10 ᠰᠠᠷ᠎ᠠ᠎ᠶᠢᠨ 26᠎ᠡᠴᠡ 27᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶᠢᠨ ᠱᠦᠵᠢ ᠸᠠᠩ ᠸᠧᠢ ᠵᠦᠩ ᠪᠤᠭᠤᠲᠤ ᠬᠤᠳᠠ᠎ᠳᠦ ᠬᠦᠷᠴᠦ᠂ ᠬᠣᠲᠠ᠎ᠶᠢᠨ ᠲᠥᠯᠥᠪᠵᠢᠭᠦᠯᠭᠡ᠎ᠶᠢᠨ ᠪᠦᠲᠦᠭᠡᠨ ᠪᠠᠢᠭᠤᠯᠤᠯᠲᠠ᠂ ᠭᠣᠣᠯᠳᠠᠯᠭ᠎ᠠ ᠲᠠᠶ ᠠᠵᠤ ᠦᠢᠯᠡᠰ᠎ᠤᠨ ᠬᠥᠭ᠌ᠵᠢᠯᠲᠡ᠂ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ᠎ᠶᠢᠨ ᠠᠵᠢᠯᠯᠠᠭ᠎ᠠ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠵᠦ᠍ ᠱᠢᠨ᠎ᠡ᠎ᠶᠢ ᠡᠭᠦᠳᠬᠦ᠌ ᠵᠡᠷᠭᠡ ᠠᠵᠢᠯ᠎ᠢ ᠪᠠᠢᠴᠠᠭᠠᠨ ᠰᠤᠳᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠤᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠬᠠᠮᠲᠤ᠎ᠪᠠᠷ ᠪᠠᠶᠠᠵᠢᠬᠤ᠎ᠶᠢ ᠯᠠᠪᠳᠠᠭᠤᠨ᠎ᠢᠶᠠᠷ ᠠᠬᠢᠭᠤᠯᠵᠤ᠂ ᠬᠠᠭᠤᠴᠢᠨ ᠠᠵᠤ ᠦᠶ᠋ᠯᠡᠳᠪᠦᠷᠢ᠎ᠶᠢᠨ ᠰᠠᠭᠤᠷᠢᠨ᠎ᠤ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠪᠦᠲᠦᠭᠡᠨ ᠪᠠᠢᠭᠤᠯᠬᠤ ᠲᠠᠯ᠎ᠠ᠎ᠪᠠᠷ ᠨᠡᠩ ᠶᠡᠬᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭᠲᠡᠢ ᠭᠡᠵᠦ᠍ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠣᠷᠣᠯᠴᠠᠵᠠᠢ᠃

ᠸᠠᠩ ᠸᠧᠶ ᠵᠥᠩ ᠡᠩ ᠲᠡᠷᠢᠭᠦᠨ᠎ᠳᠦ ᠪᠤᠭᠤᠲᠤ ᠬᠣᠲᠠ᠎ᠶ᠋ᠢᠨ ᠬᠣᠲᠠ᠎ᠶ᠋ᠢᠨ ᠲᠥᠯᠥᠪᠵᠢᠭᠦᠯᠭᠡ᠎ᠶ᠋ᠢᠨ ᠦᠵᠡᠰᠭᠦᠯᠡᠩ᠎ᠦᠨ ᠣᠷᠳᠣᠨ᠎ᠢᠶᠡᠷ ᠲᠣᠭᠣᠷᠢᠨ ᠦᠵᠡᠵᠦ᠍᠂ ᠬᠣᠲᠠ᠎ᠶ᠋ᠢᠨ ᠬᠥᠭ᠌ᠵᠢᠯᠲᠡ᠎ᠶ᠋ᠢᠨ ᠲᠡᠦᠬᠡ ᠪᠠ ᠬᠣᠲᠠ᠎ᠶ᠋ᠢᠨ ᠲᠥᠯᠥᠪᠵᠢᠭᠦᠯᠭᠡ᠂ ᠪᠥᠲᠥᠭᠡᠨ ᠪᠠᠢᠭᠤᠯᠤᠯᠲᠠ᠂ ᠵᠠᠰᠠᠯᠲᠠ᠎ᠶ᠋ᠢᠨ ᠪᠠᠢᠳᠠᠯ᠎ᠢ ᠨᠠᠷᠢᠨ ᠣᠢᠯᠠᠭᠠᠵᠤ᠂ ᠬᠣᠲᠠ᠎ᠶ᠋ᠢᠨ ᠱᠢᠨᠡᠴᠢᠯᠡᠯᠲᠡ᠎ᠶ᠋ᠢ ᠠᠬᠢᠭᠤᠯᠬᠤ᠎ᠪᠠᠷ ᠴᠢᠬᠤᠯᠠ ᠭᠠᠷᠳᠠᠴᠠ ᠪᠣᠯᠭᠠᠵᠤ᠂ ᠬᠣᠲᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠬᠦ᠌᠂ ᠬᠥᠳᠡᠯᠭᠡᠬᠦ᠌ ᠡᠨᠧᠷᠭᠢ᠎ᠶ᠋ᠢ ᠬᠤᠪᠢᠷᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ᠂ ᠰᠣᠶᠣᠯ᠎ᠤᠨ ᠰᠤᠳᠠᠰᠤ᠎ᠶ᠋ᠢ ᠦᠷᠭᠦᠯᠵᠢᠯᠡᠭᠦᠯᠬᠦ᠌᠂ ᠵᠠᠰᠠᠯᠲᠠ᠎ᠶ᠋ᠢᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠭᠦᠨᠵᠡᠭᠡᠶ ᠠᠬᠢᠭᠤᠯᠵᠤ᠂ ᠣᠳᠣᠬᠢᠴᠢᠯᠠᠭ᠍ᠰᠠᠨ ᠠᠷᠠᠳ᠎ᠤᠨ ᠬᠣᠲᠠ᠎ᠶ᠋ᠢ ᠰᠠᠢᠲᠤᠷ ᠪᠥᠲᠥᠭᠡᠨ ᠪᠠᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃

ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠳᠦ᠂ ᠸᠠᠩ ᠸᠧᠢ ᠵᠦᠩ 《ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠤᠭᠤᠲᠤ᠎ᠶ᠋ᠢᠨ ᠪᠤᠯᠤᠳ ᠲᠡᠮᠦᠷ᠎ᠦᠨ ᠦᠢᠯᠡᠳᠪᠦᠷᠢ᠎ᠶᠢ ᠪᠠᠢᠭᠤᠯᠤᠭᠰᠠᠨ》 ᠦᠵᠡᠰᠭᠦᠯᠡᠩ᠎ᠦᠨ ᠣᠷᠳᠣᠨ᠂ ᠬᠣᠪᠣᠷ ᠱᠢᠷᠣᠢ᠎ᠶ᠋ᠢᠨ ᠪᠤᠯᠤᠳ᠎ᠤᠨ ᠬᠦᠢᠳᠡᠨ ᠬᠡᠪᠱᠢᠭᠦᠯᠭᠡᠲᠤ ᠬᠠᠪᠲᠠᠰᠤ᠎ᠶ᠋ᠢᠨ ᠦᠢᠯᠡᠳᠪᠦᠷᠢ᠂ ᠬᠣᠪᠣᠷ ᠱᠢᠷᠣᠢ᠎ᠶ᠋ᠢᠨ ᠪᠣᠬᠢᠷᠲᠤᠯ ᠦᠭᠡᠢ ᠲᠡᠮᠦᠷᠯᠢᠭ ᠬᠠᠢᠯᠤᠭᠤᠯᠬᠤ ᠲᠦᠷᠦᠯ ᠵᠦᠢᠯ᠎ᠦᠨ ᠲᠤᠬᠠᠢ᠎ᠶ᠋ᠢᠨ ᠲᠠᠯᠠᠪᠠᠢ᠎ᠳᠤ ᠬᠦᠷᠴᠦ᠍ ᠥᠵᠡᠰᠬᠥᠯᠡᠨᠭ᠎ᠢ ᠦᠵᠡᠵᠦ᠍᠂ ᠲᠠᠨᠢᠯᠴᠠᠭᠤᠯᠭ᠎ᠠ᠎ᠶ᠋ᠢ ᠰᠣᠨᠣᠰᠪᠠ᠃ ᠲᠡᠷᠡ᠂ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ ᠬᠢᠨ ᠲᠡᠦᠬᠡᠨ ᠳᠡᠭᠡᠷ᠎ᠡ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠪᠦᠳᠦᠭᠡᠨ ᠪᠠᠢᠭᠤᠯᠤᠯᠲᠠ᠎ᠳᠤ ᠴᠢᠬᠤᠯᠠ ᠬᠤᠪᠢ ᠨᠡᠮᠡᠷᠢ ᠦᠵᠡᠭᠦᠯᠵᠡᠢ᠂ ᠱᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠮᠡᠷᠭᠡᠵᠢᠯ᠎ᠢ ᠲᠡᠰ ᠳᠡᠪᠱᠢᠭᠦᠯᠬᠦ᠌ ᠪᠠ ᠦᠢᠯᠡᠳᠬᠦᠨ᠎ᠢ ᠰᠤᠳᠤᠯᠤᠨ ᠨᠡᠭᠡᠭᠡᠵᠦ᠍ ᠱᠢᠨ᠎ᠡ᠎ᠶ᠋ᠢ ᠡᠭᠦᠳᠬᠦ᠌᠎ᠶ᠋ᠢ ᠲᠦᠷᠭᠡᠳᠭᠡᠵᠦ᠍᠂ ᠨᠡᠩ ᠥᠨᠳᠥᠷ ᠲᠦᠪᠱᠢᠨ ᠪᠦᠬᠦᠢ ᠣᠳᠣᠬᠢᠴᠢᠯᠠᠭ᠍ᠰᠠᠨ ᠠᠵᠤ ᠠᠬᠤᠢᠯᠠᠯ᠎ᠢ ᠴᠣᠭ᠍ᠴᠠᠯᠠᠵᠤ᠂ 《ᠬᠣᠶᠠᠷ ᠬᠣᠪᠣᠷ ᠱᠢᠷᠣᠢ᠎ᠶ᠋ᠢᠨ ᠰᠠᠭᠤᠷᠢᠨ》᠎ᠢ ᠴᠢᠨᠠᠷ ᠰᠠᠢᠲᠠᠢ ᠪᠦᠳᠦᠭᠡᠨ ᠪᠠᠢᠭᠤᠯᠬᠤ ᠰᠠᠢᠨ ᠭᠣᠣᠯ ᠬᠦᠴᠦᠨ ᠪᠣᠯᠬᠤ ᠬᠡᠷᠡᠭ᠌ᠲᠡᠢ ᠭᠡᠵᠦ᠍ ᠬᠡᠯᠡᠪᠡ᠃






ᠶᠢᠩ ᠰᠧ ᠲᠸ ᠬᠣᠪᠣᠷ ᠰᠣᠷᠢᠨᠵᠢᠨ ᠱᠢᠨ᠎ᠡ ᠮᠠᠲ᠋ᠧᠷᠢᠶᠠᠯ᠎ᠤᠨ ᠺᠣᠮᠫᠠᠨᠢ᠂ ᠲᠦᠩ ᠸᠧᠢ ᠴᠠᠬᠢᠭᠤᠷ ᠡᠨᠧᠷᠭᠢ᠎ᠶ᠋ᠢᠨ ᠺᠣᠮᠫᠠᠨᠢ᠂ ᠭᠤᠸᠠᠩ ᠸᠧᠢ ᠨᠡᠭᠦᠷᠡᠰᠦᠨ ᠱᠢᠷᠬᠡᠭᠯᠢᠭᠦᠨ ᠺᠣᠮᠫᠠᠨᠢ᠂ ᠨᠢᠭᠡᠳᠦᠭᠡᠷ ᠮᠠᠱᠢᠨ ᠮᠧᠬᠠᠨᠢᠭ᠎ᠤᠨ ᠪᠦᠯᠦᠭ᠌ᠯᠡᠯ᠂ ᠤᠮᠠᠷᠠᠲᠤ᠎ᠶ᠋ᠢᠨ ᠬᠦᠨᠳᠦ ᠠᠵᠤ ᠦᠢᠯᠡᠳᠪᠦᠷᠢ᠎ᠶ᠋ᠢᠨ ᠪᠦᠯᠦᠭ᠌ᠯᠡᠯ ᠪᠣᠯᠤᠨ ᠮᠢᠩ ᠶᠠᠩ ᠱᠢᠨ᠎ᠡ ᠡᠨᠧᠷᠭᠢ᠎ᠶ᠋ᠢᠨ ᠣᠶᠤᠨᠴᠢ ᠦᠢᠯᠡᠳᠬᠦ᠌ ᠠᠵᠤ ᠦᠢᠯᠡᠰ᠎ᠦᠨ ᠬᠦᠷᠢᠶᠡᠯᠡᠩ᠎ᠳᠤ᠂ ᠸᠠᠩ ᠸᠧᠢ ᠵᠦᠩ ᠦᠵᠡᠬᠦ᠌᠎ᠶ᠋ᠢᠨ ᠳᠠᠭᠠᠤ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠲᠠᠶ ᠰᠠᠨᠠᠯ᠎ᠢᠶᠠᠨ ᠰᠣᠯᠢᠯᠴᠠᠵᠤ᠂ ᠲᠠᠯᠠᠰᠲᠤ ᠴᠠᠬᠢᠭᠤᠷ᠂ ᠱᠢᠨ᠎ᠡ ᠮᠠᠲ᠋ᠧᠷᠢᠶᠠᠯ᠂ ᠲᠣᠨᠣᠭ᠍ᠯᠠᠯ ᠦᠢᠯᠡᠳᠬᠦ᠌ ᠵᠡᠷᠭᠡ ᠠᠵᠤ ᠦᠢᠯᠡᠰ᠎ᠦᠨ ᠬᠥᠭ᠌ᠵᠢᠯᠲᠡ ᠪᠣᠯᠤᠨ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠂ ᠦᠢᠯᠡᠳᠪᠦᠷᠢᠯᠡᠯ᠎ᠤᠨ ᠠᠵᠢᠯᠯᠠᠭᠠᠨ᠂ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶ᠋ᠢᠨ ᠪᠠᠢᠳᠠᠯ᠎ᠢ ᠨᠠᠷᠢᠨ ᠠᠰᠠᠭᠤᠵᠤ᠂ ᠠᠵᠤ ᠠᠬᠤᠢᠯᠠᠯ᠎ᠤᠨ ᠦᠢᠯᠡᠳᠬᠦᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠭᠤᠯᠤᠭ᠍ᠳᠠᠴᠠ᠎ᠪᠠᠨ ᠨᠡᠮᠡᠭ᠌ᠳᠡᠭᠦᠯᠵᠦ᠍᠂ ᠠᠵᠤ ᠦᠢᠯᠡᠰ᠎ᠦᠨ ᠬᠡᠯᠬᠢᠶ᠎ᠡ᠎ᠪᠡᠨ ᠤᠷᠲᠤᠳᠭᠠᠵᠤ᠂ ᠨᠡᠮᠡᠯᠲᠡ ᠦᠷᠳᠡᠭ᠎ᠢᠶᠡᠨ ᠳᠡᠭᠡᠭ᠌ᠰᠢᠯᠡᠭᠦᠯᠵᠦ᠍᠂ ᠳᠡᠭᠡᠳᠦ ᠲᠡᠰᠴᠢᠯᠡᠭᠰᠡᠨ᠂ ᠤᠶᠤᠨᠴᠢᠯᠠᠭ᠍ᠰᠠᠨ᠂ ᠪᠣᠬᠢᠷᠲᠤᠯ ᠦᠭᠡᠢ ᠬᠥᠭ᠌ᠵᠢᠯᠲᠡ᠎ᠶ᠋ᠢ ᠲᠦᠷᠭᠡᠳᠭᠡᠬᠦ᠌᠎ᠶ᠋ᠢ ᠵᠣᠷᠢᠭ᠍ᠵᠢᠭᠤᠯᠪᠠ᠃

27᠎ᠤ᠋ ᠦᠳᠡ᠎ᠶᠢᠨ ᠬᠣᠢᠨ᠎ᠠ᠂ ᠸᠠᠩ ᠸᠧᠢ ᠵᠥᠩ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠪᠤᠭᠤᠲᠤ ᠬᠣᠲᠠ᠎ᠶᠢᠨ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠪᠠ᠃ ᠲᠡᠷᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ᠎ᠶᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠢᠰᠢᠳᠠ᠎ᠶᠢᠨ ᠭᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶᠢᠨ ᠡᠭᠦᠷᠭᠡ ᠮᠦᠨ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ᠎ᠶᠢ ᠦᠳᠲᠡᠷ ᠲᠦᠷᠭᠡᠨ ᠪᠤᠢ ᠪᠤᠯᠭᠠᠵᠤ᠂ ᠰᠤᠷᠤᠯᠴᠠᠨ ᠣᠢᠯᠠᠭᠠᠵᠤ ᠨᠡᠪᠲᠡᠷᠡᠲᠡᠯ᠎ᠡ ᠡᠵᠡᠮᠰᠢᠨ᠂ ᠪᠤᠳᠤᠯ ᠰᠡᠳᠬᠢᠯ᠎ᠳᠡᠭᠡᠨ ᠬᠠᠳᠠᠩᠰᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠡ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠲᠤᠬᠠᠢ᠎ᠶᠢᠨ ᠭᠠᠵᠠᠷ ᠣᠷᠣᠨ᠎ᠤ᠎ᠪᠠᠨ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠠᠬᠢ ᠬᠥᠭᠵᠢᠯᠲᠡ᠎ᠶᠢ ᠤᠬᠠᠭᠠᠯᠠᠵᠤ ᠲᠦᠯᠦᠪᠯᠡᠨ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠤᠭᠲᠠᠭᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠬᠦ ᠬᠡᠷᠡᠭᠲᠡᠢ ᠭᠡᠵᠤ ᠬᠡᠯᠡᠪᠡ᠃
ᠸᠠᠩ ᠸᠧᠢ ᠵᠦᠩ ᠪᠤᠭᠤᠲᠤ ᠬᠤᠳᠠ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠦᠷ᠎ᠡ ᠪᠦᠲᠦᠮᠵᠢ᠎ᠶᠢ ᠭᠦᠢᠴᠡᠳ ᠨᠤᠲᠠᠯᠠᠭᠰᠠᠨ᠎ᠤ ᠬᠠᠮᠲᠤ ᠠᠵᠢᠯ᠎ᠤᠨ ᠱᠠᠭᠠᠷᠳᠠᠯᠭ᠎ᠠ ᠳᠤᠷᠠᠳᠴᠠᠢ᠃ ᠲᠡᠷᠡ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠸᠮ᠎ᠢ ᠲᠦᠷᠭᠡᠳᠬᠡᠨ ᠪᠠᠢᠭᠤᠯᠵᠤ᠂ ᠬᠣᠪᠣᠷ ᠰᠢᠷᠣᠢ᠂ ᠪᠣᠯᠣᠳ ᠲᠡᠮᠦᠷ᠂ ᠬᠥᠩᠭᠡᠨᠴᠠᠭᠠᠨ᠎ᠤ ᠦᠢᠯᠡᠰ᠂ ᠰᠢᠨ᠎ᠡ ᠡᠨᠧᠷᠭᠢ᠂ ᠰᠢᠨ᠎ᠡ ᠮᠠᠲᠧᠷᠢᠶᠠᠯ ᠵᠡᠷᠭᠡ ᠳᠠᠪᠠᠭᠤᠯᠢᠭ᠋ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠵᠤ᠂ ᠲᠤᠨᠤᠭᠯᠠᠯ ᠦᠢᠯᠡᠳᠬᠦ ᠦᠢᠯᠡᠳᠬᠦᠨ᠎ᠦ ᠵᠠᠬ᠎ᠠ ᠳᠡᠯᠭᠡᠭᠦᠷ᠎ᠦᠨ ᠡᠵᠡᠯᠡᠬᠦ ᠨᠤᠷᠮ᠎ᠠ᠎ᠶᠢ ᠳᠡᠭᠡᠭᠰᠢᠯᠡᠭᠦᠯᠵᠦ᠂ ᠦᠢᠯᠡᠴᠢᠯᠡᠭᠡᠨ᠎ᠦ ᠦᠢᠯᠡᠰ᠎ᠦᠨ ᠴᠢᠳᠠᠪᠬᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠣᠨᠴᠠᠯᠢᠭ᠍ᠲᠤ ᠲᠠᠷᠢᠵᠦ ᠲᠡᠵᠢᠭᠡᠬᠦ ᠪᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠭᠦᠨᠵᠡᠭᠡᠢ ᠡᠳ᠋ᠰᠢᠭᠦᠯᠬᠦ᠎ᠶᠢ ᠶᠡᠬᠡ᠎ᠪᠠᠷ ᠬᠥᠭᠵᠢᠭᠦᠯᠵᠦ᠂ ᠡᠬᠢ ᠪᠠᠶᠠᠯᠢᠭ᠋᠎ᠤᠨ ᠬᠡᠯᠪᠡᠷᠢ᠎ᠶᠢᠨ ᠭᠠᠵᠠᠷ ᠣᠷᠣᠨ᠎ᠤ ᠬᠡᠯᠪᠡᠷᠢ᠎ᠪᠡᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠪᠠᠢᠷᠢ ᠰᠠᠭᠤᠷᠢ᠎ᠶᠢ ᠴᠢᠩᠭᠠᠳᠬᠠᠵᠤ᠂ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ᠎ᠶᠢ ᠰᠦᠪᠡᠭᠴᠢᠯᠡᠨ ᠪᠠᠶ᠋ᠢᠭᠤᠯᠬᠤ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠢᠷᠡᠭᠦᠯᠵᠦ᠂ 《ᠰᠡᠳᠬᠢᠯ ᠬᠠᠨᠤᠮᠵᠢᠲᠠᠢ᠎ᠶᠢ ᠪᠠᠲᠤᠯᠠᠬᠤ》 ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠤᠨ ᠲᠦᠷᠦᠯ ᠲᠡᠮᠳᠡᠭ᠎ᠢ ᠨᠡᠩ ᠬᠢᠯᠠᠯᠵᠠᠭᠤᠯᠵᠤ᠂ ᠠᠵᠤ ᠦᠢᠯᠡᠰ᠎ᠦᠨ ᠪᠦᠬᠦ ᠬᠡᠯᠬᠢᠶ᠎ᠡ᠎ᠶᠢᠨ ᠬᠥᠭᠵᠢᠯᠲᠡ᠎ᠶᠢ ᠴᠢᠭᠯᠡᠨ ᠠᠷᠠᠯᠵᠢᠶᠠᠴᠢᠨ᠎ᠢᠶᠠᠷ ᠠᠷᠠᠯᠵᠢᠶᠠᠴᠢᠨ᠎ᠢ ᠲᠠᠲᠠᠵᠤ᠂ ᠨᠠᠷᠢᠯᠢᠭ ᠤᠨᠤᠪᠴᠢᠲᠠᠢ᠎ᠪᠠᠷ ᠠᠷᠠᠯᠵᠢᠶᠠᠴᠢᠨ ᠤᠷᠢᠬᠤ ᠬᠡᠷᠡᠭᠳᠡᠢ᠃ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠬᠦᠴᠦᠯᠡᠨ ᠨᠡᠮᠡᠭᠳᠡᠭᠦᠯᠵᠦ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠵᠤ᠂ ᠭᠠᠮᠰᠢᠭ᠍ᠳᠠᠭᠰᠠᠨ ᠤᠯᠠᠨ ᠲᠦᠮᠡᠨ᠎ᠢ ᠲᠣᠬᠢᠲᠠᠢ ᠲᠥᠪᠬᠢᠨᠡᠭᠦᠯᠵᠦ᠂ 《ᠭᠤᠷᠪᠠ᠎ᠶᠢ ᠪᠠᠲᠤᠯᠠᠬᠤ》 ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠰᠠᠢᠲᠤᠷ ᠨᠠᠢᠳᠠᠪᠤᠷᠢᠵᠢᠭᠤᠯᠵᠤ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠰᠠᠢᠲᠤᠷ ᠰᠢᠢᠳᠪᠦᠷᠢᠯᠡᠬᠦ ᠬᠡᠷᠡᠭᠲᠡᠢ᠃ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ᠂ ᠰᠠᠢᠨ ᠰᠠᠢᠬᠠᠨ ᠤᠯᠤᠰ ᠲᠦᠷᠦ᠎ᠶᠢᠨ ᠠᠮᠢ ᠠᠬᠤᠢ᠎ᠶᠢ ᠪᠤᠢ ᠪᠣᠯᠭᠠᠵᠤ᠂ ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶᠢ ᠴᠢᠩᠳᠠᠯᠠᠨ ᠢᠯᠵᠢᠷᠡᠯ᠎ᠢ ᠡᠰᠡᠷᠭᠦᠴᠡᠬᠦ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢ ᠪᠠᠲᠤ ᠴᠢᠩᠭ᠎ᠠ ᠲᠠᠢ᠍ᠢᠴᠢᠨ ᠪᠡᠬᠢᠯᠡᠯᠲᠡ ᠪᠣᠯᠭᠠᠨ ᠪᠠᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠤᠷᠮᠠᠰᠢᠭᠤᠯᠤᠨ ᠵᠣᠷᠢᠭ᠍ᠵᠢᠭᠤᠯᠵᠤ ᠴᠢᠷᠮᠠᠢᠨ ᠠᠵᠢᠯᠯᠠᠵᠤ ᠦᠢᠯᠡᠰ ᠪᠣᠰᠬᠠᠬᠤ ᠬᠡᠷᠡᠭᠲᠡᠢ᠃ ᠡᠨᠡ ᠵᠢᠯ᠎ᠦᠨ ᠰᠡᠭᠦᠯ᠎ᠤᠨ ᠬᠣᠶᠠᠷ ᠰᠠᠷ᠎ᠠ᠎ᠶᠢᠨ ᠠᠵᠢᠯ᠎ᠢ ᠰᠠᠢᠲᠤᠷ ᠬᠢᠵᠦ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠎ᠶᠢ ᠴᠢᠩᠭᠠᠳᠬᠠᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠵᠦᠢᠯ᠎ᠦᠨ ᠬᠠᠷᠠᠯᠲᠠ ᠡᠭᠦᠷᠭᠡ᠎ᠶᠢ ᠪᠦᠬᠦ ᠬᠦᠴᠦᠨ᠎ᠢᠶᠡᠷ᠎ᠢᠶᠡᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠴᠧᠨ ᡁᠢ ᠴᠠᠩ ᠣᠷᠣᠯᠴᠠᠵᠠᠢ᠃