10 ᠰᠠᠷ᠎ᠠ᠎ᠶ᠋ᠢᠨ 1᠎ᠤ ᠦᠳᠡ᠎ᠶ᠋ᠢᠨ ᠡᠮᠦᠨ᠎ᠡ᠂ ᠰᠠᠶᠢᠬᠠᠨ ᠲᠤᠱᠢᠶᠠᠯ᠎ᠳᠤ ᠭᠠᠷᠤᠭ᠍ᠰᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠱᠦᠵᠢ ᠸᠠᠩ ᠸᠧᠢ ᠵᠦᠩ ᠬᠥᠬᠡᠬᠣᠲᠠ᠎ᠳᠤ ᠸᠠᠩ ᠵᠢᠶᠦ᠋ᠨ᠂ ᠸᠠᠩ ᠵᠠᠨ ᠵᠡᠷᠭᠡ ᠵᠢᠩᠭᠢᠨᠢ ᠮᠤᠵᠢ᠎ᠶ᠋ᠢᠨ ᠲᠡᠰ᠎ᠤᠨ ᠬᠣᠶᠠᠷ ᠠᠬᠠᠮᠠᠳ ᠨᠥᠬᠥᠷ᠎ᠢ ᠪᠣᠯᠭᠣᠭᠠᠨ ᠦᠵᠡᠪᠡ᠃


ᠸᠠᠩ ᠸᠧᠢ ᠵᠦᠩ ᠤᠷᠢᠳ ᠬᠣᠵᠢᠳ ᠸᠠᠩ ᠵᠢᠶᠦ᠋ᠨ᠂ ᠸᠠᠩ ᠵᠠᠨ᠎ᠤ ᠭᠡᠷ᠎ᠲᠦ ᠬᠦᠷᠴᠦ᠍᠂ ᠲᠡᠳᠡᠨ᠎ᠲᠡᠶ ᠬᠠᠯᠠᠭᠤᠨ᠎ᠢᠶᠠᠷ ᠭᠠᠷ ᠠᠳᠭᠤᠵᠤ᠂ ᠳᠣᠲᠣᠨᠣ᠎ᠪᠠᠷ ᠶᠠᠷᠢᠯᠴᠠᠪᠠ᠃ ᠸᠠᠩ ᠸᠧᠢ ᠵᠦᠩ᠂ ᠪᠢ ᠡᠨᠡ ᠡᠳᠦᠷ ᠲᠤᠰᠭᠠᠢᠯᠠᠨ ᠠᠬᠠᠮᠠᠳ ᠨᠥᠬᠥᠳ᠎ᠢ ᠡᠷᠬᠢᠨ ᠦᠵᠡᠵᠦ᠍᠂ ᠠᠬᠠᠮᠠᠳ ᠨᠥᠬᠥᠳ᠎ᠡᠴᠡ ᠰᠤᠷᠤᠯᠴᠠᠵᠤ᠂ ᠵᠢᠭᠠᠯᠭᠠᠵᠤ᠂ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠲᠤᠬᠠᠢ ᠰᠠᠨᠠᠯ ᠰᠠᠨᠠᠭᠤᠯᠭ᠎ᠠ᠎ᠶ᠋ᠢ ᠰᠣᠨᠣᠰᠭᠤ᠎ᠪᠠᠷ ᠢᠷᠡᠪᠡ ᠬᠡᠪᠡ᠃ ᠸᠠᠩ ᠸᠧᠢ ᠵᠦᠩ ᠠᠬᠠᠮᠠᠳ ᠨᠥᠬᠥᠳ᠎ᠲᠦ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ᠂ ᠥᠪᠥᠷ ᠮᠣᠩᠭᠣᠯ᠎ᠤᠨ ᠠᠵᠢᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠲᠠᠯᠪᠢᠵᠤ ᠰᠢᠷᠢᠰ ᠴᠢᠬᠤᠯᠠ ᠵᠢᠭᠠᠪᠤᠷᠢ ᠥᠭ᠌ᠴᠦ᠂ ᠪᠢᠳᠡᠨ᠎ᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠪᠦᠳᠦᠭᠡᠨ ᠪᠠᠢᠭᠤᠯᠬᠤ ᠲᠠᠯ᠎ᠠ᠎ᠪᠠᠷ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠬᠤ ᠬᠡᠷᠡᠭ᠌ᠲᠡᠢ ᠭᠡᠵᠦ᠍ ᠱᠠᠭᠠᠷᠳᠠᠪᠠ᠃ ᠨᠠᠮ᠎ᠤᠨ ᠲᠥᠪ ᠬᠣᠷᠢᠢ᠎ᠠ᠎ᠡᠴᠡ ᠨᠠᠮᠠᠶ᠋ᠢ ᠥᠪᠥᠷ ᠮᠣᠩᠭᠣᠯ᠎ᠳᠤ ᠢᠷᠡᠭᠦᠯᠵᠦ ᠠᠵᠢᠯᠯᠠᠭᠤᠯᠬᠤ᠎ᠪᠠᠷ ᠲᠣᠭ᠍ᠲᠠᠪᠠ᠂ ᠨᠠᠳᠠ᠎ᠳᠤ ᠬᠠᠷᠢᠭᠤᠴᠠᠯᠭ᠎ᠠ ᠬᠦᠨᠳᠦ᠂ ᠡᠭᠦᠷᠭᠡ ᠦᠩᠭᠡ ᠭᠡᠷᠡᠯᠲᠡᠢ ᠰᠠᠨᠠᠭ᠍ᠳᠠᠵᠤ ᠪᠠᠢᠨ᠎ᠠ᠃ ᠪᠢ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠦᠩᠬᠡᠷᠡᠭᠰᠡᠨ᠎ᠤ ᠬᠤᠭᠤᠴᠠᠭ᠎ᠠ ᠪᠦᠷᠢ᠎ᠶ᠋ᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠤᠳᠤᠷᠢᠳᠭᠤ ᠪᠠᠭ᠎ᠤᠨ ᠴᠤᠬᠴᠠᠯᠠᠬᠰᠠᠨ ᠪᠠᠲᠤ ᠪᠠᠬᠢ ᠰᠠᠭᠤᠷᠢᠨ ᠳᠡᠭᠡᠷ᠎ᠡ᠂ ᠡᠯ᠎ᠡ ᠵᠦᠶ᠋ᠯ᠎ᠦᠨ ᠠᠵᠢᠯ᠎ᠢᠶᠠᠨ ᠯᠠᠪᠳᠠᠭᠤᠨ ᠪᠠᠲᠤᠲᠠᠶ ᠪᠦᠲᠦᠮᠵᠢᠲᠡᠶ ᠰᠠᠢᠲᠤᠷ ᠬᠢᠵᠦ᠍᠂ ᠶᠡᠷᠦᠩᠬᠡᠶ ᠱᠦᠵᠢ ᠰᠢ ᠵᠢᠨ ᠫᠢᠩ᠂ ᠨᠠᠮ᠎ᠤᠨ ᠲᠥᠪ ᠬᠤᠷᠢᠶ᠎ᠠ᠎ᠶᠢᠨ ᠬᠦᠨᠳᠦ ᠨᠠᠢᠳᠠᠯᠭ᠎ᠠ ᠪᠣᠯᠤᠨ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠰᠡᠯ ᠡᠷᠡᠮᠡᠯᠵᠡᠯ᠎ᠢ ᠬᠥᠰᠡᠷᠳᠡᠭᠦᠯᠬᠦ᠌ ᠥᠬᠡᠶ᠃ ᠠᠬᠠᠮᠠᠳ ᠨᠥᠬᠥᠳ᠎ᠦᠨ ᠤᠯᠤᠰ ᠲᠥᠷᠥ᠎ᠶ᠋ᠢᠨ ᠬᠡᠪ ᠪᠣᠯᠪᠠᠰᠤᠷᠠᠯ ᠥᠨᠳᠥᠷ᠂ ᠠᠵᠢᠯ᠎ᠤᠨ ᠲᠤᠷᠱᠢᠯᠭ᠎ᠠ ᠪᠠᠶᠠᠯᠢᠭ᠂ ᠥᠩᠭᠡᠷᠡᠭ᠌ᠰᠡᠨ ᠲᠡᠶ᠎ᠪᠡᠨ ᠠᠳᠠᠯᠢ᠎ᠪᠠᠷ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢ ᠬᠠᠯᠠᠮᠵᠢᠯᠠᠨ ᠳᠡᠮᠵᠢᠵᠦ᠍᠂ ᠡᠷᠬᠢᠮ ᠨᠠᠨᠳᠢᠨ ᠰᠠᠨᠠᠯ ᠰᠠᠨᠠᠭᠤᠯᠭ᠎ᠠ᠎ᠪᠠᠨ ᠢᠯᠡᠭᠦᠬᠡᠨ ᠳᠤᠷᠠᠳᠴᠤ᠌᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠥᠪᠥᠷ ᠮᠣᠩᠭᠣᠯ᠎ᠤᠨ ᠶᠠᠪᠤᠳᠠᠯ᠎ᠢ ᠰᠠᠢᠲᠤᠷ ᠬᠢᠬᠦ᠌᠎ᠶ᠋ᠢ ᠲᠠ ᠪᠦᠭᠦᠳᠡ᠎ᠳᠤ ᠬᠦᠰᠡᠵᠦ᠍ ᠪᠠᠢᠨ᠎ᠠ ᠭᠡᠪᠡ᠃
ᠸᠠᠩ ᠵᠢᠶᠦ᠋ᠨ᠂ ᠸᠠᠩ ᠵᠠᠨ ᠨᠠᠮ᠎ᠤᠨ ᠲᠥᠪ ᠬᠤᠷᠢᠶ᠎ᠠ᠎ᠶᠢᠨ ᠲᠣᠭ᠍ᠲᠠᠭᠠᠯ᠎ᠢ ᠡᠷᠡᠰ ᠬᠦᠷᠢᠶᠡᠯᠡᠵᠦ᠍᠂ ᠸᠠᠩ ᠸᠧᠶ ᠵᠥᠩ ᠨᠥᠬᠥᠷ᠎ᠦᠨ ᠥᠪᠥᠷ ᠮᠣᠩᠭᠣᠯ᠎ᠳᠤ ᠢᠷᠡᠵᠦ᠍ ᠲᠤᠱᠢᠶᠠᠯ ᠡᠭᠦᠷᠭᠡᠯᠡᠬᠦ᠌᠎ᠶ᠋ᠢ ᠬᠠᠯᠠᠭᠤᠨ᠎ᠢᠶᠠᠷ ᠤᠭ᠍ᠲᠤᠵᠤ ᠪᠠᠢᠨ᠎ᠠ᠂ ᠯᠠᠪᠳᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠳᠡᠮᠵᠢᠨ᠎ᠡ᠂ ᠸᠠᠩ ᠸᠧᠶ ᠵᠥᠩ ᠨᠥᠬᠥᠷ᠎ᠦᠨ ᠱᠢᠨ᠎ᠡ᠎ᠪᠠᠷ ᠲᠤᠱᠢᠶᠠᠯ᠎ᠳᠤ ᠭᠠᠷᠤᠭ᠍ᠰᠠᠨ᠎ᠤ ᠳᠠᠷᠠᠭᠠᠬᠢ ᠠᠩᠬᠠᠨ᠎ᠤ ᠡᠳᠦᠷ ᠳᠠᠷᠤᠶ ᠪᠤᠯᠭᠤᠭᠠᠨ ᠦᠵᠡᠬᠦ᠌᠎ᠪᠡᠷ ᠢᠷᠡᠭ᠌ᠰᠡᠨ᠎ᠳᠦ ᠲᠠᠯᠠᠷᠬᠠᠵᠤ ᠪᠠᠢᠨ᠎ᠠ᠃ ᠸᠠᠩ ᠸᠧᠶ ᠵᠥᠩ ᠨᠥᠬᠥᠷ᠎ᠢᠶᠡᠷ ᠪᠠᠭ᠎ᠤᠨ ᠲᠠᠷᠤᠭ᠎ᠠ ᠪᠣᠯᠭᠠᠭ᠍ᠰᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠯᠠᠪᠲᠠᠶ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠶᠡᠷᠦᠩᠬᠡᠶ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠡᠷᠡᠮᠡᠬᠡᠢᠯᠡᠨ ᠤᠷᠤᠭ᠍ᠰᠢᠯᠠᠵᠤ᠂ ᠥᠪᠥᠷ ᠮᠣᠩᠭᠣᠯ᠎ᠤᠨ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠱᠢᠨ᠎ᠡ ᠳᠡᠭ᠌ᠲᠡᠷ᠎ᠲᠦ ᠭᠠᠷᠬᠤ᠎ᠶ᠋ᠢ ᠲᠠᠰᠤᠷᠠᠯᠲᠠ ᠥᠬᠡᠶ ᠠᠬᠢᠭᠤᠯᠵᠤ ᠴᠢᠳᠠᠨ᠎ᠠ ᠭᠡᠳᠡᠭ᠎ᠢ ᠢᠲᠡᠭᠡᠵᠦ᠍ ᠪᠠᠢᠨ᠎ᠠ ᠭᠡᠵᠦ ᠢᠯᠡᠳᠭᠡᠪᠡ᠃
ᠬᠣᠶᠠᠷ ᠠᠬᠠᠮᠠᠳ ᠨᠥᠬᠥᠷ᠎ᠦᠨ ᠤᠬᠠᠭᠠᠨ ᠰᠠᠷᠠᠭᠤᠯ᠂ ᠴᠣᠭ ᠵᠢᠪᠬᠤᠭ᠎ᠠ ᠪᠠᠳᠠᠷᠠᠩᠭᠤᠶ ᠪᠠᠢᠬᠤ᠎ᠶ᠋ᠢ ᠦᠵᠡᠭᠡᠳ ᠸᠠᠩ ᠸᠧᠶ ᠵᠥᠩ ᠮᠠᠰᠢ ᠪᠠᠶᠠᠷ ᠲᠠᠢ ᠪᠠᠢᠪᠠ᠃ ᠲᠡᠷᠡ᠂ ᠠᠬᠠᠮᠠᠳ ᠨᠥᠬᠥᠳ ᠪᠣᠯ ᠨᠠᠮ ᠪᠣᠯᠤᠨ ᠤᠯᠤᠰ᠎ᠤᠨ ᠡᠷᠬᠢᠮ ᠨᠠᠨᠳᠢᠨ ᠥᠪ ᠬᠦᠷᠦᠩᠭᠡ ᠮᠥᠨ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠳᠦ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠤᠮ᠂ ᠬᠣᠯᠪᠣᠭ᠍ᠳᠠᠯ ᠪᠦᠬᠦᠢ ᠲᠠᠯ᠎ᠠ᠎ᠶ᠋ᠢᠨ᠎ᠬᠢᠨ ᠶᠡᠷᠦᠩᠬᠡᠢ ᠱᠦᠵᠢ ᠰᠢ ᠵᠢᠨ ᠫᠢᠩ᠎ᠦᠨ ᠠᠬᠠᠮᠠᠳ ᠺᠠᠳ᠋ᠷᠴᠤᠳ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠤᠨ ᠪᠦᠬᠦ᠌ ᠤᠯᠤᠰ᠎ᠤᠨ ᠠᠬᠠᠮᠠᠳ ᠺᠠᠳ᠋ᠷ᠎ᠤᠨ ᠲᠣᠪᠴᠢᠶ᠎ᠠ᠎ᠶᠢᠨ ᠳᠠᠷᠤᠭ᠎ᠠ᠎ᠨᠠᠷ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠢᠯᠡᠴᠢᠯᠡᠭᠡ ᠪᠠᠲᠤᠯᠠᠭ᠎ᠠ᠎ᠶ᠋ᠢᠨ ᠠᠵᠢᠯ᠎ᠢ ᠪᠦᠬᠦ᠌ ᠲᠠᠯ᠎ᠠ᠎ᠪᠠᠷ ᠰᠠᠢᠲᠤᠷ ᠬᠢᠵᠦ᠍᠂ ᠤᠯᠤᠰ ᠲᠦᠷᠦ᠍᠎ᠶ᠋ᠢᠨ ᠲᠠᠯ᠎ᠠ᠎ᠪᠠᠷ ᠬᠦᠨᠳᠦᠳᠭᠡᠵᠦ᠍᠂ ᠠᠮᠢᠳᠤᠷᠠᠯ᠎ᠤᠨ ᠲᠠᠯ᠎ᠠ᠎ᠪᠠᠷ ᠬᠠᠷᠠᠭᠠᠯᠵᠠᠵᠤ᠂ ᠤᠶᠤᠨ ᠰᠠᠨᠠᠭᠠᠨ᠎ᠤ ᠲᠠᠯ᠎ᠠ᠎ᠪᠠᠷ ᠬᠠᠯᠠᠮᠵᠢᠯᠠᠵᠤ᠂ ᠲᠡᠳᠡᠨ᠎ᠤ ᠥᠲᠡᠯᠦᠭᠡ ᠨᠠᠰᠤ᠎ᠪᠠᠨ ᠵᠢᠷᠭᠠᠯ᠎ᠲᠠᠶ ᠥᠩᠭᠡᠷᠡᠭᠦᠯᠬᠦ᠌᠎ᠳᠤ ᠰᠠᠢᠳᠤᠷ ᠦᠢᠯᠡᠴᠢᠯᠡᠬᠦ ᠬᠡᠷᠡᠭ᠌ᠲᠡᠢ ᠭᠡᠪᠡ᠃ ᠠᠶᠠᠷᠯᠠᠨ ᠰᠠᠯᠬᠤ ᠦᠶ᠎ᠠ᠎ᠳᠤ᠂ ᠸᠠᠩ ᠸᠧᠢ ᠵᠦᠩ ᠠᠬᠠᠮᠠᠳ ᠨᠥᠬᠥᠳ᠎ᠦᠨ ᠤᠯᠤᠰ᠎ᠤᠨ ᠪᠠᠶᠠᠷ᠎ᠤᠨ ᠡᠳᠦᠷ᠂ ᠨᠠᠢ᠍ᠮᠠᠨ ᠰᠠᠷ᠎ᠠ᠎ᠶ᠋ᠢᠨ ᠲᠡᠷᠭᠡᠯ ᠪᠠᠶᠠᠷ᠎ᠢᠶᠡᠨ ᠪᠠᠶᠠᠷ ᠬᠦᠷ᠎ᠲᠡᠶ ᠦᠩᠭᠡᠷᠡᠭᠦᠯᠵᠦ᠂ ᠪᠡᠶ᠎ᠡ ᠮᠠᠬᠠᠪᠣᠳ ᠡᠷᠡᠭᠦᠯ ᠴᠢᠭᠢᠷᠠᠭ᠂ ᠰᠠᠨᠠᠭᠰᠠᠨ ᠪᠦᠬᠦᠨ ᠰᠠᠨᠠᠭᠠᠴᠢᠯᠠᠨ ᠪᠦᠲᠦᠬᠦ᠌᠎ᠶ᠋ᠢ ᠬᠦᠰᠡᠨ ᠵᠥᠩᠨᠡᠪᠡ᠃