10 ᠰᠠᠷ᠎ᠠ᠎ᠶ᠋ᠢᠨ 28᠎ᠡᠴᠡ 29᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠱᠦᠵᠢ ᠸᠠᠩ ᠸᠧᠢ ᠵᠦᠩ ᠤᠷᠳᠤᠰ ᠬᠤᠳᠠ᠎ᠳᠤ ᠬᠦᠷᠴᠦ᠂ ᠡᠨᠧᠷᠭᠢ᠎ᠶ᠋ᠢᠨ ᠠᠵᠤ ᠦᠢᠯᠡᠰ᠂ ᠢᠮᠠᠭᠠᠨ ᠨᠣᠤᠯᠤᠭᠤᠷ᠎ᠤᠨ ᠠᠵᠤ ᠦᠢᠯᠡᠰ᠂ ᠲᠣᠨᠣᠭ᠍ᠯᠠᠯ ᠦᠢᠯᠡᠳᠬᠦ᠌ ᠦᠢᠯᠡᠰ᠎ᠦᠨ ᠬᠥᠭ᠌ᠵᠢᠯᠲᠡ ᠪᠣᠯᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶᠢ ᠡᠭᠦᠳᠬᠦ ᠵᠡᠷᠭᠡ ᠠᠵᠢᠯ᠎ᠢ ᠪᠠᠢᠴᠠᠭᠠᠨ ᠰᠤᠳᠤᠯᠪᠠ᠃ ᠲᠡᠷᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠪᠥᠲᠥᠭᠡᠨ ᠪᠠᠢᠭᠤᠯᠬᠤ ᠳᠤᠮᠳᠠ ᠱᠢᠨ᠎ᠡ ᠵᠠᠮ ᠨᠡᠭᠡᠭᠡᠵᠦ᠍᠂ ᠨᠢᠷᠤᠭᠤ ᠲᠤᠯᠭᠠᠭᠤᠷᠢ ᠪᠤᠯᠵᠦ᠂ ᠬᠣᠱᠢᠭᠤᠴᠢ ᠪᠣᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠣᠷᠣᠯᠴᠠᠵᠠᠢ᠃




ᠸᠠᠩ ᠸᠧᠶ ᠵᠥᠩ ᠤᠷᠢᠳ ᠬᠣᠵᠢᠳ ᠣᠷᠳᠣᠰ᠎ᠤᠨ 《ᠡᠯᠡᠰᠦ ᠭᠤᠪᠢ ᠴᠦᠯᠯᠡᠷᠬᠡᠭ ᠤᠷᠤᠨ》᠎ᠤ ᠳᠤᠮᠳᠠ ᠬᠣᠢᠲᠤ ᠬᠡᠰᠡᠭ᠎ᠦᠨ ᠱᠢᠨ᠎ᠡ ᠡᠨᠧᠷᠭᠢ᠎ᠶ᠋ᠢᠨ ᠲᠣᠮᠣ ᠰᠠᠭᠤᠷᠢᠨ᠂ ᠶᠤᠸᠠᠨ ᠵᠢᠩ ᠣᠷᠳᠣᠰ᠎ᠤᠨ ᠣᠲᠣ ᠦᠶ᠎ᠡ᠎ᠶ᠋ᠢᠨ ᠡᠨᠧᠷᠭᠢ᠎ᠶ᠋ᠢᠨ ᠲᠣᠨᠣᠭ᠍ᠯᠠᠯ᠎ᠤᠨ ᠠᠵᠤ ᠦᠶ᠋ᠯᠡᠰ᠎ᠦᠨ ᠬᠦᠷᠢᠶᠡᠯᠡᠩ᠂ ᠯᠦᠩ ᠵᠢᠶ ᠪᠣᠬᠢᠷᠲᠤᠯ ᠥᠬᠡᠶ ᠡᠨᠧᠷᠭᠢ᠎ᠶ᠋ᠢᠨ ᠬᠡᠷᠡᠯᠴᠢ ᠴᠡᠨᠡᠭ᠎ᠦᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠥᠷᠥᠯ ᠵᠦᠶ᠋ᠯ᠎ᠦᠨ ᠠᠬᠤᠶ ᠲᠠᠯᠠᠪᠠᠶ᠂ ᠺᠠ ᠡᠯ ᠬᠥᠳᠡᠯᠭᠡᠬᠦ᠌ ᠬᠦᠴᠦᠨ᠎ᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠳᠤ ᠬᠦᠷᠴᠦ᠍᠂ 《ᠬᠡᠷᠡᠯᠴᠢ ᠴᠡᠨᠡᠭ᠎ᠦᠨ ᠣᠷᠳᠣ ᠴᠠᠭᠠᠨ ᠬᠡᠷᠡᠮ》᠎ᠤᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠪᠠ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶ᠋ᠢ ᠵᠠᠰᠠᠭᠰᠠᠨ ᠠᠬᠢᠴᠠ᠂ ᠬᠡᠷᠡᠯᠴᠢ ᠴᠡᠨᠡᠭ᠎ᠦᠨ ᠲᠣᠨᠣᠭ᠍ᠯᠠᠯ ᠪᠠ ᠡᠨᠧᠷᠭᠢ ᠨᠦᠬᠡᠴᠡᠯᠡᠬᠦ ᠳ᠋ᠢᠶᠠᠨ ᡂᠢ᠎ᠶ᠋ᠢ ᠰᠤᠳᠤᠯᠤᠨ ᠨᠡᠭᠡᠭᠡᠵᠦ᠍ ᠦᠶ᠋ᠯᠡᠳᠪᠦᠷᠢᠯᠡᠬᠦ᠌᠂ ᠱᠢᠨ᠎ᠡ ᠡᠨᠧᠷᠭᠢ᠎ᠶ᠋ᠢᠨ ᠵᠢᠯᠣᠭᠣᠴᠢ ᠥᠬᠡᠶ ᠬᠦᠨᠳᠦ ᠠᠴᠢᠶᠠᠨ᠎ᠤ ᠮᠠᠰᠢᠨ ᠲᠡᠷᠭᠡ᠎ᠵᠢ ᠰᠤᠳᠤᠯᠤᠨ ᠨᠡᠭᠡᠭᠡᠵᠦ᠍ ᠬᠡᠷᠡᠭ᠌ᠯᠡᠬᠦ᠌ ᠲᠠᠯ᠎ᠠ᠎ᠶ᠋ᠢᠨ ᠪᠠᠢᠳᠠᠯ᠎ᠢ ᠨᠠᠷᠢᠨ ᠬᠢᠨᠠᠮᠠᠭᠠᠶ ᠣᠢᠯᠠᠭᠠᠪᠠ᠃ ᠲᠡᠷᠡ᠂ ᠣᠷᠳᠣᠰ ᠬᠣᠲᠠ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠢ ᠬᠥᠭ᠌ᠵᠢᠭᠦᠯᠬᠦ᠌ ᠬᠠᠷᠢᠴᠠᠭᠤᠯᠤᠭ᠍ᠰᠠᠨ ᠳᠠᠪᠠᠭᠤᠯᠢᠭ ᠲᠣᠪᠣᠢᠮ᠎ᠠ ᠪᠠᠢᠵᠤ᠂ ᠨᠢᠭᠡᠨᠲᠡ ᠪᠠᠲᠤ ᠪᠠᠬᠢ ᠰᠠᠭᠤᠷᠢ᠎ᠲᠠᠶ ᠪᠣᠯᠵᠠᠶ᠂ ᠳᠠᠪᠠᠭᠤᠯᠢᠭ᠎ᠢᠶᠠᠨ ᠦᠷᠭᠦᠯᠵᠢᠯᠡᠨ ᠪᠡᠬᠢᠵᠢᠭᠦᠯᠵᠦ᠍᠂ ᠳᠠᠪᠠᠭᠤᠯᠢᠭ ᠲᠠᠯ᠎ᠠ᠎ᠪᠠᠨ ᠦᠷᠭᠦᠯᠵᠢᠯᠡᠨ ᠦᠷᠭᠡᠳᠭᠡᠵᠦ᠂ ᠨᠠᠷᠢᠯᠢᠭ ᠤᠨᠤᠪᠴᠢᠲᠠᠢ᠎ᠪᠠᠷ ᠠᠷᠠᠯᠵᠢᠶᠠᠴᠢᠨ ᠤᠷᠢᠵᠤ ᠪᠠᠯᠠ ᠮᠥᠩᠭᠥ᠌ ᠣᠷᠣᠭᠤᠯᠤᠨ ᠠᠪᠴᠢᠷᠠᠵᠤ᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠢ ᠴᠢᠨᠠᠭ᠍ᠰᠢᠳᠠ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠬᠡᠷᠡᠭ᠌ᠲᠡᠶ ᠭᠡᠵᠦ᠍ ᠬᠡᠯᠡᠪᠡ᠃


《ᠡᠨᠧᠷᠬᠢ᠎ᠶᠢᠨ ᠱᠢᠨ᠎ᠡ᠎ᠶ᠋ᠢ ᠡᠭᠦᠳᠬᠦ᠌ ᠬᠦᠨᠳᠡᠢ》 ᠪᠠ ᠣᠷᠳᠣᠰ ᠲᠤᠷᠱᠢᠯᠲᠠ᠎ᠶ᠋ᠢᠨ ᠲᠠᠰᠤᠭ᠂ ᠱᠢᠨ᠎ᠡ ᠡᠨᠧᠷᠭᠢ᠎ᠶ᠋ᠢᠨ ᠰᠤᠳᠤᠯᠭᠠᠨ᠎ᠤ ᠬᠦᠷᠢᠶᠡᠯᠡᠩ᠎ᠳᠦ᠂ ᠸᠠᠩ ᠸᠧᠶ ᠵᠥᠩ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠲᠠᠶ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠷᠢᠱᠢᠭᠤᠯᠤᠯᠲᠠ᠂ ᠦᠷ᠎ᠡ ᠪᠦᠲᠦᠭᠡᠯ᠎ᠦᠨ ᠤᠨᠳᠤᠤᠰᠢᠭᠤᠯᠤᠯᠳᠠ᠂ ᠠᠵᠤ ᠦᠶ᠋ᠯᠡᠰ᠎ᠦᠨ ᠨᠡᠪᠴᠢᠭᠦᠯᠦᠯᠲᠡ ᠵᠡᠷᠭᠡ ᠪᠠᠢᠳᠠᠯ᠎ᠤᠨ ᠲᠤᠬᠠᠢ ᠰᠠᠨᠠᠯ ᠵᠢᠡᠨ ᠭᠦᠨᠵᠡᠭᠡᠶ ᠰᠣᠯᠢᠯᠴᠠᠪᠠ᠃ ᠲᠡᠷᠡ ᠤᠯᠠᠨ᠎ᠢ ᠵᠤᠷᠢᠭᠲᠠᠢ᠎ᠪᠠᠷ ᠠᠵᠢᠯᠯᠠᠵᠤ᠂ ᠵᠣᠷᠢᠭ᠍ᠲᠠᠢ᠎ᠪᠠᠷ ᠱᠢᠨ᠎ᠡ᠎ᠶ᠋ᠢ ᠡᠭᠦᠳᠴᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠩ ᠤᠯᠠᠨ ᠱᠢᠯᠢᠳᠡᠭ ᠦᠷ᠎ᠡ ᠪᠦᠲᠦᠭᠡᠯ᠎ᠢ ᠡᠭᠦᠳᠴᠦ᠍᠂ ᠤᠯᠤᠰ᠎ᠤᠨ ᠥᠨᠳᠥᠷ ᠲᠦᠪᠱᠢᠨ᠎ᠪᠦᠬᠦᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠠᠯ᠎ᠡ᠎ᠪᠠᠷ ᠪᠡᠶ᠎ᠡ᠎ᠪᠡᠨ ᠳᠠᠭᠠᠭᠠᠵᠤ ᠦᠪᠡᠷ᠎ᠢ᠎ᠪᠠᠨ ᠬᠦᠴᠦᠷᠬᠡᠭ᠌ᠵᠢᠭᠦᠯᠬᠦ᠌᠎ᠶ᠋ᠢ ᠲᠦᠷᠭᠡᠳᠭᠡᠬᠦ᠌᠎ᠳᠦ ᠬᠤᠪᠢ ᠨᠡᠮᠡᠷᠢ ᠦᠵᠡᠭᠦᠯᠦᠭᠡᠷᠡᠢ ᠭᠡᠵᠦ᠍ ᠵᠣᠷᠢᠭ᠍ᠵᠢᠭᠤᠯᠪᠠ᠃ ᠬᠣᠯᠪᠣᠭ᠍ᠳᠠᠯ ᠪᠥᠬᠥᠶ ᠲᠠᠯ᠎ᠠ᠎ᠶ᠋ᠢᠨ᠎ᠬᠢᠨ ᠱᠢᠨ᠎ᠡ᠎ᠶ᠋ᠢ ᠡᠭᠦᠳᠬᠦ᠌ ᠰᠠᠢᠨ ᠰᠠᠢᠬᠠᠨ ᠠᠮᠢ ᠠᠬᠤᠶ᠎ᠶ᠋ᠢ ᠪᠣᠶ ᠪᠣᠯᠭᠠᠵᠤ᠂ ᠥᠷᠭᠡᠨ ᠣᠯᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠤ ᠱᠢᠨ᠎ᠡ᠎ᠶ᠋ᠢ ᠡᠭᠦᠳᠬᠦ᠌ᠡᠭᠦᠳᠦᠨ ᠪᠦᠲᠦᠭᠡᠬᠦ᠎ᠳᠤ ᠨᠥᠬᠥᠴᠡᠯ ᠬᠠᠩᠭᠠᠬᠤ ᠬᠡᠷᠡᠭ᠌ᠲᠡᠶ ᠭᠡᠵᠦ᠍ ᠱᠠᠭᠠᠷᠳᠠᠪᠠ᠃

ᠣᠷᠳᠣᠰ ᠪᠦᠯᠦᠭ᠌ᠯᠡᠯ᠎ᠳᠦ᠂ ᠸᠠᠩ ᠸᠧᠶ ᠵᠥᠩ ᠢᠮᠠᠭᠠᠨ ᠨᠣᠤᠯᠤᠭ᠋ᠸ᠋ᠷᠤᠨ ᠨᠡᠬᠡᠮᠡᠯ᠎ᠦᠨ ᠦᠶ᠋ᠯᠡᠳᠪᠦᠷᠢᠯᠡᠯ᠎ᠦᠨ ᠱᠤᠭᠤᠮ᠎ᠢ ᠨᠠᠷᠢᠨ ᠬᠢᠨᠠᠮᠠᠭᠠᠶ ᠪᠠᠢᠴᠠᠭᠠᠨ ᠦᠵᠡᠵᠦ᠍᠂ ᠦᠶ᠋ᠯᠡᠳᠬᠦᠨ᠎ᠦ ᠱᠢᠨ᠎ᠡ᠎ᠶ᠋ᠢ ᠡᠭᠦᠳᠬᠦ᠌᠂ ᠪᠠᠷᠢᠮᠵᠢᠶ᠎ᠠ ᠲᠣᠭ᠍ᠲᠠᠭᠠᠬᠤ᠂ ᠦᠶ᠋ᠯᠡᠳᠪᠦᠷᠢᠯᠡᠯ᠎ᠦᠨ ᠶᠠᠪᠤᠴᠠ᠂ ᠡᠵᠡᠩᠨᠡᠯᠲᠡ ᠣᠷᠣᠯᠭ᠎ᠠ᠎ᠶ᠋ᠢᠨ ᠨᠡᠮᠡᠭ᠌ᠳᠡᠯ ᠵᠡᠷᠭᠡ ᠪᠠᠢᠳᠠᠯ᠎ᠢ ᠨᠠᠷᠢᠨ ᠣᠢᠯᠠᠭᠠᠵᠤ᠂ ᠠᠵᠤ ᠠᠬᠤᠢᠯᠠᠯ᠎ᠤᠨ ᠨᠠᠩ ᠥᠨᠳᠥᠷ ᠬᠠᠷᠠᠯᠲᠠ ᠳᠠᠢᠰᠢ ᠬᠥᠭ᠌ᠵᠢᠬᠦ᠌᠎ᠶ᠋ᠢ ᠬᠦᠰᠡᠪᠡ᠃ ᠲᠡᠷᠡ᠂ ᠨᠣᠤᠯᠤᠭᠤᠷ᠎ᠤᠨ ᠠᠵᠤ ᠦᠢᠯᠡᠰ ᠪᠣᠯ ᠮᠠᠯ ᠠᠵᠤ ᠠᠬᠤᠢ ᠲᠠᠷᠢᠶᠠᠯᠠᠩ᠎ᠤᠨ 《ᠬᠤᠶᠠᠳᠤᠭᠠᠷ ᠠᠵᠤ ᠦᠢᠯᠡᠰ ᠲᠠᠢ ᠵᠠᠯᠭᠠᠯᠳᠤᠵᠤ ᠭᠤᠷᠪᠠᠳᠤᠭᠠᠷ ᠠᠵᠤ ᠦᠢᠯᠡᠰ ᠲᠠᠢ ᠬᠤᠯᠪᠤᠯᠳᠤᠬᠤ》 ᠴᠢᠬᠤᠯᠠ ᠠᠵᠤ ᠦᠢᠯᠡᠰ ᠮᠥᠨ᠂ ᠨᠣᠤᠯᠤᠭᠤᠷ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠳᠡᠮᠵᠢᠵᠦ᠍᠂ ᠮᠠᠯ ᠠᠵᠤ ᠠᠬᠤᠢ ᠲᠠᠷᠢᠶᠠᠯᠠᠩ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠪᠠ ᠮᠠᠯᠴᠢᠨ ᠲᠠᠷᠢᠶᠠᠴᠢᠨ᠎ᠤ ᠪᠠᠶᠠᠵᠢᠨ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠨᠡᠩ ᠰᠠᠢᠲᠤᠷ ᠳᠠᠢᠴᠢᠯᠠᠬᠤ ᠬᠡᠷᠡᠭ᠌ᠲᠡᠢ ᠭᠡᠵᠦ᠍ ᠬᠡᠯᠡᠪᠡ᠃

29᠎ᠤ ᠦᠳᠡ᠎ᠶᠢᠨ ᠬᠣᠢᠨ᠎ᠠ᠂ ᠸᠠᠩ ᠸᠧᠢ ᠵᠦᠩ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠣᠷᠳᠣᠰ ᠬᠤᠳᠠ᠎ᠶᠢᠨ ᠨᠠᠮ᠎ᠤᠨ ᠬᠣᠷᠢᠶ᠎ᠠ ᠪᠣᠯᠣᠨ ᠬᠤᠳᠠ᠎ᠶᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠪᠠ᠃ ᠲᠡᠷᠡ᠂ ᠣᠢᠷ᠎ᠠ᠎ᠶᠢᠨ ᠵᠢᠯ᠎ᠡᠴᠡ ᠣᠷᠳᠣᠰ ᠬᠤᠳᠠ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ ᠰᠠᠢᠨ ᠰᠠᠢᠬᠠᠨ ᠪᠠᠢᠳᠠᠯ᠎ᠢᠶᠠᠨ ᠪᠠᠲᠤᠯᠠᠵᠤ᠂ ᠦᠷ᠎ᠡ ᠪᠦᠲᠦᠮᠵᠢ᠎ᠶᠢ ᠨᠢ ᠨᠤᠲᠠᠯᠠᠭᠤᠰᠢᠲᠠᠢ ᠶᠤᠮ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠶᠢ ᠣᠳᠣᠬᠠᠨ᠎ᠤ ᠪᠠ ᠬᠣᠢᠰᠢᠳᠠ᠎ᠶᠢᠨ ᠭᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠠ ᠪᠥᠬᠥᠳᠡ ᠬᠤᠷᠠᠯ᠎ᠤᠨ 《ᠰᠠᠨᠠᠭᠤᠯᠭ᠎ᠠ》᠎ᠶᠢ ᠭᠦᠨᠵᠡᠭᠡᠢ ᠰᠤᠷᠤᠯᠴᠠᠨ ᠣᠢᠯᠠᠭᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠥᠭᠵᠢᠯᠲᠡ᠎ᠶᠢᠨ ᠲᠥᠯᠦᠪᠵᠢᠭᠦᠯᠭᠡ᠎ᠶᠢ ᠴᠢᠨᠠᠷ ᠰᠠᠢᠲᠠᠢ ᠨᠠᠢᠷᠠᠭᠤᠯᠤᠨ ᠵᠣᠬᠢᠶᠠᠬᠤ ᠬᠡᠷᠡᠭᠲᠡᠢ᠃ ᠡᠬᠢ ᠪᠠᠶᠠᠯᠢᠭ᠋᠎ᠤᠨ ᠳᠠᠪᠠᠭᠤᠯᠢᠭ᠋᠎ᠢᠶᠠᠨ ᠭᠦᠢᠴᠡᠳ ᠪᠠᠳᠠᠷᠠᠭᠤᠯᠵᠤ᠂ ᠤᠯᠤᠰ᠎ᠤᠨ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠬᠠᠷᠢᠭᠤᠴᠠᠯᠭ᠎ᠠ᠎ᠶᠢ ᠪᠠᠲᠤ ᠡᠭᠦᠷᠭᠡᠯᠡᠵᠦ᠂ ᠨᠡᠭᠦᠷᠡᠰᠦ ᠵᠡᠷᠭᠡ ᠤᠯᠠᠮᠵᠢᠯᠠᠯᠲᠤ ᠡᠨᠧᠷᠭᠢ᠎ᠶᠢᠨ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠰᠢᠬᠦᠯᠬᠦ᠎ᠶᠢ ᠲᠦᠷᠭᠡᠳᠬᠡᠵᠦ᠂ ᠰᠢᠨ᠎ᠡ ᠡᠨᠧᠷᠭᠢ᠎ᠶᠢᠨ ᠪᠦᠬᠦ ᠠᠵᠤ ᠦᠢᠯᠡᠰ᠎ᠦᠨ ᠬᠡᠯᠬᠢᠶ᠎ᠡ᠎ᠶᠢᠨ ᠬᠥᠭᠵᠢᠯᠲᠡ᠎ᠶᠢ ᠭᠦᠨᠵᠡᠭᠡᠢ ᠠᠬᠢᠭᠤᠯᠵᠤ᠂ ᠡᠨᠧᠷᠭᠢ᠎ᠶᠢᠨ ᠠᠵᠤ ᠦᠢᠯᠡᠰ᠎ᠦᠨ ᠰᠢᠨ᠎ᠡ ᠬᠦᠷᠢᠶ᠎ᠡ᠎ᠶᠢ ᠢᠳᠡᠪᠬᠢᠲᠡᠢ ᠨᠡᠭᠡᠭᠡᠵᠦ᠂ ᠤᠳᠤ ᠦᠶ᠎ᠡ᠎ᠶᠢᠨ ᠡᠨᠧᠷᠭᠢ᠎ᠶᠢᠨ ᠠᠵᠤ ᠠᠬᠤᠢ᠎ᠶᠢ ᠬᠥᠭᠵᠢᠭᠦᠯᠬᠦ ᠲᠠᠯ᠎ᠠ᠎ᠪᠠᠷ ᠨᠡᠩ ᠶᠡᠬᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠳᠣᠲᠣᠭᠠᠳᠤ ᠭᠠᠳᠠᠭᠠᠳᠤ᠎ᠶᠢᠨ ᠡᠬᠢ ᠪᠠᠶᠠᠯᠢᠭ᠋᠎ᠢ ᠨᠡᠢᠳᠬᠡᠨ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ᠎ᠶᠢ ᠪᠠᠢᠭᠤᠯᠵᠤ᠂ ᠵᠠᠩᠭᠢᠯᠠᠭ᠎ᠠ᠎ᠶᠢᠨ ᠴᠡᠭ᠎ᠢ ᠴᠢᠭᠯᠡᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠴᠢᠩᠭᠠᠳᠬᠠᠵᠤ᠂ ᠦᠢᠯᠡᠳᠪᠤᠷᠢᠯᠡᠯ ᠵᠢᠭᠠᠨ ᠰᠤᠷᠭᠠᠯᠲᠠ ᠰᠤᠳᠤᠯᠭᠠᠨ ᠭᠡᠷᠡᠭᠯᠡᠭᠡ᠎ᠶᠢ ᠨᠠᠷᠢᠯᠢᠭ ᠤᠨᠤᠪᠴᠢᠲᠠᠢ ᠵᠣᠯᠭᠠᠭᠤᠯᠬᠤ᠎ᠶᠢ ᠴᠢᠩᠭᠠᠳᠬᠠᠵᠤ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠬᠡᠨ ᠪᠣᠢᠵᠢᠭᠤᠯᠤᠨ ᠬᠥᠭᠵᠢᠭᠦᠯᠬᠦ ᠬᠡᠷᠡᠭᠲᠡᠢ᠃ ᠬᠠᠲᠤᠨ ᠭᠣᠣᠯ᠎ᠤᠨ 《ᠶᠡᠬᠡ ᠲᠤᠬᠤᠢ᠎ᠶᠢᠨ ᠤᠷᠤᠨ》᠎ᠤ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠰᠠᠢᠲᠤᠷ ᠬᠢᠵᠦ᠂ ᠤᠰᠤᠨ᠎ᠤ ᠡᠬᠢ ᠪᠠᠶᠠᠯᠢᠭ᠋᠎ᠤᠨ ᠬᠠᠮᠢᠶᠠᠷᠤᠯᠲᠠ ᠪᠣᠯᠣᠨ ᠠᠷᠪᠢᠯᠠᠨ ᠭᠠᠮᠨᠠᠵᠤ ᠬᠡᠷᠡᠭᠯᠡᠬᠦ᠎ᠶᠢ ᠴᠢᠩᠭᠠᠳᠬᠠᠵᠤ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠢᠨᠠᠨ ᠪᠠᠢᠴᠠᠭᠠᠬᠤ ᠳᠤᠭᠤᠢᠯᠠᠩ᠎ᠤᠨ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ ᠠᠵᠢᠯ᠎ᠢ ᠰᠠᠢᠲᠤᠷ ᠠᠳᠬᠤᠵᠤ᠂ ᠬᠠᠳᠤᠨ ᠭᠣᠣᠯ᠎ᠤᠨ ᠠᠮᠤᠷ ᠲᠦᠪᠰᠢᠨ᠎ᠢ ᠰᠠᠬᠢᠨ ᠬᠠᠮᠠᠭᠠᠯᠠᠬᠤ ᠬᠡᠷᠡᠭᠲᠡᠢ᠃ ᠥᠭᠡᠷᠡᠴᠢᠯᠡᠯᠲᠡ᠎ᠶᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠳᠣᠲᠣᠭᠠᠳᠤ ᠭᠠᠳᠠᠭᠠᠳᠤ᠎ᠳᠡᠬᠢ ᠨᠡᠭᠡᠭᠡᠯᠲᠡ᠎ᠶᠢ ᠥᠷᠭᠡᠳᠬᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢᠨ ᠰᠠᠢᠨ ᠬᠣᠰᠢᠭᠤᠴᠢ ᠴᠡᠷᠢᠭ ᠪᠣᠯᠬᠤ ᠬᠡᠷᠡᠭᠲᠡᠢ᠃ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ᠂ ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠴᠢᠩᠭ᠎ᠠ ᠬᠠᠮᠢᠶᠠᠷᠬᠤ ᠪᠠ ᠬᠠᠢᠷᠠᠯᠠᠨ ᠬᠠᠯᠠᠮᠵᠢᠯᠠᠬᠤ᠎ᠶᠢ ᠤᠶᠠᠯᠳᠤᠭᠤᠯᠤᠨ᠂ ᠵᠣᠷᠢᠭ᠍ᠵᠢᠭᠤᠯᠬᠤ ᠪᠠ ᠬᠢᠵᠠᠭᠠᠷᠯᠠᠬᠤ᠎ᠶᠢ ᠵᠡᠷᠭᠡ᠎ᠪᠠᠷ ᠴᠢᠬᠤᠯᠠᠴᠢᠯᠠᠵᠤ᠂ ᠺᠠᠳ᠋ᠷ᠎ᠤᠨ ᠡᠩᠨᠡᠭᠡᠨ᠎ᠦ ᠠᠷᠢᠭᠤᠨ ᠴᠢᠬᠡᠴᠢ ᠠᠵᠢᠯᠴᠢ ᠪᠤᠷᠤᠭᠵᠢᠭᠤᠨ᠎ᠢᠶᠡᠷ ᠵᠠᠰᠠᠭ ᠪᠠᠷᠢᠬᠤ᠎ᠶᠢᠨ ᠳᠣᠲᠣᠭᠠᠳᠤ ᠬᠥᠳᠡᠯᠭᠡᠬᠦ ᠬᠦᠴᠦᠨ ᠪᠣᠯᠣᠨ ᠪᠦᠬᠦᠯᠢ ᠴᠣᠭᠴᠠ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ᠃ ᠪᠦᠬᠦ ᠵᠢᠯ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠠᠷᠠᠯᠲᠠ ᠡᠭᠦᠷᠭᠡ᠎ᠶᠢ ᠪᠦᠬᠦ ᠬᠦᠴᠦᠨ᠎ᠢᠶᠡᠷ᠎ᠢᠶᠡᠨ ᠪᠡᠶᠡᠯᠡᠭᠦᠯᠵᠦ᠂ ᠬᠥᠭᠵᠢᠯᠲᠡ ᠪᠣᠯᠣᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠵᠦᠢᠯ᠎ᠦᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠬᠦ ᠬᠡᠷᠡᠭᠲᠡᠢ ᠭᠡᠵᠤ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ ᠣᠷᠣᠯᠴᠠᠵᠠᠢ᠃