10 ᠰᠠᠷ᠎ᠠ᠎ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠥᠩ ᠬᠥᠬᠡᠬᠣᠲᠠ᠎ᠳᠤ ᠰᠦ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠲᠣᠭᠠᠴᠢᠯᠠᠭᠰᠠᠨ ᠠᠵᠤ ᠠᠬᠤᠢ ᠵᠡᠷᠭᠡ ᠠᠵᠢᠯ᠎ᠢ ᠪᠠᠢᠴᠠᠭᠠᠨ ᠰᠤᠳᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢ ᠰᠠᠢᠲᠤᠷ ᠬᠡᠷᠡᠭᠵᠢᠭᠦᠯᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠶᠡᠬᠡᠪᠡᠷ ᠪᠣᠢᠵᠢᠭᠤᠯᠤᠨ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠬᠦᠴᠦᠯᠡᠨ ᠪᠠᠢᠭᠤᠯᠵᠤ᠂ ᠣᠳᠣᠬᠢᠴᠢᠯᠠᠭᠰᠠᠨ ᠲᠥᠪ ᠬᠣᠲᠠ᠎ᠶᠢ ᠲᠦᠷᠭᠡᠳᠬᠡᠨ ᠪᠦᠲᠦᠭᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠯᠠᠭ᠍ᠴᠢ ᠲᠡᠷᠢᠭᠦᠯᠡᠭᠴᠢ᠂ ᠬᠥᠬᠡᠬᠣᠲᠠ᠎ᠶᠢᠨ ᠨᠠᠮ᠎ᠤᠨ ᠬᠣᠷᠢᠶ᠎ᠠ᠎ᠶᠢᠨ ᠱᠦᠵᠢ ᠪᠦᠦ ᠭᠠᠩ ᠣᠷᠣᠯᠴᠠᠵᠠᠢ᠃

ᠸᠠᠩ ᠸᠧᠢ ᠵᠥᠩ ᠡᠩ ᠲᠡᠷᠢᠭᠦᠨ᠎ᠳᠦ ᠢᠯᠢ ᠣᠲᠣ᠌ ᠦᠶ᠎ᠡ᠎ᠶᠢᠨ ᠣᠶᠤᠨᠴᠢ ᠡᠷᠡᠭᠦᠯ ᠮᠡᠨᠳᠦ᠎ᠶᠢᠨ ᠬᠥᠨᠳᠡᠢ᠎ᠳᠦ ᠬᠦᠷᠴᠦ᠂ ᠣᠶᠤᠨᠴᠢ ᠦᠢᠯᠡᠳᠬᠦ ᠦᠢᠯᠡᠰ᠎ᠦᠨ ᠦᠢᠯᠡᠳᠪᠦᠷᠢᠯᠡᠯ᠎ᠦᠨ ᠱᠤᠭᠤᠮ᠎ᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠵᠦ᠂ ᠰᠦ᠎ᠶᠢᠨ ᠦᠢᠯᠡᠰ ᠦᠷ᠎ᠡ᠎ᠶᠢᠨ ᠢᠷᠡᠯᠲᠡ᠂ ᠦᠢᠯᠡᠳᠬᠦᠨ᠎ᠢ ᠰᠤᠳᠤᠯᠤᠨ ᠨᠡᠭᠡᠭᠡᠬᠦ᠂ ᠵᠠᠬ᠎ᠠ ᠳᠡᠯᠭᠡᠭᠦᠷ᠎ᠦᠨ ᠪᠣᠷᠤᠯᠠᠭᠤᠯᠭ᠎ᠠ ᠵᠡᠷᠭᠡ ᠪᠠᠢᠳᠠᠯ᠎ᠢ ᠨᠠᠷᠢᠨ ᠠᠰᠠᠭᠤᠵᠤ᠂ ᠢᠯᠢ ᠪᠦᠯᠦᠭᠯᠡᠯ᠎ᠦᠨ ᠬᠢᠨ ᠳᠡᠯᠡᠬᠡᠢ᠎ᠶᠢᠨ ᠣᠷᠣᠢᠯᠠᠭᠰᠠᠨ ᠰᠦ᠎ᠶᠢᠨ ᠠᠵᠤ ᠠᠬᠤᠢᠯᠠᠯ᠎ᠢᠶᠠᠷ ᠪᠠᠷᠢᠮᠵᠢᠶᠠᠯᠠᠵᠤ᠂ ᠰᠢᠨ᠎ᠡ᠎ᠶᠢ ᠡᠭᠦᠳᠬᠦ᠎ᠶᠢ ᠤᠯᠠᠮ ᠨᠢᠭᠡ ᠠᠯᠬᠤᠮ ᠴᠢᠩᠭᠠᠳᠬᠠᠵᠤ᠂ ᠦᠢᠯᠡᠳᠬᠦᠨ᠎ᠢᠶᠡᠨ ᠬᠦᠴᠦᠷᠬᠡᠭᠵᠢᠭᠦᠯᠵᠦ᠂ ᠲᠥᠷᠥᠯ ᠲᠡᠮᠳᠡᠭ᠎ᠢᠶᠡᠨ ᠰᠢᠯᠢᠳᠡᠭᠵᠢᠭᠦᠯᠵᠦ᠂ ᠬᠡᠪᠴᠢᠶ᠎ᠡ᠎ᠪᠡᠨ ᠪᠤᠵᠠᠭᠠᠢᠷᠠᠭᠤᠯᠵᠤ᠂ ᠵᠠᠬ᠎ᠠ ᠳᠡᠯᠭᠡᠭᠦᠷ᠎ᠲᠠᠬᠢ ᠡᠵᠡᠯᠡᠬᠦ ᠬᠡᠮᠵᠢᠶ᠎ᠡ᠎ᠪᠡᠨ ᠳᠡᠭᠡᠭᠰᠢᠯᠡᠭᠦᠯᠵᠦ᠂ ᠨᠠᠩ ᠥᠨᠳᠥᠷ ᠲᠦᠪᠰᠢᠨ ᠪᠦᠬᠦᠢ ᠣᠳᠣᠬᠢᠴᠢᠯᠠᠭᠰᠠᠨ ᠬᠡᠪ ᠳᠠᠭᠤᠷᠢᠶᠠᠯ ᠪᠣᠯᠬᠤ ᠠᠵᠤ ᠠᠬᠤᠢᠯᠠᠯ᠎ᠢ ᠪᠦᠲᠦᠭᠡᠨ ᠪᠠᠶ᠋ᠢᠭᠤᠯᠬᠤ᠎ᠶᠢ ᠬᠦᠰᠡᠪᠡ᠃ ᠲᠡᠷᠡ᠂ ᠥᠪᠥᠷ ᠮᠣᠩᠭᠣᠯ ᠪᠣᠯ ᠰᠦ᠎ᠶᠢᠨ ᠦᠢᠯᠡᠰ᠎ᠦᠨ ᠲᠣᠮᠣ᠌ ᠣᠷᠣᠨ ᠮᠥᠨ᠂ ᠤᠯᠤᠰ᠎ᠤᠨ ᠰᠦ᠎ᠶᠢᠨ ᠦᠢᠯᠡᠰ᠎ᠦᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠦᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭᠵᠢᠭᠦᠯᠬᠦ ᠡᠭᠦᠷᠭᠡ᠎ᠶᠢ ᠰᠠᠢᠲᠤᠷ ᠭᠦᠢᠴᠡᠳᠬᠡᠵᠦ᠂ ᠰᠠᠭᠠᠯᠢ᠎ᠶᠢᠨ ᠦᠨᠢᠶ᠎ᠡ ᠪᠣᠯᠣᠨ ᠲᠡᠵᠢᠭᠡᠯ ᠡᠪᠡᠰᠦᠨ᠎ᠦ ᠦᠷ᠎ᠡ᠎ᠶᠢᠨ ᠢᠷᠡᠯᠲᠡ᠎ᠶᠢᠨ 《ᠪᠣᠭᠣᠮᠢ》 ᠪᠣᠯᠵᠤ ᠪᠠᠢᠭ᠎ᠠ ᠠᠰᠠᠭᠤᠳᠠᠯ᠎ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠲᠣᠮᠣ᠌ ᠳᠤᠮᠳᠠ ᠪᠠᠭ᠎ᠠ ᠰᠦ᠎ᠶᠢᠨ ᠠᠵᠤ ᠠᠬᠤᠢᠯᠠᠯ᠎ᠤᠨ ᠬᠠᠮᠵᠢᠯᠴᠠᠨ ᠬᠥᠭᠵᠢᠬᠦ᠎ᠶᠢ ᠳᠡᠮᠵᠢᠵᠦ᠂ ᠵᠠᠬ᠎ᠠ ᠳᠡᠯᠭᠡᠭᠦᠷ᠎ᠦᠨ ᠬᠡᠷᠡᠭᠴᠡᠭᠡ ᠯᠦ᠍ᠭᠡ ᠨᠢᠭ᠍ᠲᠠ ᠤᠶᠠᠯᠳᠤᠭᠤᠯᠤᠨ ᠦᠢᠯᠡᠳᠬᠦᠨ᠎ᠦ ᠲᠥᠷᠥᠯ ᠵᠦᠢᠯ᠎ᠳᠦ ᠲᠣᠬᠢᠷᠠᠭᠤᠯᠤᠯᠲᠠ ᠬᠢᠵᠦ᠂ ᠴᠠᠭᠠᠨ ᠢᠳᠡᠭᠡᠨ᠎ᠦ ᠶᠠᠰᠤ ᠴᠢᠨᠠᠷ᠎ᠤᠨ ᠠᠮᠤᠷ ᠲᠦᠪᠰᠢᠨ᠎ᠦ ᠬᠠᠮᠢᠶᠠᠷᠤᠯᠲᠠ᠎ᠶᠢ ᠰᠠᠢᠲᠤᠷ ᠠᠳᠬᠤᠨ᠂ ᠠᠵᠤ ᠦᠢᠯᠡᠰ᠎ᠦᠨ ᠬᠡᠯᠬᠢᠶ᠎ᠡ᠎ᠶᠢᠨ ᠡᠯ᠎ᠡ ᠭᠣᠭᠴᠣᠭ᠎ᠠ᠎ᠶᠢᠨ ᠠᠰᠢᠭ᠋ ᠲᠤᠰᠠ᠎ᠶᠢᠨ ᠬᠣᠯᠪᠣᠯᠳᠤᠬᠤ ᠲᠣᠭᠲᠠᠴᠠ᠎ᠶᠢ ᠲᠡᠭᠦᠯᠳᠡᠷᠵᠢᠭᠦᠯᠵᠦ᠂ ᠰᠦ᠎ᠶᠢᠨ ᠦᠢᠯᠡᠰ᠎ᠦᠨ ᠨᠠᠩ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠶᠢ ᠠᠬᠢᠭᠤᠯᠬᠤ ᠬᠡᠷᠡᠭᠲᠡᠢ ᠭᠡᠪᠡ᠃

ᠵᠥᠩ ᠬᠤᠸᠠᠨ ᠠᠵᠤ ᠦᠢᠯᠡᠰ᠎ᠦᠨ ᠬᠦᠷᠢᠶᠡᠯᠡᠩ ᠪᠣᠯ ᠬᠥᠬᠡᠬᠣᠲᠠ᠎ᠶᠢᠨ ᠣᠲᠣ᠌ ᠦᠶ᠎ᠡ᠎ᠶᠢᠨ ᠠᠵᠤ ᠦᠢᠯᠡᠰ ᠲᠥᠪᠯᠡᠷᠡᠭᠰᠡᠨ ᠣᠷᠣᠨ ᠪᠣᠯᠣᠨ᠎ᠠ᠂ ᠬᠦᠷᠢᠶᠡᠯᠡᠩ ᠲᠣᠭᠣᠷᠢᠭ᠋᠎ᠤᠨ ᠠᠵᠤ ᠦᠢᠯᠡᠰ᠎ᠦᠨ ᠲᠥᠷᠥᠯ ᠵᠦᠢᠯ ᠤᠷᠤᠭᠰᠢᠲᠠᠢ ᠬᠡᠷᠡᠭᠵᠢᠭᠦᠯᠦᠭᠳᠡᠵᠦ᠂ ᠡᠮᠬᠢ ᠵᠢᠷᠤᠮ᠎ᠲᠠᠢ ᠶᠠᠪᠤᠭᠳᠠᠵᠤ ᠪᠠᠢᠬᠤ᠎ᠶᠢ ᠦᠵᠡᠭᠡᠳ ᠸᠠᠩ ᠸᠧᠢ ᠵᠥᠩ ᠭᠦᠢᠴᠡᠳ ᠨᠤᠲᠠᠯᠠᠪᠠ᠃ ᠲᠡᠷᠡ᠂ ᠡᠯ᠎ᠡ ᠱᠠᠲᠤᠨ᠎ᠤ ᠬᠢᠨ ᠶᠡᠷᠦᠩᠬᠡᠢ ᠱᠦᠵᠢ ᠰᠢ ᠵᠢᠨ ᠫᠢᠩ᠎ᠦᠨ 《ᠪᠣᠬᠢᠷᠲᠤᠯ ᠦᠭᠡᠢ ᠡᠨᠧᠷᠭᠢ᠎ᠶᠢ ᠶᠡᠬᠡᠪᠡᠷ ᠬᠥᠭᠵᠢᠭᠦᠯᠬᠦ》 ᠲᠤᠬᠠᠢ ᠴᠢᠬᠤᠯᠠ ᠵᠢᠭᠠᠪᠤᠷᠢ᠎ᠶᠢᠨ ᠱᠠᠭᠠᠷᠳᠠᠯᠭ᠎ᠠ ᠶᠣᠰᠣᠭᠠᠷ᠂ ᠳᠡᠭᠡᠳᠦ ᠳᠡᠰᠵᠢᠭᠦᠯᠬᠦ᠂ ᠣᠶᠤᠨᠴᠢᠯᠠᠬᠤ᠂ ᠪᠣᠬᠢᠷᠲᠤᠯ ᠦᠭᠡᠢᠵᠢᠭᠦᠯᠬᠦ ᠴᠢᠭᠯᠡᠯ᠎ᠢ ᠪᠠᠷᠢᠮᠲᠠᠯᠠᠵᠤ᠂ ᠤᠯᠠᠮᠵᠢᠯᠠᠯᠲᠤ ᠡᠨᠧᠷᠭᠢ᠎ᠶᠢᠨ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠰᠢᠭᠦᠯᠬᠦ᠎ᠶᠢ ᠬᠦᠴᠦᠯᠡᠨ ᠠᠬᠢᠭᠤᠯᠵᠤ᠂ ᠰᠢᠨ᠎ᠡ ᠡᠨᠧᠷᠭᠢ᠎ᠶᠢᠨ ᠬᠥᠭᠵᠢᠯᠲᠡ᠎ᠳᠦ ᠬᠡᠷᠡᠭᠰᠡᠬᠦ ᠰᠢᠨ᠎ᠡ ᠮᠠᠲᠧᠷᠢᠶᠠᠯ᠂ ᠰᠢᠨ᠎ᠡ ᠲᠣᠨᠣᠭᠯᠠᠯ᠎ᠢ ᠰᠤᠳᠤᠯᠤᠨ ᠨᠡᠭᠡᠭᠡᠵᠦ ᠦᠢᠯᠡᠳᠪᠦᠷᠢᠯᠡᠬᠦ᠎ᠶᠢ ᠲᠦᠷᠭᠡᠳᠬᠡᠵᠦ᠂ ᠤᠯᠤᠰ᠎ᠤᠨ ᠴᠢᠬᠤᠯᠠ ᠡᠨᠧᠷᠭᠢ ᠪᠣᠯᠣᠨ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ᠎ᠢ ᠪᠤᠵᠠᠭᠠᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢ᠍ᠭᠤᠯᠤᠯᠲᠠ᠎ᠶᠢᠨ ᠲᠦᠪᠰᠢᠨ᠎ᠢᠶᠡᠨ ᠳᠡᠭᠡᠭᠰᠢᠯᠡᠭᠦᠯᠵᠦ᠂ ᠠᠵᠤ ᠠᠬᠤᠢᠯᠠᠯ᠎ᠢ ᠣᠷᠣᠭᠤᠯᠤᠨ ᠠᠪᠴᠢᠷᠠᠵᠤ᠂ ᠠᠵᠤ ᠦᠢᠯᠡᠰ᠎ᠢ ᠲᠥᠪᠯᠡᠷᠡᠭᠦᠯᠬᠦ ᠴᠢᠳᠠᠪᠤᠷᠢ᠎ᠪᠠᠨ ᠨᠡᠮᠡᠭᠳᠡᠭᠦᠯᠬᠦ ᠬᠡᠷᠡᠭᠲᠡᠢ ᠭᠡᠪᠡ᠃

ᠸᠠᠩ ᠸᠧᠢ ᠵᠦᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠠᠵᠢᠯ᠎ᠢ ᠮᠠᠰᠢ ᠬᠠᠯᠠᠮᠵᠢᠯᠠᠵᠤ᠂ ᠺᠧ ᠲᠦᠸᠧ ᠠᠮᠢᠳᠤ ᠪᠣᠳᠠᠰ᠎ᠤᠨ ᠬᠢᠵᠠᠭᠠᠷᠲᠤ ᠺᠣᠮᠫᠠᠨᠢ᠎ᠳᠤ ᠬᠦᠷᠴᠦ᠂ ᠠᠰᠢᠭ᠍ᠲᠤ ᠪᠠᠺᠲ᠋ᠧᠷᠢ᠎ᠶᠢᠨ ᠦᠷ᠎ᠡ ᠡᠳ᠋᠎ᠦᠨ ᠡᠬᠢ ᠪᠠᠶᠠᠯᠢᠭ᠋᠎ᠤᠨ ᠬᠥᠮᠥᠷᠭᠡ᠎ᠶᠢᠨ ᠪᠦᠲᠦᠭᠡᠨ ᠪᠠᠢᠭᠤᠯᠤᠯᠲᠠ ᠵᠢᠴᠢ ᠠᠵᠤ ᠦᠢᠯᠡᠰ᠎ᠦᠨ ᠰᠢᠨ᠎ᠡ᠎ᠶᠢ ᠡᠭᠦᠳᠦᠭᠰᠡᠨ ᠪᠠᠢᠳᠠᠯ᠎ᠢ ᠭᠦᠨᠵᠡᠭᠡᠢ ᠣᠢᠯᠠᠭᠠᠪᠠ᠃ ᠲᠡᠷᠡ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠪᠠᠢᠭᠤᠯᠤᠯ ᠲᠣᠭᠲᠠᠴᠠ᠎ᠶᠢ ᠨᠢᠭᠡ ᠴᠣᠭᠴᠠᠵᠢᠭᠤᠯᠤᠭᠰᠠᠨ ᠥᠭᠡᠷᠡᠴᠢᠯᠡᠯᠲᠡ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠠᠬᠤᠢᠯᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠭᠣᠣᠯᠳᠠᠯᠭ᠎ᠠ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠᠢᠭᠤᠯᠤᠮᠵᠢ ᠪᠠ ᠲᠠᠪᠴᠠᠩ᠎ᠤᠨ ᠪᠠᠢᠭᠤᠯᠤᠯᠲᠠ᠎ᠶᠢ ᠳᠡᠮᠵᠢᠵᠦ᠂ ᠣᠷᠣᠨ᠎ᠤ ᠳᠣᠲᠣᠷᠠᠬᠢ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠰᠠᠢᠲᠤᠷ ᠠᠰᠢᠭᠯᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠯᠤᠭ᠎ᠠ᠎ᠶᠢᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠬᠦᠴᠦ᠎ᠪᠡᠨ ᠲᠥᠪᠯᠡᠷᠡᠭᠦᠯᠦᠨ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠰᠢᠪᠲᠤᠯᠬᠤ ᠠᠵᠢᠯ᠎ᠢ ᠥᠷᠨᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠨ ᠬᠥᠭᠵᠢᠬᠦ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠸᠠ ᠸᠧᠢ ᠡᠭᠦᠯᠡᠨ᠎ᠦ ᠬᠣᠷᠢᠨᠭᠡᠷ ᠳ᠋ᠠᠢᠲ᠋ᠠ᠎ᠶᠢᠨ ᠲᠥᠪ᠎ᠲᠦ᠂ ᠸᠠᠩ ᠸᠧᠢ ᠵᠥᠩ ᠬᠣᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ᠎ᠦᠨ ᠬᠢᠨ ᠤᠯᠤᠰ᠎ᠤᠨ 《ᠵᠡᠭᠦᠨᠳᠡᠬᠢ ᠲᠣᠭ᠎ᠠ ᠪᠠᠷᠢᠮᠲᠠ᠎ᠶᠢ ᠪᠠᠷᠠᠭᠤᠨᠲᠠᠬᠢ ᠪᠣᠳᠣᠯᠲᠠ᠎ᠶᠢᠨ ᠬᠦᠴᠦᠨ᠎ᠢᠶᠡᠷ ᠲᠤᠯᠭᠠᠭᠤᠷᠢᠯᠠᠬᠤ》᠎ᠶᠢ ᠠᠬᠢᠭᠤᠯᠬᠤ ᠠᠵᠠ ᠲᠣᠬᠢᠶᠠᠯ᠎ᠢ ᠠᠮᠵᠢᠵᠤ᠂ ᠪᠦᠬᠦ ᠤᠯᠤᠰ᠎ᠤᠨ ᠪᠣᠳᠣᠯᠲᠠ᠎ᠶᠢᠨ ᠬᠦᠴᠦᠨ᠎ᠦ ᠪᠠᠲᠤᠯᠠᠭ᠎ᠠ᠎ᠶᠢᠨ ᠰᠠᠭᠤᠷᠢᠨ ᠪᠠ ᠪᠦᠬᠦ ᠤᠯᠤᠰ᠎ᠤᠨ ᠪᠣᠬᠢᠷᠲᠤᠯ ᠦᠭᠡᠢ ᠪᠣᠳᠣᠯᠲᠠ᠎ᠶᠢᠨ ᠬᠦᠴᠦᠨ᠎ᠦ ᠥᠨᠳᠥᠷᠯᠢᠭ᠎ᠢ ᠴᠣᠭᠴᠠᠯᠠᠵᠤ᠂ ᠬᠡᠪᠴᠢᠶ᠎ᠡ᠎ᠶᠢ ᠥᠷᠭᠡᠳᠬᠡᠬᠦ ᠪᠠ ᠴᠢᠳᠠᠪᠤᠷᠢ᠎ᠶᠢ ᠳᠡᠭᠡᠭᠰᠢᠯᠡᠭᠦᠯᠬᠦ᠎ᠶᠢ ᠵᠡᠷᠭᠡ᠎ᠪᠡᠷ ᠶᠠᠪᠤᠭᠳᠠᠭᠤᠯᠬᠤ᠎ᠶᠢ ᠴᠢᠬᠤᠯᠠᠴᠢᠯᠠᠵᠤ᠂ ᠪᠣᠳᠣᠯᠲᠠ᠎ᠶᠢᠨ ᠬᠦᠴᠦᠨ ᠪᠠ ᠪᠣᠬᠢᠷᠲᠤᠯ ᠦᠭᠡᠢ ᠴᠠᠬᠢᠯᠭᠠᠨ᠎ᠢ ᠬᠠᠮᠵᠢᠯᠴᠠᠭᠤᠯᠬᠤ᠎ᠶᠢ ᠠᠬᠢᠭᠤᠯᠵᠤ᠂ ᠳ᠋ᠠᠢᠲ᠋ᠠ᠎ᠶᠢ ᠴᠡᠪᠡᠷᠯᠡᠨ ᠴᠡᠭᠴᠡᠯᠡᠬᠦ᠂ ᠲᠣᠳᠣᠷᠬᠠᠢᠯᠠᠨ ᠲᠡᠮᠳᠡᠭᠯᠡᠬᠦ ᠵᠡᠷᠭᠡ ᠳᠣᠣᠷᠠᠳᠤ ᠬᠡᠯᠬᠢᠶ᠎ᠡ᠎ᠶᠢᠨ ᠠᠵᠤ ᠦᠢᠯᠡᠰ᠎ᠢ ᠶᠡᠬᠡᠪᠡᠷ ᠬᠥᠭᠵᠢᠭᠦᠯᠵᠦ᠂ ᠪᠣᠳᠣᠯᠲᠠ᠎ᠶᠢᠨ ᠬᠦᠴᠦᠨ᠎ᠦ ᠬᠡᠷᠡᠭᠯᠡᠭᠡᠨ᠎ᠦ ᠦᠵᠡᠭᠳᠡᠯ᠎ᠢ ᠳᠠᠰᠤᠷᠠᠯᠳᠠ ᠦᠭᠡᠢ ᠥᠷᠭᠡᠳᠬᠡᠵᠦ᠂ ᠵᠣᠬᠢᠶᠠᠮᠠᠯ ᠤᠶᠤᠨ ᠴᠢᠳᠠᠪᠤᠷᠢ ᠵᠡᠷᠭᠡ ᠤᠳᠤ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ ᠬᠢᠭᠡᠳ ᠡᠯ᠎ᠡ ᠠᠵᠢᠯ ᠲᠦᠷᠦᠯ᠎ᠦᠨ ᠡᠯ᠎ᠡ ᠬᠦᠷᠢᠶᠡᠨ᠎ᠳᠡᠬᠢ ᠭᠦᠨᠵᠡᠭᠡᠢ ᠠᠭᠤᠰᠤᠯᠴᠠᠯ᠎ᠢ ᠲᠦᠷᠭᠡᠳᠬᠡᠵᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠨᠡᠩ ᠰᠠᠢᠨ ᠬᠦᠴᠦᠨ ᠣᠯᠭᠣᠬᠤ ᠬᠡᠷᠡᠭᠲᠡᠢ ᠭᠡᠵᠦ ᠱᠠᠭᠠᠷᠳᠠᠪᠠ᠃
ᠪᠠᠢᠴᠠᠭᠠᠨ ᠰᠤᠳᠤᠯᠬᠤ ᠳᠤᠮᠳᠠ᠂ ᠸᠠᠩ ᠸᠧᠢ ᠵᠥᠩ ᠬᠥᠬᠡᠬᠣᠲᠠ᠎ᠶᠢᠨ ᠠᠵᠢᠯ᠎ᠢ ᠨᠤᠲᠠᠯᠠᠵᠤ᠂ ᠲᠦᠷᠦᠭᠦᠯᠡᠨ ᠬᠢᠬᠦ ᠤᠬᠠᠮᠰᠠᠷ ᠪᠣᠯᠣᠨ ᠬᠠᠷᠢᠭᠤᠴᠠᠯᠭ᠎ᠠ ᠡᠭᠦᠷᠭᠡᠯᠡᠯ᠎ᠢᠶᠡᠨ ᠤᠯᠠᠮ ᠨᠢᠭᠡ ᠠᠯᠬᠤᠮ ᠴᠢᠩᠭᠠᠳᠬᠠᠵᠤ᠂ 《ᠬᠣᠶᠠᠳᠤᠭᠠᠷ ᠬᠣᠲᠠ᠎ᠠᠴᠠ ᠳᠠᠪᠠᠬᠤ ᠬᠡᠮᠵᠢᠶ᠎ᠡ》᠎ᠪᠡᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠥ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢᠨ ᠳᠤᠮᠳᠠ ᠨᠢᠷᠤᠭᠤᠪᠴᠢ ᠬᠦᠴᠦᠨ ᠪᠣᠯᠬᠤ ᠬᠡᠷᠡᠭᠲᠡᠢ ᠭᠡᠵᠦ ᠱᠠᠭᠠᠷᠳᠠᠪᠠ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ ᠠᠵᠢᠯᠯᠠᠭ᠎ᠠ᠎ᠳᠤ ᠣᠷᠣᠯᠴᠠᠵᠠᠢ᠃