ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠸᠠᠩ ᠸᠧᠶ ᠵᠥᠩ ᠥᠪᠥᠷ ᠮᠣᠩᠭᠣᠯ᠎ᠤᠨ ᠦᠵᠡᠰᠭᠦᠯᠡᠩ᠎ᠦᠨ ᠣᠷᠳᠣᠨ᠎ᠤ ᠭᠤᠤᠯ ᠰᠡᠳᠦᠪᠲᠦ ᠦᠵᠡᠰᠭᠦᠯᠡᠩ᠎ᠢ ᠲᠣᠭᠣᠷᠢᠨ ᠦᠵᠡᠪᠡ
ᠨᠡᠶ᠋ᠢᠲᠡᠯᠡᠭᠰᠡᠨ ᠴᠠᠭ᠄ 2025-10-09

 

10 ᠰᠠᠷ᠎ᠠ᠎ᠶ᠋ᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠸᠠᠩ ᠸᠧᠶ ᠵᠥᠩ ᠥᠪᠥᠷ ᠮᠣᠩᠭᠣᠯ᠎ᠤᠨ ᠦᠵᠡᠰᠭᠦᠯᠡᠩ᠎ᠦᠨ ᠣᠷᠳᠣᠨ᠎ᠳᠤ ᠬᠦᠷᠴᠦ᠍᠂ 《ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠠᠴᠢ ᠡᠨᠡᠷᠢᠯ᠎ᠳᠦᠨᠢ ᠲᠠᠯᠠᠷᠬᠠᠨ ᠡᠷᠡᠮᠡᠬᠡᠢᠯᠡᠨ ᠤᠷᠤᠭ᠍ᠰᠢᠯᠠᠨ᠎ᠠ — ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠠ》᠂ 《ᠪᠣᠬᠢᠷᠲᠤᠯ ᠥᠬᠡᠶ ᠣᠷᠳᠣ ᠴᠠᠭᠠᠨ ᠬᠡᠷᠡᠮ ᠠᠮᠢ ᠠᠬᠤᠶ᠎ᠶ᠋ᠢᠨ ᠭᠠᠢᠬᠠᠮᠱᠢᠭ — ᠥᠪᠥᠷ ᠮᠣᠩᠭᠣᠯ᠎ᠤᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ ᠵᠠᠰᠠᠭᠰᠠᠨ ᠪᠠ 〈ᠤᠮᠠᠷᠠᠲᠤ᠎ᠶ᠋ᠢᠨ ᠭᠤᠷᠪᠠᠨ ᠣᠷᠣᠨ〉᠎ᠤ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ》᠎ᠤ ᠭᠤᠤᠯ ᠰᠡᠳᠦᠪᠲᠦ ᠦᠵᠡᠰᠭᠦᠯᠡᠩ᠎ᠢ ᠲᠣᠰ ᠲᠣᠰ ᠲᠣᠭᠣᠷᠢᠨ ᠦᠵᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠬᠥᠬᠡᠬᠣᠲᠠ᠎ᠶ᠋ᠢᠨ ᠨᠠᠮ᠎ᠤᠨ ᠬᠣᠷᠢᠶ᠎ᠠ᠎ᠶᠢᠨ ᠱᠦᠵᠢ ᠪᠦᠦ ᠭᠠᠩ ᠣᠷᠣᠯᠴᠠᠪᠠ᠃

《ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠠᠴᠢ ᠡᠨᠡᠷᠢᠯ᠎ᠳᠦᠨᠢ ᠲᠠᠯᠠᠷᠬᠠᠨ ᠡᠷᠡᠮᠡᠬᠡᠢᠯᠡᠨ ᠤᠷᠤᠭ᠍ᠰᠢᠯᠠᠨ᠎ᠠ — ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠠ》 ᠭᠡᠬᠦ ᠦᠵᠡᠰᠭᠦᠯᠡᠩ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ 6 ᠬᠡᠰᠡᠭ᠎ᠢᠶᠡᠷ ᠳᠠᠮᠵᠢᠭᠤᠯᠤᠨ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠶᠡᠷᠦᠩᠬᠡᠢ ᠱᠦᠵᠢ ᠰᠢ ᠵᠢᠨ ᠫᠢᠩ᠎ᠢ ᠲᠠᠭᠠᠵᠥ᠍ ᠱᠢᠨ᠎ᠡ ᠠᠶᠠᠨ᠎ᠳᠠᠭᠠᠨ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠤᠭ᠍ᠰᠠᠨ ᠠᠮᠢᠳᠤᠯᠢᠭ ᠦᠢᠯᠡᠳᠦᠯᠭᠡ᠎ᠶ᠋ᠢ ᠲᠥᠪᠯᠡᠷᠡᠩᠭᠦᠢ ᠢᠯᠡᠷᠡᠭᠦᠯᠪᠡ᠃ ᠸᠠᠩ ᠸᠧᠢ ᠵᠦᠩ᠂ ᠪᠦᠦ ᠭᠠᠩ᠎ᠨᠠᠷ ᠶᠠᠪᠤᠬᠤ᠎ᠶ᠋ᠢᠨ ᠳᠠᠭᠠᠤ ᠦᠵᠡᠵᠦ᠍᠂ ᠲᠠᠢᠯᠪᠤᠷᠢᠯᠠᠬᠤ᠎ᠶ᠋ᠢ ᠨᠠᠷᠢᠨ ᠬᠢᠨᠠᠮᠠᠭᠠᠢ ᠰᠣᠨᠣᠰᠴᠤ᠌᠂ ᠪᠠᠢᠨ ᠪᠠᠢᠨ ᠵᠣᠭ᠍ᠰᠣᠵᠤ ᠨᠠᠷᠢᠨ ᠨᠢᠮᠪᠠᠢ ᠦᠵᠡᠵᠤ᠂ ᠬᠣᠯᠪᠣᠭ᠍ᠳᠠᠯ ᠪᠦᠬᠦᠢ ᠪᠠᠢᠳᠠᠯ᠎ᠢ ᠯᠠᠪᠯᠠᠨ ᠠᠰᠠᠭᠤᠵᠤ ᠪᠠᠢᠯ᠎ᠠ᠃ ᠸᠠᠩ ᠸᠧᠶ ᠵᠦᠩ᠂ ᠡᠨᠡ ᠦᠵᠡᠰᠭᠦᠯᠡᠩ᠎ᠢ ᠮᠠᠰᠢ ᠰᠠᠢᠨ ᠡᠷᠬᠢᠯᠡᠪᠡ᠂ ᠦᠵᠡᠭ᠌ᠰᠡᠨ᠎ᠦ ᠳᠠᠷᠠᠭ᠎ᠠ ᠮᠠᠰᠢ ᠶᠡᠬᠡ ᠬᠥᠮᠦᠵᠢᠯ ᠬᠦᠷᠲᠡᠵᠠᠢ ᠭᠡᠪᠡ᠃ ᠲᠡᠷᠡ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢ ᠢᠮᠠᠭ᠍ᠲᠠ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠮᠠᠰᠢ ᠬᠠᠯᠠᠮᠵᠢᠯᠠᠵᠤ᠂ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ ᠤᠷᠢᠳ ᠬᠣᠵᠢᠳ ᠭᠤᠷᠪᠠ ᠤᠳᠠᠭ᠎ᠠ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠵᠤ ᠠᠵᠢᠯ᠎ᠵᠢᠯᠣᠭᠣᠳᠤᠨ᠂ 5 ᠵᠢᠯ ᠳᠠᠷᠠᠭᠠᠯᠠᠨ ᠪᠥᠬᠥ᠌ ᠤᠯᠤᠰ᠎ᠤᠨ ᠬᠣᠶᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠵᠤ᠂ ᠥᠪᠥᠷ ᠮᠣᠩᠭᠣᠯ᠎ᠤᠨ ᠠᠵᠢᠯ᠎ᠤᠨ ᠲᠤᠬᠠᠶ ᠣᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠥᠭ᠌ᠴᠡᠶ᠃ ᠪᠢᠳᠡ ᠭᠦᠨᠵᠡᠭᠡᠶ ᠰᠤᠷᠤᠯᠴᠠᠨ ᠣᠢᠯᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠤᠨ ᠲᠤᠭᠤᠷᠢᠨ᠎ᠳᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠥᠪᠥᠷ ᠮᠣᠩᠭᠣᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠭᠦᠶ᠋ᠴᠡᠳ ᠪᠠᠳᠠᠷᠠᠭᠤᠯᠤᠨ᠂ ᠪᠥᠬᠥ᠌ ᠣᠷᠣᠨ᠎ᠤ ᠤᠯᠤᠰ ᠲᠥᠷᠥ᠎ᠶ᠋ᠢᠨ ᠠᠮᠢ ᠠᠬᠤᠶ᠎ᠶ᠋ᠢ ᠬᠦᠴᠦᠯᠡᠨ ᠴᠡᠪᠡᠷᠱᠢᠭᠦᠯᠵᠦ᠍᠂ ᠠᠷᠠᠳ᠎ᠤᠨ ᠠᠮᠢᠳᠤᠷᠠᠯ᠎ᠢ ᠶᠡᠬᠡ᠎ᠪᠡᠷ ᠪᠠᠲᠤᠯᠠᠨ ᠰᠠᠢᠵᠢᠷᠠᠭᠤᠯᠵᠤ᠂ ᠺᠠᠳ᠋ᠷᠴᠤᠳ᠎ᠤᠨ ᠠᠵᠢᠯ ᠬᠢᠵᠦ᠍ ᠦᠶ᠋ᠯᠡᠰ ᠪᠤᠰᠭᠠᠬᠤ ᠢᠳᠡᠪᠬᠢᠵᠢᠯ᠎ᠢ ᠥᠷᠭᠡᠨ᠎ᠢᠶᠡᠷ ᠳᠠᠢᠴᠢᠯᠠᠨ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠪᠥᠲᠥᠭᠡᠨ ᠪᠠᠢᠭᠤᠯᠬᠤ ᠳᠡᠭᠡᠷ᠎ᠡ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ᠎ᠪᠠᠷ ᠴᠢᠷᠮᠠᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠬᠡᠷᠡᠭ᠌ᠲᠡᠶ ᠭᠡᠵᠠᠢ᠃

《ᠪᠣᠬᠢᠷᠲᠤᠯ ᠥᠬᠡᠶ ᠣᠷᠳᠣ ᠴᠠᠭᠠᠨ ᠬᠡᠷᠡᠮ ᠠᠮᠢ ᠠᠬᠤᠶ᠎ᠶ᠋ᠢᠨ ᠭᠠᠢᠬᠠᠮᠱᠢᠭ — ᠥᠪᠥᠷ ᠮᠣᠩᠭᠣᠯ᠎ᠤᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ ᠵᠠᠰᠠᠭᠰᠠᠨ ᠪᠠ 〈ᠤᠮᠠᠷᠠᠲᠤ᠎ᠶ᠋ᠢᠨ ᠭᠤᠷᠪᠠᠨ ᠣᠷᠣᠨ〉᠎ᠤ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ》᠎ᠤ ᠭᠤᠤᠯ ᠰᠡᠳᠦᠪᠲᠦ ᠦᠵᠡᠰᠭᠦᠯᠡᠩ᠎ᠳᠦ 169 ᠵᠢᠷᠤᠭ᠂ 110 ᠪᠣᠳᠠᠲᠤ ᠪᠣᠳᠠᠰ᠎ᠤᠨ ᠦᠵᠡᠭᠦᠯᠭᠡ᠎ᠪᠠ ᠣᠯᠠᠨ ᠵᠠᠭᠤᠴᠢᠯᠠᠭᠤᠷ᠎ᠤᠨ ᠸᠢᠳᠢᠣ᠋᠎ᠪᠠᠷ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠦ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠥᠪᠥᠷ ᠮᠣᠩᠭᠣᠯ᠎ᠤᠨ ᠥᠷᠭᠡᠨ ᠠᠭᠤᠳᠠᠮ ᠡᠬᠡ ᠭᠠᠵᠠᠷ ᠳᠡᠭᠡᠷ᠎ᠡ ᠰᠦᠷ ᠳᠠᠯᠠᠢᠴᠠᠲᠠᠶ᠂ ᠦᠪᠡᠳᠡᠭᠰᠢ ᠶᠡᠬᠡ 《ᠤᠮᠠᠷᠠᠲᠤ᠎ᠶ᠋ᠢᠨ ᠭᠤᠷᠪᠠᠨ ᠣᠷᠣᠨ》᠎ᠤ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠥᠬᠥ᠌ ᠲᠠᠯ᠎ᠠ᠎ᠪᠠᠷ ᠠᠬᠢᠭᠤᠯᠤᠭ᠍ᠰᠠᠨ ᠰᠦᠷᠯᠢᠭ ᠦᠵᠡᠮᠵᠢ᠎ᠶ᠋ᠢ ᠪᠥᠬᠥ᠌ ᠲᠠᠯ᠎ᠠ᠎ᠪᠠᠷ ᠳᠡᠯᠭᠡᠨ ᠦᠵᠡᠭᠦᠯᠵᠡᠶ᠃ ᠶᠢᠨ ᠢᠦᠢ ᠵᠧᠨ ᠠᠮᠧᠷᠢᠺᠠ᠎ᠶ᠋ᠢᠨ ᠵᠠᠯᠠᠭᠤ᠎ᠳᠤ ᠮᠣᠳᠣ ᠲᠠᠷᠢᠬᠤ᠎ᠶᠢ ᠵᠢᠭᠠᠭᠰᠠᠨ ᠦᠯᠢᠭᠡᠷ᠂ ᠠᠦ᠋ᠲ᠋ᠣ᠋ ᠲᠠᠷᠢᠬᠤ ᠮᠠᠱᠢᠨ ᠬᠥᠮᠦᠨ᠂ ᠡᠯᠡᠰᠦᠷᠬᠡᠭᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠭ᠍ᠰᠠᠨ᠎ᠤ ᠳᠠᠷᠠᠭᠠᠬᠢ ᠬᠠᠷᠢᠴᠠᠭᠤᠯᠤᠯ ᠵᠢᠷᠤᠭ ᠁ ᠡᠳᠡᠭᠡᠷ ᠠᠮᠢᠳᠤᠯᠢᠭ ᠦᠯᠢᠭᠡᠷ᠂ ᠨᠢᠳᠤᠨ᠎ᠳᠤ ᠬᠠᠷᠠᠭᠳᠠᠮ᠎ᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠨᠠᠷᠢᠨ ᠪᠣᠳᠠᠲᠠᠢ ᠵᠢᠷᠤᠭ ᠳᠦᠷᠰᠦ ᠨᠢ ᠣᠯᠠᠨ᠎ᠤ ᠠᠩᠬᠠᠷᠤᠯ᠎ᠢ ᠲᠠᠲᠠᠵᠤ ᠪᠠᠢᠪᠠ᠃ ᠸᠠᠩ ᠸᠧᠢ ᠵᠦᠩ᠂ ᠪᠢᠳᠡ ᠡᠷᠬᠡᠪᠰᠢ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠱᠠᠭᠠᠷᠳᠠᠯᠭ᠎ᠠ᠎ᠶ᠋ᠢ ᠡᠷᠡᠰ ᠲᠤᠭᠤᠱᠢᠯᠠᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ ᠵᠠᠰᠠᠵᠤ᠂ ᠵᠠᠰᠠᠭ᠎ᠤᠨ ᠣᠷᠳᠣᠨ᠂ ᠤᠯᠠᠨ ᠲᠦᠮᠡᠨ ᠪᠣᠯᠤᠨ ᠨᠡᠢᠭᠡᠮ᠎ᠦᠨ ᠬᠦᠴᠦᠨ᠎ᠢ ᠲᠥᠪᠯᠡᠷᠡᠭᠦᠯᠦᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ ᠵᠠᠰᠠᠬᠤ᠎ᠳᠤ ᠭᠦᠨᠵᠡᠭᠡᠢ ᠣᠷᠣᠯᠴᠠᠭᠤᠯᠵᠤ᠂ ᠡᠯ᠎ᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠢᠨ ᠨᠢᠭ᠍ᠲᠠ ᠬᠠᠮᠵᠢᠯᠴᠠᠵᠤ᠂ 《ᠤᠮᠠᠷᠠᠲᠤ᠎ᠶ᠋ᠢᠨ ᠭᠤᠷᠪᠠᠨ ᠣᠷᠣᠨ》᠎ᠤ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠬᠠᠮᠵᠢᠯᠴᠠᠨ ᠰᠠᠢᠲᠤᠷ ᠬᠢᠬᠦ᠌ ᠬᠡᠷᠡᠭ᠌ᠲᠡᠢ ᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠱᠢᠨ᠂ ᠪᠦᠦ ᠱᠢᠶᠠᠨ ᠬᠤᠸᠠ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ