ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠸᠠᠩ ᠸᠧᠢ ᠵᠦᠩ ᠬᠥᠬᠡᠬᠣᠲᠠ᠎ᠳᠤ ᠠᠵᠢᠯ᠎ᠤᠨ ᠪᠠᠢᠷᠢ᠎ᠪᠠᠨ ᠰᠠᠬᠢᠵᠤ ᠵᠢᠵᠢᠭᠦᠷᠯᠡᠬᠦ ᠵᠠᠬ᠎ᠠ ᠳᠡᠯᠭᠡᠭᠦᠷ᠎ᠦᠨ ᠬᠠᠩᠭᠠᠯᠭ᠎ᠠ᠎ᠶᠢ ᠪᠠᠲᠤᠯᠠᠬᠤ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠪᠠᠢᠴᠠᠭᠠᠨ ᠰᠤᠳᠤᠯᠬᠤ᠎ᠳᠠᠭᠠᠨ ᠴᠢᠬᠤᠯᠠᠴᠢᠯᠠᠭᠰᠠᠨ ᠨᠢ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠵᠤ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ ᠠᠷᠠᠳ ᠣᠯᠠᠨ᠎ᠤ ᠤᠯᠤᠰ᠎ᠤᠨ ᠪᠠᠶᠠᠷ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠢᠶᠡᠨ ᠪᠠᠶᠠᠷ ᠬᠥᠷ ᠎ᠲᠡᠶ ᠥᠩᠭᠡᠷᠡᠭᠦᠯᠬᠦ᠌᠎ᠶᠢ ᠦᠨᠡᠨ᠎ᠬᠦ᠌ ᠪᠠᠲᠤᠯᠠᠬᠤ ᠬᠡᠷᠡᠭᠳᠡᠢ
ᠨᠡᠶ᠋ᠢᠲᠡᠯᠡᠭᠰᠡᠨ ᠴᠠᠭ᠄ 2025-10-09

 

10 ᠰᠠᠷ᠎ᠠ᠎ᠶᠢᠨ 1᠎ᠤ ᠦᠳᠡ᠎ᠶᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ ᠸᠠᠩ ᠸᠧᠶ ᠵᠥᠩ ᠬᠥᠬᠡᠬᠣᠲᠠ᠎ᠳᠤ ᠪᠠᠶᠠᠷ ᠳᠤᠷᠠᠰᠭᠠᠯ ᠠᠮᠠᠷᠠᠯᠲᠠ᠎ᠶᠢᠨ ᠡᠳᠦᠷ᠎ᠤᠨ ᠬᠤᠭᠤᠴᠠᠭᠠᠨ᠎ᠳᠡᠬᠢ ᠠᠵᠢᠯ᠎ᠤᠨ ᠪᠠᠢᠷᠢ᠎ᠪᠠᠨ ᠰᠠᠬᠢᠵᠤ ᠵᠢᠵᠢᠭᠦᠷᠯᠡᠬᠦ᠂ ᠵᠠᠬ᠎ᠠ ᠳᠡᠯᠭᠡᠭᠦᠷ᠎ᠦᠨ ᠬᠠᠩᠭᠠᠯᠭ᠎ᠠ᠎ᠶᠢ ᠪᠠᠲᠤᠯᠠᠬᠤ᠂ ᠠᠶᠤᠯᠬᠦᠢ ᠦᠢᠯᠡᠳᠪᠦᠷᠢᠯᠡᠯ᠎ᠦᠨ ᠠᠵᠢᠯ᠎ᠢ ᠪᠠᠢᠴᠠᠭᠠᠨ ᠰᠤᠳᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠬᠥᠬᠡᠬᠣᠲᠠ ᠎ᠶᠢᠨ ᠨᠠᠮ᠎ᠤᠨ ᠬᠤᠷᠢᠶ᠎ᠠ᠎ᠶᠢᠨ ᠱᠦᠵᠢ ᠪᠦᠦ ᠭᠠᠩ ᠣᠷᠣᠯᠴᠠᠪᠠ᠃

ᠸᠠᠩ ᠸᠧᠶ ᠵᠥᠩ ᠡᠩ ᠲᠡᠷᠢᠭᠦᠨ᠎ᠳᠦ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ᠎ᠦᠨ ᠵᠢᠯᠣᠭᠣᠳᠭᠤ ᠲᠥᠪ᠎ᠲᠦ ᠬᠦᠷᠴᠦ᠍᠂ ᠵᠢᠯᠣᠭᠣᠳᠭᠤ ᠲᠥᠪ᠎ᠦᠨ ᠠᠵᠢᠯᠯᠠᠭᠠᠨ᠎ᠤ ᠪᠠᠢᠳᠠᠯ ᠪᠣᠯᠤᠨ ᠪᠥᠬᠥ᠌ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠢᠰᠲ᠋ᠧᠮ᠎ᠦᠨ ᠪᠠᠢᠭᠤᠯᠤᠯᠲᠠ᠎ᠶᠢᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠌᠂ ᠪᠠᠶᠠᠷ᠎ᠤᠨ ᠡᠳᠦᠷ᠎ᠦᠨ ᠬᠤᠭᠤᠴᠠᠭᠠᠨ᠎ᠳᠠᠬᠢ ᠠᠵᠢᠯ᠎ᠤᠨ ᠪᠠᠢᠷᠢ᠎ᠪᠠᠨ ᠰᠠᠬᠢᠵᠤ ᠵᠢᠵᠢᠭᠦᠷᠯᠡᠬᠦ ᠠᠵᠢᠯ᠎ᠤᠨ ᠲᠣᠬᠢᠷᠠᠭᠤᠯᠤᠯᠲᠠ᠎ᠶᠢ ᠣᠢᠯᠠᠭᠠᠵᠤ᠂ ᠥᠪᠥᠷ ᠮᠣᠩᠭᠣᠯ᠎ᠤᠨ ᠣᠶ ᠰᠢᠭᠤᠶ᠎ᠶᠢᠨ ᠭᠠᠯ ᠰᠡᠷᠭᠡᠢᠯᠡᠵᠤ ᠭᠠᠯ ᠤᠨᠲᠠᠷᠠᠭᠠᠬᠤ ᠬᠡᠭᠡᠨ ᠭᠤᠤᠯ᠎ᠳ᠋ᠡᠬᠢ ᠠᠭᠠᠷ᠎ᠤᠨ ᠠᠶᠠᠯᠠᠯ᠎ᠤᠨ ᠣᠶ ᠰᠢᠭᠤᠢ᠎ᠶᠢ ᠬᠠᠮᠠᠭᠠᠯᠠᠬᠤ ᠥᠷᠲᠡᠭᠡ᠂ ᠳᠤᠮᠳᠠᠳᠤ ᠤᠯᠤᠰ᠎ᠤᠨ ᠱᠸᠠ ᠬᠤᠸᠠ ᠨᠡᠭᠦᠷᠡᠰᠦ᠎ᠪᠡᠷ ᠲᠣᠰᠣ ᠦᠢᠯᠡᠳᠬᠦ ᠬᠢᠮᠢ᠎ᠶᠢᠨ ᠠᠵᠤ ᠦᠢᠯᠡᠳᠪᠦᠷᠢ᠎ᠶᠢᠨ ᠬᠢᠵᠠᠭᠠᠷᠲᠤ ᠺᠣᠮᠫᠠᠨᠢ᠎ᠶᠢᠨ ᠣᠷᠳᠣᠰ᠎ᠤᠨ ᠨᠡᠭᠦᠷᠡᠰᠦ᠎ᠪᠡᠷ ᠲᠣᠰᠣ ᠦᠢᠯᠡᠳᠬᠦ᠌ ᠬᠤᠪᠢᠶᠠᠷᠢ ᠺᠣᠮᠫᠠᠨᠢ᠂ ᠡᠵᠡᠨ᠎ᠡ᠎ᠶᠢᠨ ᠲᠤᠤᠷᠠᠶ᠎ᠶᠢᠨ ᠣᠶ᠎ᠶᠢᠨ ᠵᠢᠭᠤᠯᠴᠢᠯᠠᠯ᠎ᠤᠨ ᠣᠷᠣᠨ᠎ᠤ ᠬᠠᠮᠢᠶ᠎ᠠ ᠪᠥᠬᠥᠶ ᠬᠠᠷᠢᠭᠤᠴᠠᠯᠭᠠᠲᠠᠨ ᠨᠥᠬᠥᠳ᠎ᠲᠡᠶ ᠸᠢᠳᠢᠣ᠋᠎ᠪᠠᠷ ᠬᠤᠯᠪᠤᠭ᠎ᠠ ᠠᠪᠴᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠡᠮᠦᠨ᠎ᠡ ᠹᠷᠣᠨᠲ᠎ᠢ ᠪᠠᠲᠤ ᠰᠠᠬᠢᠵᠤ ᠪᠠᠢᠭ᠎ᠠ ᠠᠵᠢᠯᠲᠠᠳ᠎ᠲᠤ ᠲᠠᠯᠠᠷᠬᠠᠵᠤ ᠪᠠᠢᠬᠤ᠎ᠪᠠᠨ ᠢᠯᠡᠳᠬᠡᠭᠰᠡᠨ ᠪᠥᠭᠡᠳ ᠬᠤᠯᠪᠤᠭᠳᠠᠯ ᠪᠥᠬᠥᠶ ᠪᠠᠢᠳᠠᠯ᠎ᠢ ᠣᠢᠯᠠᠭᠠᠵᠤ᠂ ᠠᠵᠢᠯ᠎ᠤᠨ ᠱᠠᠭᠠᠷᠳᠠᠯᠭ᠎ᠠ ᠳᠤᠷᠠᠳᠪᠠ᠃ ᠲᠡᠷᠡ᠂ ᠤᠯᠤᠰ᠎ᠤᠨ ᠪᠠᠶᠠᠷ᠎ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠠᠮᠠᠷᠠᠯᠲᠠ᠎ᠶᠢᠨ ᠬᠤᠭᠤᠴᠠᠭ᠎ᠠ ᠪᠣᠯ ᠤᠯᠤᠰ ᠳᠠᠶᠠᠭᠠᠷ᠎ᠢᠶᠠᠨ ᠪᠠᠶᠠᠷᠯᠠᠨ ᠪᠡᠯᠭᠡᠯᠡᠵᠦ᠍᠂ ᠭᠡᠷ ᠬᠣᠲᠠᠯᠠᠭᠠᠷ᠎ᠢᠶᠠᠨ ᠬᠤᠷᠠᠨ ᠴᠤᠭᠯᠠᠷᠠᠬᠤ ᠴᠠᠭ ᠮᠦᠴᠡ ᠮᠥᠨ᠂ ᠡᠯ᠎ᠡ ᠱᠠᠲᠤᠨ᠎ᠤ ᠬᠢᠨ ᠤᠯᠤᠰ ᠲᠦᠷᠦ᠍᠎ᠶᠢᠨ ᠵᠤᠭᠰᠤᠴᠠ᠎ᠪᠠᠨ ᠤᠯᠠᠮ ᠳᠡᠭᠡᠭᠰᠢᠯᠡᠬᠦᠯᠵᠦ᠂ ᠤᠯᠠᠨ ᠲᠦᠮᠡᠨ᠎ᠢ ᠦᠨᠡᠨ ᠬᠦ᠌ ᠰᠡᠳᠭᠢᠯ᠎ᠳᠡᠭᠡᠨ ᠪᠤᠳᠤᠵᠤ᠂ ᠵᠢᠵᠢᠭᠦᠷᠯᠡᠵᠤ ᠠᠵᠢᠯ᠎ᠤᠨ ᠪᠠᠢᠷᠢ᠎ᠪᠠᠨ ᠰᠠᠬᠢᠬᠤ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ 《ᠴᠠᠭ ᠢᠮᠠᠭᠳᠠ ᠰᠠᠨᠠᠭ᠎ᠠ ᠳᠠᠯᠪᠢᠬᠤ》 ᠬᠠᠷᠢᠭᠤᠴᠠᠯᠭᠠᠳᠤ ᠰᠡᠳᠭᠢᠯᠭᠡ᠎ᠪᠡᠷ ᠠᠮᠤᠷ ᠲᠦᠪᠰᠢᠨ ᠲᠤᠭᠳᠠᠭᠤᠨ᠎ᠢ ᠬᠠᠮᠠᠭᠠᠯᠠᠬᠤ ᠡᠯ᠎ᠡ ᠵᠦᠢᠯ᠎ᠦᠨ ᠠᠵᠢᠯ᠎ᠢ ᠰᠠᠢᠲᠤᠷ ᠠᠳᠭᠤᠵᠤ᠂ ᠨᠡᠢᠭᠡᠮ᠎ᠦᠨ ᠶᠡᠬᠡ ᠲᠠᠯ᠎ᠠ᠎ᠶᠢᠨ ᠠᠮᠤᠷ ᠲᠦᠪᠰᠢᠨ ᠲᠤᠭᠳᠠᠭᠤᠨ᠎ᠢ ᠪᠦᠬᠦ᠌ ᠬᠦᠴᠦ᠍᠎ᠪᠡᠷ᠎ᠢᠶᠡᠨ ᠪᠠᠲᠤᠯᠠᠵᠤ᠂ ᠠᠷᠠᠳ ᠤᠯᠠᠨ᠎ᠤ ᠤᠯᠤᠰ᠎ᠤᠨ ᠪᠠᠶᠠᠷ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠢᠶᠠᠨ ᠬᠥᠷ ᠨᠡᠷᠬᠢᠶᠠᠨ᠎ᠲᠡᠶ ᠥᠯᠵᠡᠶ ᠪᠡᠯᠭᠡ᠎ᠲᠡᠶ ᠥᠩᠭᠡᠷᠡᠭᠦᠯᠬᠦ᠌᠎ᠶᠢ ᠪᠠᠲᠤᠯᠠᠬᠤ ᠬᠡᠷᠡᠭᠳᠡᠢ᠃ ᠲᠦᠭᠱᠢᠭᠦᠷᠢ᠎ᠶᠢᠨ ᠤᠬᠠᠮᠰᠠᠷ ᠪᠣᠯᠤᠨ ᠬᠣᠷᠢᠭ᠎ᠠ ᠱᠤᠭᠤᠮ᠎ᠤᠨ ᠰᠡᠳᠭᠢᠬᠦᠶ᠎ᠶᠢ ᠪᠠᠲᠤ ᠪᠣᠶ ᠪᠣᠯᠭᠠᠵᠤ᠂ 《ᠭᠤᠷᠪᠠᠨ ᠬᠠᠮᠢᠶᠠᠷᠬᠤ ᠭᠤᠷᠪᠠᠨ ᠡᠷᠬᠡᠪᠰᠢ》᠎ᠶᠢᠨ ᠱᠠᠭᠠᠷᠳᠠᠯᠭ᠎ᠠ ᠶᠣᠰᠣᠭᠠᠷ ᠠᠭᠤᠷᠬᠠᠶ᠂ ᠭᠠᠯ ᠰᠡᠷᠭᠡᠢᠯᠡᠬᠦ ᠭᠠᠯ ᠤᠨᠲᠠᠷᠠᠭᠠᠬᠤ᠂ ᠵᠢᠭᠤᠯᠴᠢᠯᠠᠯ᠂ ᠠᠶᠤᠯᠲᠠᠢ ᠬᠢᠮᠢ᠎ᠶᠢᠨ ᠪᠣᠳᠠᠰ᠂ ᠵᠠᠮ ᠬᠠᠷᠢᠯᠴᠠᠭ᠎ᠠ᠂ ᠲᠡᠮᠦᠷᠯᠢᠭ ᠪᠣᠯᠪᠠᠰᠤᠷᠠᠭᠤᠯᠬᠤ᠂ ᠠᠵᠤ ᠦᠢᠯᠡᠳᠪᠦᠷᠢ ᠠᠷᠠᠯᠵᠢᠶ᠎ᠠ ᠵᠡᠷᠭᠡ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠶᠢ ᠴᠢᠩᠭ᠎ᠠ ᠠᠩᠬᠠᠷᠴᠤ᠌᠂ ᠠᠮᠤᠷ ᠲᠦᠪᠰᠢᠨ᠎ᠦ ᠠᠶᠤᠯ ᠲᠦᠭᠱᠢᠭᠦᠷᠢ ᠬᠡᠮ ᠰᠣᠭᠣᠭ᠎ᠢ ᠭᠦᠨᠵᠡᠭᠡᠶ ᠵᠢᠭᠰᠠᠭᠠᠨ ᠪᠠᠢᠴᠠᠭᠠᠵᠤ ᠴᠡᠭᠴᠡᠯᠡᠨ ᠵᠠᠰᠠᠵᠤ᠂ ᠬᠦᠨᠳᠦ ᠶᠡᠬᠡ ᠡᠨᠳᠡᠯ ᠭᠠᠷᠬᠤ᠎ᠶᠢ ᠲᠠᠰᠤ ᠬᠤᠷᠢᠭᠯᠠᠬᠤ ᠬᠡᠷᠡᠭᠳᠡᠢ᠃ ᠣᠶ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠵᠤ ᠤᠨᠲᠠᠷᠠᠭᠠᠬᠤ ᠡᠨᠡ ᠬᠦ᠌ ᠬᠥᠪᠴᠢ᠎ᠶᠢ ᠴᠠᠭ ᠢᠮᠠᠭᠲᠠ ᠴᠢᠩᠭᠠᠯᠠᠵᠤ᠂ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ᠂ ᠨᠠᠮᠤᠷ᠎ᠤᠨ ᠤᠯᠠᠷᠢᠯ᠎ᠤᠨ ᠲᠦᠢᠮᠡᠷ᠎ᠢ ᠰᠡᠷᠭᠡᠢᠯᠡᠬᠦ᠌ ᠬᠤᠭᠤᠴᠠᠭᠠᠨ᠎ᠤ ᠡᠯ᠎ᠡ ᠵᠦᠢᠯ᠎ᠦᠨ ᠡᠭᠦᠷᠭᠡ ᠠᠷᠭ᠎ᠠ ᠬᠡᠮᠵᠢᠶ᠎ᠡ᠎ᠶᠢ ᠪᠣᠳᠠᠲᠠᠶ ᠠᠳᠭᠤᠨ ᠨᠠᠷᠢᠯᠢᠭ ᠠᠳᠭᠤᠵᠤ᠂ ᠤᠷᠢᠳᠴᠢᠯᠠᠨ ᠰᠡᠷᠡᠮᠵᠢᠯᠡᠭᠦᠯᠵᠦ᠍ ᠴᠤᠤᠷᠢᠶᠠᠲᠤᠨ ᠳᠠᠭᠠᠬᠤ ᠪᠠ ᠡᠮᠦᠨᠡᠬᠢ ᠬᠤᠭᠤᠴᠠᠭᠠᠨ᠎ᠤ ᠠᠷᠭᠠᠴᠠᠭᠠᠬᠤ ᠴᠢᠳᠠᠪᠤᠷᠢ᠎ᠪᠠᠨ ᠳᠡᠭᠡᠭᠱᠢᠯᠡᠭᠦᠯᠵᠦ᠍᠂ ᠲᠦᠢᠮᠡᠷ ᠭᠠᠷᠪᠠᠯ ᠲᠦᠷᠭᠡᠨ ᠰᠢᠢᠳᠪᠦᠷᠢᠯᠡᠵᠦ᠂ ᠡᠷᠲᠡ᠎ᠡᠴᠡ ᠤᠨᠳᠠᠷᠠᠭᠠᠬᠤ ᠪᠠᠭ᠎ᠠ᠎ᠪᠠᠢᠬᠤ ᠦᠶ᠎ᠠ᠎ᠳᠤᠨᠢ ᠤᠨᠳᠠᠷᠠᠭᠠᠬᠤ᠎ᠶᠢ ᠦᠨᠡᠨ ᠬᠦ᠌ ᠪᠠᠲᠤᠯᠠᠬᠤ ᠬᠡᠷᠡᠭᠲᠡᠶ᠃ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠤ ᠵᠠᠮ ᠬᠠᠷᠢᠯᠴᠠᠭᠠᠨ᠎ᠤ ᠠᠮᠤᠷ ᠲᠦᠪᠰᠢᠨ᠂ ᠲᠤᠨᠤᠭ ᠳᠦᠬᠦᠭᠡᠷᠦᠮᠵᠢ᠎ᠶᠢᠨ ᠠᠮᠤᠷ ᠲᠦᠪᠰᠢᠨ ᠪᠠ ᠢᠳᠡᠭᠡᠨ᠎ᠦ ᠠᠮᠤᠷ ᠲᠦᠪᠰᠢᠨ᠎ᠦ ᠬᠠᠮᠢᠶᠠᠷᠤᠯᠲᠠ᠎ᠶᠢ ᠴᠢᠩᠭᠠᠳᠭᠠᠵᠤ᠂ ᠵᠢᠭᠤᠯᠴᠢᠯᠠᠭᠰᠠᠳ᠎ᠲᠤ ᠦᠨᠡᠨ᠎ᠬᠦ᠌ ᠰᠠᠢᠨ ᠰᠠᠢᠬᠠᠨ ᠪᠡᠶᠡᠴᠢᠯᠠᠨ ᠤᠢᠯᠠᠭᠠᠯᠳᠠ ᠬᠦᠷᠳᠡᠬᠡᠬᠦ ᠬᠡᠷᠡᠭᠳᠡᠢ ᠭᠡᠪᠡ᠃

ᠪᠠᠶᠠᠷ᠎ᠤᠨ ᠡᠳᠦᠷ᠎ᠦᠨ ᠬᠤᠭᠤᠴᠠᠭᠠᠨ᠎ᠳᠠᠬᠢ ᠮᠧᠶ ᠲᠦᠩ ᠪᠥᠭᠡᠮ᠎ᠢᠶᠡᠷ ᠬᠤᠳᠠᠯᠳᠤᠬᠤ ᠵᠠᠬ᠎ᠠ ᠳᠡᠯᠭᠡᠭᠦᠷ᠎ᠲᠦ ᠤᠯᠠᠨ ᠬᠦᠮᠦᠨ ᠪᠠᠷᠠᠭ᠎ᠠ ᠲᠠᠸᠠᠷ ᠬᠤᠳᠠᠯᠳᠤᠨ ᠠᠪᠴᠤ ᠬᠦᠷ ᠬᠦᠭᠵᠢᠶᠠᠨ᠎ᠢᠶᠡᠷ ᠪᠢᠯᠬᠠᠨ᠎ᠠ᠃ ᠸᠠᠩ ᠸᠧᠶ ᠵᠥᠩ ᠲᠤᠰ ᠵᠠᠬ᠎ᠠ ᠲᠡᠯᠬᠡᠬᠦᠷ᠎ᠲᠤ ᠢᠷᠠᠵᠤ᠂ ᠱ᠌ᠢ ᠴᠢᠤᠸᠠᠨ ᠱ᠌ᠢ ᠮᠧᠶ ᠬᠠᠮ ᠳᠡᠯᠭᠡᠭᠦᠷ᠎ᠲᠦ ᠣᠷᠣᠵᠤ᠂ ᠲᠠᠸᠠᠷ᠎ᠢ ᠦᠢᠯᠡᠳᠪᠦᠷᠢᠯᠡᠭᠰᠡᠨ ᠭᠠᠵᠠᠷ᠂ ᠬᠠᠳᠠᠭᠠᠯᠠᠬᠤ᠂ ᠦᠨ᠎ᠡ ᠬᠠᠩᠰᠢ᠂ ᠲᠡᠭᠡᠭᠡᠪᠦᠷᠢᠯᠡᠬᠦ ᠪᠠ ᠪᠣᠷᠣᠯᠠᠭᠤᠯᠬᠤ ᠵᠡᠷᠭᠡ ᠪᠠᠢᠳᠠᠯ᠎ᠢ ᠨᠠᠷᠢᠨ ᠠᠰᠠᠭᠤᠪᠠ᠃ ᠲᠡᠷᠡ᠂ ᠠᠷᠠᠳ ᠠᠨᠤ ᠠᠮᠤ ᠬᠦᠨᠡᠰᠦ᠎ᠶᠢ ᠲᠡᠬᠡᠳᠦᠯᠡᠮᠤᠢ᠂ ᠢᠳᠡᠬᠡᠨ᠎ᠤ ᠠᠮᠤᠷ ᠲᠦᠪᠰᠢᠨ᠎ᠢ ᠲᠡᠷᠢᠬᠦᠨ᠎ᠳᠤ ᠲᠠᠯᠪᠢᠬᠤ ᠬᠡᠷᠡᠭᠳᠡᠢ᠃ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠬᠠᠩᠭᠠᠯᠭ᠎ᠠ᠎ᠶᠢ ᠪᠠᠲᠤᠯᠠᠵᠤ᠂ ᠲᠠᠸᠠᠷ᠎ᠤᠨ ᠢᠷᠡᠯᠳᠡ᠎ᠶᠢ ᠮᠥᠷᠳᠡᠨ ᠪᠠᠢᠴᠠᠭᠠᠬᠤ᠎ᠶᠢ ᠴᠢᠩᠳᠠᠯᠠᠵᠤ᠂ ᠶᠠᠰᠤ ᠴᠢᠨᠠᠷ᠎ᠤᠨ ᠪᠣᠭᠣᠮᠲᠠ᠎ᠶᠢ ᠴᠢᠩᠭ᠎ᠠ ᠰᠠᠬᠢᠵᠤ᠂ ᠢᠳᠡᠭᠡᠨ᠎ᠦ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢ ᠴᠢᠩᠭᠠᠳᠭᠠᠵᠤ᠂ ᠠᠷᠠᠳ ᠣᠯᠠᠨ᠎ᠤ 《ᠢᠳᠡᠰᠢᠨ ᠨᠤᠭᠤᠭ᠎ᠠ》᠂ 《ᠠᠮᠤ ᠪᠤᠳᠠᠭ᠎ᠠ》᠂ 《ᠭᠤᠸᠠ ᠵᠢᠮᠢᠰ》᠎ᠢ ᠰᠠᠢᠲᠤᠷ ᠪᠠᠲᠤᠯᠠᠵᠤ᠂ 《ᠢᠳᠡᠭᠡᠨ᠎ᠤ ᠠᠮᠤᠷ ᠲᠦᠪᠰᠢᠨ》᠎ᠢ ᠰᠠᠢᠲᠤᠷ ᠬᠠᠮᠠᠭᠠᠯᠠᠬᠤ ᠬᠡᠷᠡᠭᠲᠡᠶ᠃ ᠮᠠᠨ᠎ᠤ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ᠎ᠶᠢᠨ ᠡᠬᠢ ᠪᠠᠶᠠᠯᠢᠭ ᠡᠯᠪᠡᠭ᠂ ᠬᠠᠮᠢᠶ᠎ᠠ ᠪᠥᠬᠥᠶ ᠠᠵᠤ ᠠᠬᠤᠢᠯᠠᠯ᠎ᠤᠨ ᠬᠢᠨ᠎ᠤ 《ᠣᠨᠴᠠᠯᠢᠭ᠎ᠲᠠᠶ᠂ ᠴᠢᠨᠠᠷ ᠰᠠᠢᠲᠠᠶ》 ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠬᠦ᠎ᠶᠢ ᠳᠡᠮᠵᠢᠬᠦ᠌ ᠪᠠ ᠬᠥᠲᠥᠯᠥᠨ ᠵᠢᠯᠣᠭᠣᠳᠴᠤ᠌᠂ ᠵᠠᠬ᠎ᠠ ᠳᠡᠯᠭᠡᠭᠦᠷ᠎ᠦᠨ ᠬᠡᠷᠡᠭᠴᠡᠭᠡ᠎ᠳᠤ ᠰᠠᠨᠠᠭᠠᠴᠢᠯᠠᠭ᠎ᠠ ᠡᠴᠡ᠎ᠪᠠᠨ ᠵᠣᠬᠢᠴᠠᠨ᠂ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠭᠠᠵᠤ᠂ ᠪᠦᠲᠦᠭᠡᠭᠳᠡᠬᠦᠨ᠎ᠦ ᠨᠡᠮᠡᠯᠲᠡ ᠥᠷᠲᠡᠭ᠎ᠢ ᠳᠡᠭᠡᠭᠱᠢᠯᠡᠭᠦᠯᠦᠨ᠂ ᠠᠷᠠᠳ ᠣᠯᠠᠨ᠎ᠤ ᠴᠢᠨᠠᠷ ᠰᠠᠢᠲᠠᠶ ᠠᠮᠢᠳᠤᠷᠠᠯ᠎ᠤᠨ ᠲᠤᠬᠠᠢ ᠬᠥᠭᠡᠭᠡᠴᠡᠯᠳᠦᠯ᠎ᠢ ᠨᠠᠩ ᠰᠠᠢᠲᠤᠷ ᠬᠠᠩᠭᠠᠵᠤ᠂ ᠮᠠᠯᠴᠢᠨ ᠲᠠᠷᠢᠶᠠᠴᠢᠨ᠎ᠢ ᠪᠦᠲᠦᠮᠵᠢᠲᠡᠶ ᠳᠠᠢᠴᠢᠯᠠᠨ ᠣᠷᠣᠯᠭ᠎ᠠ᠎ᠶᠢ᠎ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ ᠭᠡᠪᠡ᠃

ᠤᠮᠠᠷᠠᠲᠤ᠎ᠶᠢᠨ ᠬᠠᠮᠲᠤᠷᠠᠭᠰᠠᠨ ᠴᠠᠬᠢᠯᠭᠠᠨ ᠬᠦᠴᠦᠨ᠎ᠦ ᠬᠢᠵᠠᠭᠠᠷᠲᠤ ᠺᠣᠮᠫᠠᠨᠢ᠎ᠶᠢᠨ ᠬᠥᠬᠡᠬᠣᠲᠠ᠎ᠶᠢᠨ᠎ᠶᠢᠨ ᠴᠢᠶᠤᠤ ᠢᠯᠴᠢ᠎ᠶᠢᠨ ᠴᠠᠬᠢᠯᠭᠠᠨ᠎ᠤ ᠦᠢᠯᠡᠳᠪᠦᠷᠢ᠎ᠳᠦ᠂ ᠸᠠᠩ ᠸᠧᠢ ᠵᠦᠩ ᠠᠵᠤ ᠠᠬᠤᠢᠯᠠᠯ᠎ᠤᠨ ᠦᠢᠯᠡᠳᠪᠦᠷᠢᠯᠡᠯ᠎ᠤᠨ ᠠᠵᠢᠯᠯᠠᠭᠠᠨ᠂ ᠴᠠᠬᠢᠯᠭᠠᠨ ᠬᠦᠴᠦ᠍ ᠪᠣᠯᠤᠨ ᠳᠤᠯᠠᠭᠠᠯᠠᠭ᠎ᠠ ᠬᠠᠩᠭᠠᠬᠤ ᠵᠢᠴᠢ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶᠢᠨ ᠰᠢᠰᠲᠸᠮ᠎ᠤᠨ ᠪᠠᠢᠭᠤᠯᠤᠯᠲᠠ᠎ᠶᠢ ᠨᠠᠢᠳᠠᠪᠤᠷᠢᠵᠢᠭᠤᠯᠤᠭᠰᠠᠨ ᠪᠠᠢᠳᠠᠯ᠎ᠢ ᠨᠠᠷᠢᠨ ᠣᠢᠯᠠᠭᠠᠵᠤ᠂ ᠠᠵᠤ ᠠᠬᠤᠢᠯᠠᠯ᠎ᠤᠨ ᠬᠢᠨ ᠨᠢᠭᠡᠨᠲᠡ 6980 ᠡᠳᠦᠷ ᠦᠷᠭᠦᠯᠵᠢᠯᠡᠨ ᠠᠶᠤᠯᠭᠦᠢ ᠠᠵᠢᠯᠯᠠᠭᠰᠠᠨ᠎ᠢ ᠮᠡᠳᠡᠭᠡᠳ ᠬᠦᠢᠴᠡᠳ ᠨᠤᠳᠠᠯᠠᠵᠤ᠂ ᠠᠵᠤ ᠠᠬᠤᠢᠯᠠᠯ᠎ᠤᠨ ᠬᠢᠨ᠎ᠢ ᠠᠮᠤᠷ ᠲᠦᠪᠰᠢᠨ᠎ᠢ ᠲᠡᠷᠢᠭᠦᠨ᠎ᠳᠦ ᠲᠠᠯᠪᠢᠬᠤ᠎ᠶᠢ ᠪᠠᠷᠢᠮᠲᠠᠯᠠᠵᠤ᠂ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠴᠢᠩᠭ᠎ᠠ ᠭᠦᠢᠴᠡᠳᠭᠡᠵᠦ᠍᠂ ᠬᠣᠯᠪᠣᠭᠳᠠᠯ ᠪᠦᠬᠦᠢ ᠲᠦᠷᠢᠮ ᠲᠣᠭᠲᠠᠭᠠᠯ᠎ᠢ ᠴᠢᠩᠭ᠎ᠠ ᠨᠠᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ᠎ᠦᠨ ᠰᠠᠢᠨ ᠬᠢᠷᠢ ᠪᠦᠳᠦᠮᠵᠢ᠎ᠪᠠᠨ ᠦᠷᠭᠦᠯᠵᠢᠯᠡᠨ ᠪᠠᠲᠤᠯᠠᠬᠤ ᠬᠡᠷᠡᠭᠲᠡᠢ ᠭᠡᠵᠦ᠍ ᠵᠠᠬᠢᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶᠢᠨ ᠭᠡᠱᠢᠭᠦᠨ᠂ ᠨᠠᠷᠢᠨ ᠪᠢᠴᠢᠭ᠎ᠦᠨ ᠳᠠᠷᠤᠭ᠎ᠠ ᠢᠦᠢ ᠯᠢ ᠰᠢᠨ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ