ᠨᠠᠮ᠎ᠤᠨ ᠲᠥᠪ ᠬᠤᠷᠢᠶ᠎ᠠ᠎ᠶ᠋ᠢᠨ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ᠂ 10 ᠰᠠᠷ᠎ᠠ᠎ᠶ᠋ᠢᠨ 30 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶ᠋ᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠮᠡᠳᠡᠭᠦᠯᠦᠯᠲᠡ᠎ᠶ᠋ᠢᠨ ᠬᠤᠷᠠᠯ ᠬᠥᠬᠡᠬᠣᠲᠠ᠎ᠳᠤ ᠶᠠᠪᠤᠭ᠍ᠳᠠᠵᠤ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠦᠸᠧ ᠸᠸᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠮᠡᠳᠡᠭᠦᠯᠦᠯᠲᠡ᠎ᠶ᠋ᠢᠨ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠶ᠃

10 ᠰᠠᠷ᠎ᠠ᠎ᠶ᠋ᠢᠨ 30 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶ᠋ᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠮᠡᠳᠡᠭᠦᠯᠦᠯᠲᠡ᠎ᠶ᠋ᠢᠨ ᠬᠤᠷᠠᠯ ᠬᠥᠬᠡᠬᠣᠲᠠ᠎ᠳᠤ ᠶᠠᠪᠤᠭ᠍ᠳᠠᠪᠠ᠃
ᠰᠤᠷᠪᠤᠯᠵᠢᠯᠠᠭᠴᠢ ᠮᠠ ᠵᠢᠶᠡᠨ ᠪᠢᠩ ᠰᠡᠭᠦᠳᠡᠷᠯᠡᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ᠂ ᠵᠠᠰᠠᠭ᠎ᠤᠨ ᠣᠷᠳᠣᠨ᠂ ᠤᠯᠤᠰ ᠲᠦᠷᠦ᠍᠎ᠶ᠋ᠢᠨ ᠵᠥᠪᠯᠡᠯᠭᠡᠨ᠂ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠢ᠎ᠠ᠂ ᠠᠷᠠᠳ᠎ᠤᠨ ᠪᠠᠢᠴᠠᠭᠠᠬᠤ ᠬᠣᠷᠢᠢ᠎ᠠ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠂ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠢ ᠠᠩᠬᠢ᠎ᠶ᠋ᠢᠨ ᠮᠤᠵᠢ ᠠᠷᠮᠢ᠎ᠶ᠋ᠢᠨ ᠲᠡᠰ᠎ᠤᠨ ᠤᠳᠤᠷᠢᠳᠤᠯᠭ᠎ᠠ ᠪᠣᠯᠤᠨ ᠬᠡᠰᠡᠭ ᠮᠤᠵᠢ᠎ᠶ᠋ᠢᠨ ᠲᠡᠰ᠎ᠤᠨ ᠠᠵᠢᠯ᠎ᠡᠴᠡ᠎ᠪᠠᠨ ᠠᠮᠠᠷᠠᠭ᠍ᠰᠠᠨ ᠠᠬᠠᠮᠠᠳ ᠨᠥᠬᠥᠳ ᠣᠷᠣᠯᠴᠠᠪᠠ᠃
ᠮᠡᠳᠡᠭᠦᠯᠦᠯᠲᠡ᠎ᠶ᠋ᠢᠨ ᠬᠤᠷᠠᠯ ᠳᠡᠭᠡᠷ᠎ᠡ᠂ ᠯᠦᠸᠧ ᠸᠸᠨ᠎ᠡᠴᠡ ᠶᠡᠷᠦᠩᠬᠡᠢ ᠱᠦᠵᠢ ᠰᠢ᠎ᠵᠢᠨ᠎ᠫᠢᠩ᠎ᠦᠨ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠬᠤ᠂ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠠᠬᠢ ᠨᠡᠢᠭᠡᠮ ᠵᠢᠷᠤᠮ ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶᠠᠪᠤᠴᠠ᠎ᠳᠠᠬᠢ ᠴᠢᠬᠤᠯᠠ ᠪᠠᠢᠷᠢ ᠰᠠᠭᠤᠷᠢ᠎ᠶ᠋ᠢ ᠣᠨᠣᠪᠴᠢᠲᠠᠢ ᠡᠵᠡᠮᠳᠡᠬᠦ᠌᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ ᠪᠣᠯᠤᠨ ᠭᠣᠣᠯ ᠬᠠᠷᠠᠯᠲᠠ᠎ᠶ᠋ᠢ ᠭᠦᠨᠵᠡᠭᠡᠢ ᠣᠢᠯᠠᠭᠠᠬᠤ ᠵᠡᠷᠭᠡ ᠲᠠᠯ᠎ᠠ᠎ᠪᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠲᠠᠢᠯᠪᠤᠷᠢᠯᠠᠭ᠍ᠰᠠᠨ ᠪᠥᠭᠡᠳ ᠪᠦᠬᠦᠳᠠ ᠬᠤᠷᠠᠯ᠎ᠡᠴᠡ ᠪᠠᠢᠷᠢᠯᠠᠭᠤᠯᠤᠭ᠍ᠰᠠᠨ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠪᠣᠯᠤᠨ ᠴᠢᠬᠤᠯᠠ ᠶᠡᠬᠡ ᠠᠷᠭ᠎ᠠ ᠬᠡᠮᠵᠢᠢ᠎ᠡ᠎ᠶ᠋ᠢᠨ ᠲᠤᠬᠠᠢ ᠭᠦᠨᠵᠡᠭᠡᠢ ᠲᠠᠢᠯᠤᠮᠵᠢ ᠬᠢᠵᠡᠢ᠃ ᠲᠡᠷᠡ ᠤᠬᠠᠭᠤᠯᠤᠨ ᠲᠠᠢᠯᠪᠤᠷᠢᠯᠠᠯᠲᠠ᠎ᠳᠠᠭᠠᠨ᠂ ᠥᠩᠭᠡᠷᠡᠭ᠌ᠰᠡᠨ ᠲᠠᠪᠤᠨ ᠵᠢᠯ᠎ᠳᠦ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠶᠡᠷᠦᠩᠭᠡᠢ ᠬᠦᠴᠦᠨ ᠱᠢᠨ᠎ᠡ ᠳᠡᠭ᠌ᠲᠡᠷ᠎ᠲᠦ ᠭᠠᠷᠴᠤ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠪᠡᠷ ᠤᠷᠤᠬᠰᠢᠯᠠᠵᠦ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢᠨ ᠱᠢᠨ᠎ᠡ ᠠᠶᠠᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠵᠡᠢ᠃ ᠡᠳᠡᠭᠡᠷ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠣᠯᠤᠭ᠍ᠰᠠᠨ᠎ᠤ ᠦᠨᠳᠦᠰᠦ ᠨᠢ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ᠎ᠶ᠋ᠢᠨ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ᠎ᠳᠤ ᠪᠤᠢ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶ᠋ᠢᠨ ᠳᠥᠷᠪᠡᠳᠦᠭᠡᠷ ᠪᠦᠬᠦᠳᠡ ᠬᠤᠷᠠᠯ ᠪᠣᠯ ᠨᠡᠢᠭᠡᠮ ᠵᠢᠷᠤᠮᠲᠤ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ ᠰᠠᠭᠤᠷᠢ᠎ᠶ᠋ᠢ ᠪᠡᠬᠢᠵᠢᠭᠦᠯᠬᠦ᠌᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠦ ᠤᠷᠤᠬᠤ ᠭᠡᠵᠦ ᠪᠠᠢᠭ᠎ᠠ ᠦᠶ᠎ᠡ᠎ᠳᠤ ᠬᠤᠷᠠᠯᠳᠤᠭᠤᠯᠤᠭᠰᠠᠨ ᠨᠢᠭᠡ ᠤᠳᠠᠭᠠᠨ᠎ᠤ ᠮᠠᠰᠢ ᠴᠢᠬᠤᠯᠠ ᠬᠤᠷᠠᠯ ᠪᠣᠯᠤᠨ᠎ᠠ᠃ ᠪᠦᠭᠦᠳᠡ ᠬᠤᠷᠠᠯ᠎ᠡᠴᠡ 《ᠲᠠᠪᠤ᠎ᠶ᠋ᠢ ᠨᠢᠭᠡ ᠴᠤᠭ᠍ᠴᠠᠵᠢᠭᠤᠯᠬᠤ》ᠶᠡᠷᠦᠩᠬᠡᠶ ᠪᠠᠢᠷᠢᠯᠠᠭᠤᠯᠤᠯᠲᠠ᠎ᠶ᠋ᠢ ᠨᠢᠭᠡᠳᠦᠯᠲᠡᠶ ᠲᠥᠯᠥᠪᠵᠢᠬᠦᠯᠦᠨ ᠠᠬᠢᠭᠤᠯᠬᠤ᠂ 《ᠳᠥᠷᠪᠡᠨ ᠪᠦᠬᠦ᠌ ᠲᠠᠯ᠎ᠠ》᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠵᠤᠬᠢᠴᠠᠭᠤᠯᠤᠨ ᠠᠬᠢᠭᠤᠯᠬᠤ ᠱᠠᠭᠠᠷᠳᠠᠯᠭ᠎ᠠ ᠶᠣᠰᠣᠭᠠᠷ᠂ ᠠᠵᠤ ᠠᠬᠤᠶ᠎ᠶ᠋ᠢᠨ ᠪᠦᠲᠦᠭᠡᠨ ᠪᠠᠢᠭᠤᠯᠤᠯᠲᠠ᠎ᠪᠠᠷ ᠭᠣᠣᠯᠳᠠᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠪᠦᠬᠦ᠌ ᠲᠠᠯ᠎ᠠ ᠪᠠ ᠠᠯᠤᠰ ᠬᠡᠳᠦ᠍᠎ᠳᠦ ᠬᠣᠯᠪᠣᠭ᠍ᠳᠠᠬᠤ ᠭᠣᠣᠯᠳᠠᠯᠭ᠎ᠠ᠎ᠲᠠᠶ ᠠᠰᠠᠭᠤᠳᠠᠯ᠎ᠢ ᠪᠠᠲᠤ ᠡᠵᠡᠮᠳᠡᠨ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠴᠢᠬᠤᠯᠠ ᠶᠡᠬᠡ ᠬᠥᠲᠥᠯᠥᠨ ᠳᠠᠭᠠᠭᠤᠯᠬᠤ᠂ ᠬᠥᠳᠡᠯᠭᠡᠬᠦ᠌᠂ ᠲᠤᠯᠭᠠᠭᠤᠷᠢᠯᠠᠬᠤ ᠦᠢᠯᠡᠳᠦᠯ ᠪᠦᠬᠦᠢ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠬᠦᠷᠢᠶ᠎ᠡ ᠬᠤᠪᠢᠶᠠᠨ ᠪᠠᠢᠷᠢᠯᠠᠭᠤᠯᠵᠠᠢ ᠭᠡᠵᠦ ᠢᠯᠡᠳᠭᠡᠪᠡ᠃ ᠲᠡᠷᠡ ᠤᠬᠠᠭᠤᠯᠤᠨ ᠲᠠᠢᠯᠪᠤᠷᠢᠯᠠᠯᠲᠠ᠎ᠳᠠᠭᠠᠨ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠤ ᠡᠯ᠎ᠡ ᠵᠦᠢᠯ᠎ᠦᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ᠂ ᠡᠷᠬᠡᠪᠰᠢ ᠨᠠᠮ᠎ᠤᠨ ᠤᠳᠤᠷᠢᠳᠤᠯᠭ᠎ᠠ ᠭᠡᠬᠦ᠌ ᠡᠨᠡ ᠬᠦ᠌ ᠬᠠᠮᠤᠭ᠎ᠤᠨ ᠶᠡᠬᠡ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠣᠢᠯᠠᠭᠠᠬᠤ᠎ᠲᠠᠶ ᠨᠡᠪᠲᠡᠷᠡᠯᠴᠡᠭᠦᠯᠵᠦ᠍᠂ ᠨᠡᠩ ᠤᠬᠠᠮᠰᠠᠷ᠎ᠡᠴᠡ᠎ᠪᠠᠨ ᠱᠢᠨᠵᠢᠯᠡᠬᠦ᠌ ᠤᠬᠠᠭᠠᠨᠴᠢ ᠤᠨᠤᠯ᠎ᠢᠶᠠᠷ ᠦᠢᠯᠡᠳᠦᠯᠭᠡ᠎ᠪᠡᠨ ᠵᠢᠯᠤᠭᠤᠳᠤᠭᠤᠯᠵᠤ᠂ ᠠᠵᠢᠯ᠎ᠢᠶᠠᠨ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠸᠠᠩ ᠸᠧᠢ ᠵᠦᠩ ᠮᠡᠳᠡᠭᠦᠯᠦᠯᠲᠡ᠎ᠶᠢᠨ ᠬᠤᠷᠠᠯ᠎ᠢ ᠡᠷᠬᠢᠯᠡᠬᠦ᠎ᠳᠡᠭᠡᠨ᠂ ᠪᠥᠬᠥ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ ᠨᠠᠮ ᠪᠠ ᠤᠯᠤᠰ᠎ᠤᠨ ᠠᠵᠢᠯ ᠦᠢᠯᠡᠰ ᠴᠢᠬᠤᠯᠠ ᠶᠡᠬᠡ ᠰᠢᠨ᠎ᠡ ᠠᠮᠵᠢᠯᠲᠠ ᠣᠯᠣᠭᠰᠠᠨ᠎ᠤ ᠦᠨᠳᠦᠰᠦ ᠨᠢ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠶ᠋ᠢᠨ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ᠎ᠳᠦ ᠪᠤᠢ᠂ ᠰᠢ᠎ᠵᠢᠨ᠎ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠳᠤ ᠪᠤᠢ ᠭᠡᠳᠡᠭ᠎ᠢ ᠭᠦᠨᠵᠡᠭᠡᠢ ᠲᠠᠨᠢᠵᠤ᠂ 《ᠬᠣᠶᠠᠷ᠎ᠢ ᠲᠣᠭᠲᠠᠭᠠᠭᠰᠠᠨ》᠎ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》ᠵᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠢᠮᠠᠭᠲᠠ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠵᠤ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠦᠨᠡᠨ ᠬᠦ᠌ ᠰᠠᠢᠲᠤᠷ ᠰᠤᠷᠤᠯᠴᠠᠨ ᠤᠬᠠᠭᠤᠯᠵᠤ᠂ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ᠃ ᠰᠤᠷᠤᠯᠴᠠᠯᠭ᠎ᠠ ᠪᠣᠯᠪᠠᠰᠤᠷᠠᠯ ᠪᠣᠯᠣᠨ ᠤᠬᠠᠭᠤᠯᠭ᠎ᠠ ᠤᠬᠠᠭᠤᠯᠤᠨ ᠲᠠᠢᠯᠪᠤᠷᠢᠯᠠᠯᠲᠠ᠎ᠶ᠋ᠢ ᠨᠠᠷᠢᠨ ᠬᠢᠨᠠᠮᠠᠭᠠᠢ ᠰᠠᠢᠲᠤᠷ ᠠᠳᠬᠤᠵᠤ᠂ ᠰᠤᠷᠤᠯᠴᠠᠯᠭ᠎ᠠ ᠰᠤᠳᠤᠯᠤᠨ ᠶᠠᠷᠢᠯᠴᠠᠬᠤ᠂ ᠪᠣᠯᠪᠠᠰᠤᠷᠠᠯ ᠬᠢᠬᠦ ᠡᠭᠡᠯᠵᠢᠯᠡᠨ ᠪᠣᠯᠪᠠᠰᠤᠷᠠᠯ ᠬᠢᠬᠦ ᠵᠡᠷᠭᠡ ᠠᠵᠢᠯ᠎ᠢ ᠲᠡᠰ ᠳᠠᠪᠬᠤᠷᠭ᠎ᠠ ᠬᠤᠪᠢᠶᠠᠨ᠂ ᠪᠦᠬᠦᠨ᠎ᠢ ᠪᠦᠷᠬᠦᠭᠦᠯᠦᠨ ᠵᠣᠬᠢᠶᠠᠨ ᠪᠠᠢᠭᠤᠯᠵᠤ᠂ ᠪᠦᠬᠦ ᠲᠠᠯ᠎ᠠ᠎ᠶᠢᠨ᠂ ᠤᠯᠠᠨ ᠬᠠᠷᠠᠭᠠᠰᠤ᠎ᠵᠢᠨ᠂ ᠪᠣᠰᠣᠭ᠎ᠠ ᠴᠣᠭᠴᠠᠲᠤ ᠮᠠᠶᠢᠭ᠋᠎ᠤᠨ ᠤᠬᠠᠭᠤᠯᠭ᠎ᠠ ᠮᠡᠳᠡᠭᠡᠯᠡᠯ᠎ᠢ ᠴᠢᠩᠭᠠᠳᠬᠠᠵᠤ᠂ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ᠎ᠦ ᠰᠡᠳᠬᠢᠯ᠎ᠳᠦ ᠬᠠᠳᠠᠩᠰᠢᠭᠤᠯᠬᠤ᠎ᠶᠢ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ᠎ᠵᠢᠨ᠎ᠫᠢᠩ᠂ ᠨᠠᠮ᠎ᠤᠨ ᠲᠥᠪ ᠬᠤᠷᠢᠶ᠎ᠠ᠎ᠵᠢᠨ ᠥᠪᠥᠷ ᠮᠣᠩᠭᠣᠯ᠎ᠤᠨ ᠲᠤᠬᠠᠢ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠶᠣᠰᠣᠭᠠᠷ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶ᠋ᠢ ᠴᠢᠷᠮᠠᠢᠨ ᠰᠠᠢᠲᠤᠷ ᠪᠦᠲᠦᠭᠡᠨ ᠪᠠᠢᠭᠤᠯᠵᠤ᠂ ᠪᠦᠬᠦᠳᠠ ᠬᠤᠷᠠᠯ᠎ᠡᠴᠡ ᠵᠢᠷᠤᠭᠯᠠᠭᠰᠠᠨ ᠠᠤᠭ᠎ᠠ ᠲᠥᠰᠥᠪ᠎ᠢ ᠨᠠᠷᠢᠯᠢᠭ᠍ᠵᠢᠭᠤᠯᠤᠨ ᠪᠣᠳᠠᠲᠠᠢᠵᠢᠭᠤᠯᠵᠤ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ᠎ᠶᠢᠨ ᠵᠠᠮ ᠱᠤᠭᠤᠮ᠎ᠤᠨ ᠵᠢᠷᠤᠭ᠂ ᠪᠠᠷᠢᠯᠭ᠎ᠠ᠎ᠶᠢᠨ ᠵᠢᠷᠤᠭ ᠪᠣᠯᠭᠠᠬᠤ ᠬᠡᠷᠡᠭᠲᠡᠢ᠃ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠪᠠᠷ ᠪᠥᠬᠥ ᠲᠠᠯ᠎ᠠ᠎ᠪᠠᠷ ᠪᠠᠷᠢᠮᠵᠢᠶᠠᠯᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢ ᠰᠠᠢᠲᠤᠷ ᠲᠣᠭᠲᠠᠭᠠᠵᠤ᠂ ᠨᠢᠭᠡ ᠪᠦᠯᠦᠭ ᠳᠠᠪᠠᠭᠤᠯᠢᠭ᠋᠎ᠢᠶᠠᠨ ᠪᠠᠳᠠᠷᠠᠭᠤᠯᠬᠤ᠂ ᠳᠤᠲᠠᠭᠤᠳᠠᠯ᠎ᠢᠶᠠᠨ ᠨᠥᠬᠥᠪᠦᠷᠢᠯᠡᠬᠦ ᠲᠣᠮᠣ᠌ ᠲᠥᠷᠥᠯ ᠵᠦᠢᠯ ᠰᠠᠢᠨ ᠲᠥᠷᠥᠯ ᠵᠦᠢᠯ᠎ᠢ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠦᠨ ᠬᠡᠷᠡᠭᠵᠢᠭᠦᠯᠵᠦ᠂ ᠪᠥᠬᠥ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠵᠢᠷᠠᠨ ᠡᠳᠦᠷ᠎ᠤᠨ ᠰᠢᠢᠳᠪᠦᠷᠢᠲᠦ ᠳᠠᠢᠯᠠᠯᠳᠤᠭᠠᠨ ᠬᠢᠵᠦ᠂ ᠪᠦᠬᠦ ᠵᠢᠯ᠎ᠦᠨ ᠡᠯ᠎ᠡ ᠵᠦᠢᠯ᠎ᠦᠨ ᠬᠠᠷᠠᠯᠲᠠ ᠡᠭᠦᠷᠭᠡ᠎ᠪᠡᠨ ᠪᠦᠬᠦ ᠬᠦᠴᠦᠨ᠎ᠢᠶᠡᠷ᠎ᠢᠶᠡᠨ ᠪᠡᠶᠡᠯᠡᠭᠦᠯᠵᠦ᠂ ᠢᠷᠡᠬᠦ ᠵᠢᠯ᠎ᠦᠨ ᠠᠵᠢᠯ᠎ᠢᠶᠠᠨ ᠤᠷᠢᠳᠴᠢᠯᠠᠨ ᠲᠥᠯᠥᠪᠵᠢᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠲᠡᠭᠦᠰ ᠠᠮᠵᠢᠯᠲᠠ᠎ᠲᠠᠢ ᠰᠡᠭᠦᠯ ᠬᠤᠷᠢᠶᠠᠬᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠰᠠᠢᠨ ᠰᠠᠢᠬᠠᠨ ᠡᠬᠢᠯᠡᠯᠲᠡ ᠲᠠᠢ ᠪᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠮᠡᠳᠡᠭᠦᠯᠦᠯᠲᠡ᠎ᠶᠢᠨ ᠬᠤᠷᠠᠯ ᠨᠢ ᠸᠢᠳᠢᠤ᠋ ᠬᠡᠯᠪᠡᠷᠢ᠎ᠪᠡᠷ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠰᠠᠯᠠᠭ᠎ᠠ ᠮᠥᠴᠢᠷ ᠨᠢᠭᠡᠴᠢ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠦᠨ ᠨᠢᠭᠡᠴᠢ᠎ᠶᠢᠨ ᠭᠣᠣᠯ ᠬᠠᠷᠢᠭᠤᠴᠠᠯᠭᠠᠲᠠᠨ ᠨᠥᠬᠥᠳ ᠨᠠᠷ ᠭᠣᠣᠯ ᠬᠤᠷᠠᠯ᠎ᠤᠨ ᠲᠠᠯᠠᠪᠠᠢ᠎ᠳᠤ ᠮᠡᠳᠡᠭᠦᠯᠦᠯᠲᠡ᠎ᠶᠢ ᠰᠣᠨᠣᠰᠴᠠᠢ᠃ ᠡᠯ᠎ᠡ ᠠᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ᠋)᠎ᠳᠦ ᠬᠤᠪᠢᠶᠠᠷᠢ ᠬᠤᠷᠠᠯ᠎ᠤᠨ ᠲᠠᠯᠠᠪᠠᠶ ᠲᠣᠬᠢᠷᠠᠭᠤᠯᠪᠠ᠃
30 ᠤ᠋ ᠦᠳᠡ᠎ᠶᠢᠨ ᠬᠣᠢᠨ᠎ᠠ᠂ ᠯᠥᠸᠧ ᠸᠸᠨ ᠮᠧᠩ ᠼᠤᠤ ᠠᠮᠢ ᠠᠬᠤᠢ ᠣᠷᠴᠢᠨ ᠲᠣᠭᠣᠷᠢᠨ (ᠪᠦᠯᠦᠭᠯᠡᠯ)᠎ᠤ᠋ ᠬᠤᠪᠢᠴᠠᠭᠠᠲᠤ ᠬᠢᠵᠠᠭᠠᠷᠲᠤ ᠺᠣᠮᠫᠠᠨᠢ᠎ᠶᠢᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠲᠦ ᠤᠬᠠᠭᠤᠯᠤᠨ ᠲᠠᠢᠯᠪᠤᠷᠢᠯᠠᠵᠤ᠂ ᠠᠵᠤ ᠠᠬᠤᠢᠯᠠᠯ᠎ᠤᠨ ᠠᠵᠢᠯᠲᠠᠨ ᠠᠵᠢᠯᠴᠢᠨ᠂ ᠦᠨᠳᠦᠰᠦᠨ ᠱᠠᠲᠤᠨ᠎ᠤ ᠺᠠᠳ᠋ᠷ ᠨᠠᠷ᠎ᠲᠠᠢ ᠰᠠᠨᠠᠯ᠎ᠢᠶᠠᠨ ᠰᠣᠯᠢᠯᠴᠠᠪᠠ᠃