂ ᠵᠣᠯᠭᠠᠭᠤᠯᠬᠤ ᠲᠣᠭᠲᠠᠴᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠤᠰ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠩᠬᠢ᠎ᠶᠢ ᠪᠠᠭᠲᠠᠭᠠᠭᠰᠠᠨ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠳᠤ ᠪᠦᠬᠦ ᠬᠦᠴᠦᠨ᠎ᠢᠶᠡᠷ᠎ᠢᠶᠡᠨ ᠦᠢᠯᠡᠴᠢᠯᠡᠭᠡᠨ᠎ᠦ ᠪᠠᠲᠤᠯᠠᠭ᠎ᠠ᠎ᠶᠢ ᠰᠠᠢᠲᠤᠷ ᠬᠠᠩᠭᠠᠨ᠎ᠠ ᠭᠡᠪᠡ᠃
ᠲᠠᠨ ᠵᠢᠶᠦ᠋ᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠤᠯᠤᠰ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠩᠬᠢ᠎ᠶᠢ ᠬᠠᠯᠠᠮᠵᠢᠯᠠᠨ ᠳᠡᠮᠵᠢᠭᠰᠡᠨ᠎ᠳᠦ ᠲᠠᠯᠠᠷᠬᠠᠵᠤ᠂ ᠪᠠᠩᠬᠢ᠎ᠶᠢᠨ ᠡᠵᠡᠩᠨᠡᠯᠲᠡ᠎ᠶᠢᠨ ᠣᠳᠣᠬᠢ ᠪᠠᠢᠳᠠᠯ ᠪᠣᠯᠣᠨ ᠥᠪᠥᠷ ᠮᠣᠩᠭᠣᠯ᠎ᠳᠤ ᠲᠤᠬᠠᠢᠯᠠᠭᠰᠠᠨ ᠠᠵᠢᠯ ᠥᠷᠨᠢᠭᠦᠯᠵᠦ ᠪᠠᠢᠭ᠎ᠠ ᠪᠠᠢᠳᠠᠯ᠎ᠢᠶᠠᠨ ᠳᠥᠭᠥᠮ ᠲᠠᠨᠢᠯᠴᠠᠭᠤᠯᠪᠠ᠃ ᠲᠡᠷᠡ᠂ ᠤᠯᠤᠰ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠩᠬᠢ ᠥᠪᠥᠷ ᠮᠣᠩᠭᠣᠯ ᠯᠤᠭ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭ᠎ᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠬᠣᠢᠰᠢᠳᠠ ᠲᠤᠰ ᠪᠡᠶ᠎ᠡ᠎ᠶᠢᠨ ᠳᠠᠪᠠᠭᠤᠯᠢᠭ᠋᠎ᠢᠶᠠᠨ ᠪᠠᠳᠠᠷᠠᠭᠤᠯᠵᠤ᠂ ᠥᠪᠥᠷ ᠮᠣᠩᠭᠣᠯ᠎ᠤᠨ ᠬᠥᠭᠵᠢᠯᠲᠡ᠎ᠶᠢᠨ ᠪᠣᠳᠠᠲᠤ ᠪᠠᠢᠳᠠᠯ ᠲᠠᠢ ᠨᠡᠢᠴᠡᠭᠦᠯᠦᠨ ᠪᠥᠬᠥ ᠲᠠᠯ᠎ᠠ᠎ᠶᠢᠨ᠂ ᠶᠡᠷᠦᠩᠬᠡᠢᠯᠡᠭᠰᠡᠨ ᠴᠢᠨᠠᠷᠲᠠᠢ᠂ ᠰᠢᠨ᠎ᠡ᠎ᠶᠢ ᠡᠭᠦᠳᠬᠦ ᠴᠢᠨᠠᠷᠲᠠᠢ ᠦᠢᠯᠡᠴᠢᠯᠡᠭᠡ ᠬᠠᠩᠭᠠᠵᠤ᠂ ᠰᠠᠭᠤᠷᠢ ᠲᠥᠬᠥᠭᠡᠷᠦᠮᠵᠢ᠎ᠶᠢᠨ ᠪᠦᠲᠦᠭᠡᠨ ᠪᠠᠢᠭᠤᠯᠤᠯᠲᠠ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠂ ᠬᠣᠲᠠ᠎ᠶᠢ ᠰᠢᠨᠡᠳᠬᠡᠨ ᠥᠭᠡᠷᠡᠴᠢᠯᠡᠬᠦ᠂ ᠬᠢᠯᠢ ᠬᠢᠵᠠᠭᠠᠷ ᠬᠢᠯᠢ᠎ᠶᠢᠨ ᠪᠦᠲᠦᠭᠡᠨ ᠪᠠᠢᠭᠤᠯᠤᠯᠲᠠ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠶᠡᠷᠦᠩᠬᠡᠢ ᠬᠡᠮᠵᠢᠶ᠎ᠡ᠎ᠶᠢ ᠪᠠᠲᠤᠯᠠᠵᠤ᠂ ᠦᠢᠯᠡᠴᠢᠯᠡᠭᠡ᠎ᠶᠢ ᠰᠢᠯᠢᠳᠡᠭᠵᠢᠭᠦᠯᠵᠦ᠂ ᠥᠪᠥᠷ ᠮᠣᠩᠭᠣᠯ᠎ᠳᠤ ᠡᠨᠧᠷᠭᠢ᠎ᠶᠢᠨ ᠣᠨᠴᠠᠯᠢᠭ᠍ᠲᠤ ᠬᠤᠪᠢᠶᠠᠷᠢ ᠪᠠᠩᠬᠢ᠎ᠶᠢ ᠪᠠᠢᠭᠤᠯᠵᠤ᠂ ᠲᠥᠷᠥ᠎ᠶᠢᠨ ᠪᠣᠳᠣᠯᠭ᠎ᠠ᠎ᠶᠢᠨ ᠴᠢᠨᠠᠷᠲᠠᠢ ᠮᠥᠩᠭᠥᠨ ᠭᠦᠢᠯᠭᠡᠭᠡᠨ᠎ᠢᠶᠡᠷ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠴᠢᠨᠠᠷ ᠰᠠᠢᠲᠠᠢ ᠦᠢᠯᠡᠴᠢᠯᠡᠭᠡ ᠬᠠᠩᠭᠠᠬᠤ᠎ᠪᠠᠷ ᠴᠢᠷᠮᠠᠢᠨ᠎ᠠ ᠭᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠰᠢᠨ ᠣᠷᠣᠯᠴᠠᠵᠠᠢ᠃