11 ᠳ᠋ᠦ᠍ᠭᠡᠷ ᠰᠠᠷ᠎ᠠ᠎ᠶᠢᠨ 10᠎ᠤ ᠡᠳᠦᠷ᠎ᠡᠴᠡ 11᠎ᠦ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠣᠤ ᠭᠠᠩ ᠤᠯᠠᠭᠠᠨᠬᠠᠳᠠ ᠬᠣᠲᠠ᠎ᠳᠤ ᠠᠵᠤ ᠦᠢᠯᠡᠳᠪᠦᠷᠢ᠎ᠶᠢᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠂ ᠠᠵᠢᠯ ᠣᠯᠭᠣᠯᠲᠠ᠎ᠶᠢ ᠠᠬᠢᠭᠤᠯᠬᠤ ᠵᠡᠷᠭᠡ ᠠᠵᠢᠯ᠎ᠢ ᠪᠠᠢᠴᠠᠭᠠᠨ ᠰᠤᠳᠤᠯᠪᠠ᠃

11 ᠳ᠋ᠦ᠍ᠭᠡᠷ ᠰᠠᠷ᠎ᠠ᠎ᠶᠢᠨ 11᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠣᠤ ᠭᠠᠩ ᠪᠠᠢᠴᠠᠭᠠᠨ ᠰᠤᠳᠤᠯᠬᠤ᠎ᠪᠠᠷ ᠶᠤᠸᠠᠨ ᠵᠢᠩ ᠲᠡᠭ ᠨᠡᠭᠦᠷᠡᠰᠦᠳᠦ᠋ᠷᠦᠭᠴᠢᠲᠦ ᠤᠰᠤᠲᠥ᠋ᠷᠥᠭᠴᠢ ᠰᠢᠪᠲᠦᠷ᠎ᠦᠨ ᠲᠥᠷᠥᠯ ᠵᠦᠢᠯ᠎ᠦᠨ ᠠᠬᠤᠢ ᠲᠠᠯᠠᠪᠠᠢ᠎ᠳᠤ ᠬᠦᠷᠴᠦ᠂ ᠲᠥᠷᠥᠯ ᠵᠦᠢᠯ᠎ᠦᠨ ᠠᠬᠢᠴᠠ ᠪᠠ ᠲᠤᠯᠭᠠᠷᠠᠵᠤ ᠪᠠᠢᠭ᠎ᠠ ᠠᠰᠠᠭᠤᠳᠠᠯᠦᠳᠢ ᠨᠠᠷᠢᠨ ᠣᠢᠯᠠᠭᠠᠵᠤ᠂ ᠠᠵᠤ ᠠᠬᠤᠢᠯᠠᠯ᠎ᠤᠨ ᠤᠰᠤᠲᠥ᠋ᠷᠥᠭᠴᠢ ᠡᠨᠧᠷᠭᠢ᠂ ᠡᠨᠧᠷᠭᠢ ᠨᠥᠭᠡᠴᠡᠯᠡᠯᠲᠡ᠎ᠶᠢᠨ ᠬᠡᠪᠴᠢᠶᠡᠵᠢᠭᠦᠯᠦᠭᠰᠡᠨ ᠬᠡᠷᠡᠭᠯᠡᠯᠲᠡ᠎ᠶᠢ ᠠᠬᠢᠭᠤᠯᠤᠨ᠂ ᠬᠠᠮᠢᠶ᠎ᠠ ᠪᠦᠬᠦᠢ ᠲᠣᠨᠣᠭ ᠲᠥᠬᠦᠭᠡᠷᠦᠮᠵᠢ ᠦᠢᠯᠡᠳᠬᠦ ᠦᠢᠯᠡᠰ᠎ᠦᠨ ᠬᠥᠭᠵᠢᠯᠲᠡ᠎ᠶᠢ ᠳᠠᠢᠴᠢᠯᠠᠬᠤ᠎ᠶᠢ ᠨᠢ ᠵᠣᠷᠢᠭ᠍ᠵᠢᠭᠤᠯᠪᠠ ᠃ ᠰᠤᠷᠪᠤᠯᠵᠢᠯᠠᠭ᠍ᠴᠢ ᠬᠠᠨ ᠴᠢᠩ ᠯᠢ ᠰᠡᠭᠦᠳᠡᠷᠯᠡᠪᠡ
ᠪᠣᠤ ᠭᠠᠩ ᠤᠷᠢᠳ ᠬᠣᠵᠢᠳ ᠳ᠋ᠦᠩᠱᠠᠨ ᠬᠥᠩᠭᠡᠨ ᠴᠠᠭᠠᠨ᠎ᠤ ᠦᠢᠯᠡᠰ᠎ᠦᠨ ᠰᠢᠨ᠎ᠡ ᠮᠠᠲᠸᠷᠢᠶᠠᠯ᠂ ᠰᠢᠩ ᠶᠣᠣ ᠥᠨᠳᠥᠷ ᠴᠢᠳᠠᠪᠬᠢᠲᠤ ᠸᠣᠯᠹᠷᠠᠮ ᠮᠣᠯᠢᠪᠳᠧᠨᠤ ᠮᠠᠲᠸᠷᠢᠶᠠᠯ᠂ ᠮᠢᠩ ᠶᠤᠸᠠᠢ ᠳᠡᠭᠡᠳᠦ ᠲᠡᠰ᠎ᠤᠨ ᠹᠯᠣᠷ᠎ᠤᠨ ᠰᠢᠨ᠎ᠡ ᠮᠠᠲᠸᠷᠢᠶᠠᠯ᠂ ᠵᠢᠨ ᠲᠦᠩ ᠵᠡᠰ᠎ᠦᠨ ᠦᠢᠯᠡᠰ᠎ᠦᠨ ᠰᠢᠨ᠎ᠡ ᠮᠠᠲᠸᠷᠢᠶᠠᠯ᠂ ᠶᠤᠸᠠᠨ ᠵᠢᠩ ᠲᠡᠭ ᠨᠡᠭᠦᠷᠡᠰᠦᠳᠦ᠋ᠷᠦᠭᠴᠢᠲᠦ ᠤᠰᠤᠲᠥ᠋ᠷᠥᠭᠴᠢ ᠰᠢᠪᠲᠦᠷ᠂ ᠮᠦ᠍ ᠹᠠᠨ ᠬᠥᠳᠡᠯᠭᠡᠭᠴᠢ ᠬᠦᠴᠦᠨ᠎ᠦ ᠤᠰᠤᠲᠥ᠋ᠷᠥᠭᠴᠢ ᠰᠢᠪᠲᠦᠷ᠎ᠦᠨ ᠰᠢᠲᠠᠭᠠᠯᠭ᠎ᠠ᠎ᠶᠢᠨ ᠮᠠᠰᠢᠨ᠂ ᠳᠠ ᠳᠢ ᠶᠦᠨ ᠲᠢᠶᠠᠨ ᠨᠡᠭᠦᠷᠡᠰᠦ ᠹᠣᠰᠹᠣᠷ ᠯᠢᠲ᠋ᠢ᠎ᠶᠢ ᠨᠢᠭᠡ ᠴᠣᠭᠴᠠᠵᠢᠭᠤᠯᠬᠤ ᠵᠡᠷᠭᠡ ᠲᠦᠷᠦᠯ ᠵᠦᠢᠯ᠎ᠦᠨ ᠠᠬᠤᠢ ᠲᠠᠯᠠᠪᠠᠢ᠎ᠳᠤ ᠬᠦᠷᠴᠦ᠂ ᠲᠥᠷᠥᠯ ᠵᠦᠢᠯ᠎ᠦᠳ᠎ᠦᠨ ᠠᠬᠢᠴᠠ ᠪᠠ ᠲᠤᠯᠭᠠᠷᠠᠵᠤ ᠪᠠᠢᠭ᠎ᠠ ᠠᠰᠠᠭᠤᠳᠠᠯᠦᠳᠢ ᠨᠠᠷᠢᠨ ᠣᠢᠯᠠᠭᠠᠭᠠᠳ᠂ ᠠᠵᠤ ᠠᠬᠤᠢᠯᠠᠯ᠎ᠤᠨ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠦᠨ ᠰᠢᠨ᠎ᠡ ᠡᠭᠦᠳᠦᠯᠲᠡ ᠪᠠ ᠠᠵᠤ ᠦᠢᠯᠡᠰ᠎ᠦᠨ ᠰᠢᠨ᠎ᠡ ᠡᠭᠦᠳᠦᠯᠲᠡ᠎ᠶᠢᠨ ᠠᠭᠤᠰᠤᠯᠴᠠᠯ᠎ᠢ ᠰᠠᠢᠲᠤᠷ ᠠᠳᠬᠤᠨ᠂ ᠠᠵᠤ ᠦᠢᠯᠡᠰ᠎ᠦᠨ ᠬᠡᠯᠬᠢᠶ᠎ᠡ᠎ᠪᠠᠨ ᠤᠯᠠᠮ ᠨᠢᠭᠡ ᠠᠯᠬᠤᠮ ᠤᠷᠲᠤᠳᠬᠠᠵᠤ᠂ ᠳᠡᠭᠡᠳᠦ ᠦᠵᠦᠭᠦᠷᠵᠢᠭᠰᠡᠨ᠂ ᠥᠨᠳᠥᠷ ᠨᠡᠮᠡᠯᠲᠡ ᠥᠷᠲᠡᠭ᠎ᠲᠠᠢ ᠰᠢᠨ᠎ᠡ ᠮᠠᠲᠧᠷᠢᠶᠠᠯ ᠲᠡᠢᠰᠢ ᠥᠷᠭᠡᠳᠬᠡᠨ᠂ ᠤᠰᠤᠲᠥ᠋ᠷᠥᠭᠴᠢ ᠡᠨᠧᠷᠭᠢ᠂ ᠡᠨᠧᠷᠭᠢ ᠨᠥᠭᠡᠴᠡᠯᠡᠯᠲᠡ᠎ᠶᠢᠨ ᠬᠡᠪᠴᠢᠶᠡᠵᠢᠭᠦᠯᠦᠭᠰᠡᠨ ᠬᠡᠷᠡᠭᠯᠡᠯᠲᠡ᠎ᠶᠢ ᠠᠬᠢᠭᠤᠯᠵᠤ᠂ ᠬᠠᠮᠢᠶ᠎ᠠ ᠪᠦᠬᠦᠢ ᠲᠣᠨᠣᠭ ᠲᠥᠬᠦᠭᠡᠷᠦᠮᠵᠢ ᠦᠢᠯᠡᠳᠬᠦ ᠦᠢᠯᠡᠰ᠎ᠦᠨ ᠬᠥᠭᠵᠢᠯᠲᠡ᠎ᠶᠢ ᠳᠠᠢᠴᠢᠯᠠᠬᠤ᠎ᠶᠢ ᠨᠢ ᠵᠣᠷᠢᠭ᠍ᠵᠢᠭᠤᠯᠵᠠᠢ᠃ ᠲᠤᠬᠠᠢ᠎ᠶᠢᠨ ᠭᠠᠵᠠᠷ᠎ᠤᠨ ᠬᠢᠨᠢ ᠴᠠᠬᠢᠯᠭᠠᠨ ᠬᠦᠴᠦᠨ᠎ᠦ ᠲᠣᠣᠷ᠎ᠤᠨ ᠲᠤᠯᠭᠠᠭᠤᠷᠢᠯᠠᠯ᠂ ᠨᠣᠭᠣᠭᠠᠨ ᠴᠠᠬᠢᠯᠭᠠᠨ᠎ᠤ ᠪᠠᠲᠤᠯᠠᠭ᠎ᠠ᠎ᠪᠡᠨ ᠴᠢᠩᠭᠠᠳᠬᠠᠨ᠂ ᠲᠡᠭ ᠨᠡᠭᠦᠷᠡᠰᠦᠳᠦ᠋ᠷᠦᠭᠴᠢᠲᠦ ᠳᠣᠣᠷ᠎ᠠ ᠨᠡᠭᠦᠷᠡᠰᠦᠳᠦ᠋ᠷᠦᠭᠴᠢᠲᠦ ᠬᠦᠷᠢᠶᠡᠯᠡᠩ ᠲᠣᠭᠣᠷᠢᠭ᠋᠎ᠢ ᠪᠠᠢᠭᠤᠯᠵᠤ᠂ ᠣᠷᠴᠢᠨ ᠲᠣᠭᠣᠷᠢᠨ᠎ᠤ ᠬᠠᠮᠠᠭᠠᠯᠠᠯᠲᠠ ᠪᠠ ᠠᠶᠤᠯ ᠦᠭᠡᠢ ᠦᠢᠯᠡᠳᠪᠦᠷᠢᠯᠡᠯ᠎ᠦᠨ ᠬᠣᠷᠢᠭ᠎ᠠ ᠱᠤᠭᠤᠮ᠎ᠢ ᠰᠠᠢᠲᠤᠷ ᠰᠠᠬᠢᠵᠤ᠂ ᠪᠣᠬᠢᠷᠳᠤᠯ ᠦᠭᠡᠢ ᠠᠮᠤᠷ ᠲᠦᠪᠰᠢᠨ ᠠᠮᠢ ᠠᠬᠤᠢ᠎ᠶᠢᠨ ᠬᠦᠷᠢᠶᠡᠯᠡᠩ ᠲᠣᠭᠣᠷᠢᠭ᠋᠎ᠢ ᠪᠠᠶ᠋ᠢᠭᠤᠯᠬᠤ ᠬᠡᠷᠡᠭᠲᠡᠢ ᠭᠡᠵᠦ ᠱᠠᠭᠠᠷᠳᠠᠪᠠ᠃

11 ᠳ᠋ᠦ᠍ᠭᠡᠷ ᠰᠠᠷ᠎ᠠ᠎ᠶᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠣᠤ ᠭᠠᠩ ᠪᠠᠢᠴᠠᠭᠠᠨ ᠰᠤᠳᠤᠯᠬᠤ᠎ᠪᠠᠷ ᠵᠢᠩ ᠳ᠋ᠦᠩ ᠭᠡᠷ ᠠᠬᠤᠢ᠎ᠶᠢᠨ ᠤᠯᠠᠭᠠᠨᠬᠠᠳᠠ᠎ᠳᠡᠬᠢ ᠪᠣᠯᠪᠠᠰᠤᠷᠠᠯ ᠠᠵᠢᠯ ᠣᠯᠭᠣᠯᠲᠠ᠎ᠶᠢᠨ ᠰᠠᠭᠤᠷᠢᠨ ᠭᠠᠵᠠᠷ᠎ᠲᠤ ᠬᠦᠷᠴᠦ᠂ ᠠᠵᠤ ᠠᠬᠤᠢᠯᠠᠯ᠎ᠤᠨ ᠲᠤᠬᠠᠢᠯᠠᠭᠰᠠᠨ ᠠᠵᠢᠯ᠎ᠤᠨ ᠬᠡᠪᠴᠢᠶᠡᠵᠢᠯ᠎ᠢᠶᠡᠨ ᠲᠠᠰᠤᠷᠠᠯᠲᠠ ᠦᠭᠡᠢ ᠥᠷᠭᠡᠳᠬᠡᠵᠦ᠂ ᠣᠷᠣᠨ᠎ᠤ ᠳᠣᠲᠣᠨ᠎ᠠ ᠭᠠᠳᠠᠨ᠎ᠠ ᠨᠠᠩ ᠣᠯᠠᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠦᠨ ᠥᠭᠴᠦ᠂ ᠣᠯᠠᠨ ᠲᠦᠮᠡᠨ᠎ᠢ ᠳᠠᠶ᠋ᠢᠴᠢᠯᠠᠨ ᠠᠵᠢᠯ ᠣᠯᠭᠣᠵᠤ ᠣᠷᠣᠯᠭ᠎ᠠ᠎ᠶᠢ ᠨᠢ ᠨᠡᠮᠡᠭᠳᠡᠭᠦᠯᠬᠦ᠎ᠶᠢ ᠬᠦᠰᠡᠪᠡ᠃ ᠰᠤᠷᠪᠤᠯᠵᠢᠯᠠᠭ᠍ᠴᠢ ᠬᠠᠨ ᠴᠢᠩ ᠯᠢ ᠰᠡᠭᠦᠳᠡᠷᠯᠡᠪᠡ
ᠮᠧᠩ ᠳ᠋ᠦᠩ ᠣᠲᠣ᠌ ᠦᠶ᠎ᠡ᠎ᠶᠢᠨ ᠲᠦᠷᠭᠡᠨ ᠬᠦᠷᠭᠡᠯᠲᠡ᠎ᠶᠢᠨ ᠪᠠᠷᠠᠭᠠᠨ᠎ᠤ ᠭᠦᠢᠯᠭᠡᠭᠡᠨ᠎ᠦ ᠬᠦᠷᠢᠶᠡᠯᠡᠩ ᠪᠣᠯ ᠪᠥᠬᠥ ᠤᠯᠤᠰ᠎ᠤᠨ ᠴᠢᠨᠠᠷᠲᠠᠢ ᠰᠢᠤᠳᠠᠨ᠎ᠤ ᠲᠦᠷᠭᠡᠨ ᠬᠦᠷᠭᠡᠯᠲᠡ᠎ᠶᠢᠨ ᠬᠦᠢᠰᠦ ᠮᠥᠨ᠂ ᠲᠡᠷᠡ᠎ᠪᠠᠷ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢᠨ ᠪᠠᠢᠳᠠᠯ᠎ᠢ ᠲᠤᠬᠠᠢ᠎ᠶᠢᠨ ᠭᠠᠵᠠᠷ᠎ᠲᠤ ᠨᠢ ᠪᠠᠢᠴᠠᠭᠠᠨ ᠦᠵᠡᠭᠡᠳ᠂ ᠬᠦᠷᠢᠶᠡᠯᠡᠩ ᠲᠣᠭᠣᠷᠢᠭ᠋ ᠬᠢᠭᠡᠳ ᠡᠷᠬᠢᠨ ᠲᠣᠭᠣᠷᠢᠨ᠎ᠤ ᠵᠠᠰᠠᠮᠠᠯ ᠵᠠᠮ ᠲᠡᠮᠦᠷ ᠵᠠᠮ᠎ᠤᠨ ᠬᠣᠯᠪᠣᠯᠳᠤᠨ ᠨᠡᠪᠲᠡᠷᠡᠯᠴᠡᠬᠦ᠎ᠶᠢ ᠴᠢᠩᠭᠠᠳᠬᠠᠨ᠂ ᠭᠦᠢᠯᠭᠡᠭᠡᠨ᠎ᠦ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠪᠠᠷᠠᠭᠠᠨ᠎ᠤ ᠭᠦᠢᠯᠭᠡᠭᠡᠨ᠎ᠦ ᠥᠪᠡᠷ᠎ᠦᠨ ᠥᠷᠲᠡᠭ᠎ᠢ ᠪᠠᠭᠤᠷᠠᠭᠤᠯᠬᠤ ᠬᠡᠷᠡᠭᠲᠡᠢ᠃ ᠮᠠᠰᠢᠨ ᠲᠡᠷᠭᠡᠨ᠎ᠦ ᠪᠣᠷᠤᠯᠠᠭᠤᠯᠭ᠎ᠠ᠂ ᠮᠥᠩᠭᠥᠨ ᠭᠦᠢᠯᠭᠡᠭᠡᠨ᠎ᠦ ᠵᠢᠭᠡᠯᠡᠯᠭᠡ᠂ ᠴᠠᠬᠢᠯᠭᠠᠨ ᠴᠡᠨᠡᠭᠯᠡᠵᠦ ᠲᠣᠰᠣ᠌ ᠨᠡᠮᠡᠬᠦ᠂ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠠ ᠵᠢᠯᠣᠭᠣᠴᠢ ᠦᠢᠯᠡᠴᠢᠯᠡᠭᠴᠢ᠎ᠶᠢᠨ ᠬᠣᠭᠣᠯᠠ ᠬᠦᠨᠡᠰᠦ ᠬᠣᠨᠣᠭ ᠪᠠᠭᠤᠳᠠᠯ ᠵᠡᠷᠭᠡ ᠢᠵᠢ ᠲᠥᠬᠥᠷ ᠦᠢᠯᠡᠴᠢᠯᠡᠭᠡ᠎ᠶᠢ ᠲᠡᠭᠦᠯᠳᠡᠷᠵᠢᠭᠦᠯᠵᠦ᠂ ᠦᠢᠯᠡᠳᠪᠦᠷᠢᠯᠡᠯ᠎ᠦᠨ ᠴᠢᠨᠠᠷᠲᠠᠢ ᠦᠢᠯᠡᠴᠢᠯᠡᠭᠡᠨ᠎ᠦ ᠦᠢᠯᠡᠰ ᠪᠠ ᠠᠮᠢᠳᠤᠷᠠᠯ᠎ᠤᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠦᠨ ᠣᠷᠭᠠᠨᠢᠭ᠋ ᠠᠭᠤᠰᠤᠯᠴᠠᠯ᠎ᠢ ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠢᠨ᠎ᠠ᠃ ᠵᠢᠩ ᠳ᠋ᠦᠩ ᠭᠡᠷ ᠠᠬᠤᠢ᠎ᠶᠢᠨ ᠪᠣᠯᠪᠠᠰᠤᠷᠠᠯ ᠠᠵᠢᠯ ᠣᠯᠭᠣᠯᠲᠠ᠎ᠶᠢᠨ ᠰᠠᠭᠤᠷᠢᠨ ᠭᠠᠵᠠᠷ᠎ᠲᠤ᠂ ᠲᠡᠷᠡ᠎ᠪᠠᠷ ᠠᠵᠤ ᠠᠬᠤᠢᠯᠠᠯ᠎ᠤᠨ ᠲᠤᠬᠠᠢᠯᠠᠭᠰᠠᠨ ᠠᠵᠢᠯ᠎ᠤᠨ ᠬᠡᠪᠴᠢᠶ᠎ᠡ᠎ᠪᠡᠨ ᠲᠠᠰᠤᠷᠠᠯᠲᠠ ᠦᠭᠡᠢ ᠥᠷᠭᠡᠳᠬᠡᠵᠦ᠂ ᠣᠷᠣᠨ᠎ᠤ ᠳᠣᠲᠣᠨ᠎ᠠ ᠭᠠᠳᠠᠨ᠎ᠠ ᠨᠠᠩ ᠣᠯᠠᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠦᠨ ᠥᠭᠴᠦ᠂ ᠣᠯᠠᠨ ᠲᠦᠮᠡᠨ᠎ᠢ ᠳᠠᠶ᠋ᠢᠴᠢᠯᠠᠨ ᠠᠵᠢᠯ ᠣᠯᠭᠣᠵᠤ ᠣᠷᠣᠯᠭ᠎ᠠ᠎ᠶᠢ ᠨᠢ ᠨᠡᠮᠡᠭᠳᠡᠭᠦᠯᠬᠦ᠎ᠶᠢ ᠬᠦᠰᠡᠪᠡ ᠃ ᠳ᠋ᠦᠩ ᠯᠢ ᠢᠮᠠᠭᠠᠨ ᠨᠣᠣᠯᠤᠭᠤᠷ ᠪᠠ ᠲᠢᠶᠠᠨ ᠴᠢ ᠬᠢᠲᠡᠳ ᠮᠣᠩᠭᠣᠯ ᠡᠮ ᠦᠢᠯᠡᠳᠬᠦ ᠺᠣᠮᠫᠠᠨᠢ᠎ᠳᠤ᠂ ᠲᠡᠷᠡ᠎ᠪᠠᠷ ᠦᠢᠯᠡᠳᠬᠦᠨ᠎ᠦ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ᠂ ᠦᠢᠯᠡᠳᠪᠦᠷᠢᠯᠡᠵᠦ ᠪᠣᠷᠣᠯᠠᠭᠤᠯᠵᠤ ᠪᠠᠢᠭ᠎ᠠ ᠪᠠᠢᠳᠠᠯ᠎ᠢ ᠨᠠᠷᠢᠨ ᠣᠢᠯᠠᠭᠠᠭᠠᠳ᠂ ᠠᠵᠤ ᠠᠬᠤᠢᠯᠠᠯ᠎ᠤᠳ᠎ᠤᠨ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠦᠨ ᠪᠡᠯᠡ ᠣᠷᠣᠭᠤᠯᠤᠯᠲᠠ᠎ᠪᠠᠨ ᠨᠡᠮᠡᠭᠳᠡᠭᠦᠯᠵᠦ᠂ ᠭᠣᠣᠯᠯᠠᠭ᠍ᠴᠢ ᠦᠢᠯᠡᠳᠬᠦᠨ᠎ᠢ ᠨᠠᠷᠢᠯᠢᠭ᠋ ᠬᠢᠵᠦ᠂ ᠣᠷᠣᠨ ᠨᠤᠲᠤᠭ᠎ᠤᠨ ᠨᠡᠷᠡᠲᠦ ᠲᠡᠮᠳᠡᠭ᠎ᠢᠶᠠᠨ ᠪᠦᠬᠦ ᠤᠯᠤᠰ ᠴᠢᠨᠠᠭᠰᠢᠯᠠᠪᠠᠯ ᠪᠦᠬᠦ ᠳᠡᠯᠡᠬᠡᠢ᠎ᠳᠦ ᠭᠠᠷᠭᠠᠬᠤ᠎ᠪᠡᠨ ᠠᠬᠢᠭᠤᠯᠬᠤ᠎ᠶᠢ ᠨᠢ ᠵᠣᠷᠢᠭ᠍ᠵᠢᠭᠤᠯᠪᠠ᠃
ᠪᠣᠤ ᠭᠠᠩ ᠣᠨᠴᠠᠭᠠᠢᠯᠠᠨ ᠴᠢᠬᠤᠯᠠᠴᠢᠯᠠᠬᠤ᠎ᠳᠤ᠎ᠪᠠᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠠ ᠬᠤᠷᠠᠯᠳᠤᠭᠠᠨ᠎ᠤ ᠵᠣᠷᠢᠭ᠋ ᠰᠠᠨᠠᠭ᠎ᠠ ᠪᠠ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢ ᠰᠢᠨᠵᠢᠯᠡᠬᠦ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠢᠷᠡᠬᠦ ᠵᠢᠯ᠎ᠦᠨ ᠴᠢᠬᠤᠯᠠ ᠶᠡᠬᠡ ᠳᠦᠷᠦᠯ ᠵᠦᠢᠯ᠎ᠤᠳ᠎ᠢᠶᠠᠨ ᠪᠣᠳᠠᠲᠠᠢ᠎ᠶᠢ ᠡᠷᠬᠢᠮᠯᠡᠨ ᠲᠥᠯᠥᠪᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠮᠥᠩᠭᠥ ᠣᠷᠣᠭᠤᠯᠬᠤ ᠡᠷᠴᠢᠮ᠎ᠢᠶᠡᠨ ᠴᠢᠩᠭᠠᠷᠠᠭᠤᠯᠤᠨ᠂ ᠬᠣᠯᠪᠣᠭᠠᠯᠠᠨ ᠬᠢᠨᠠᠵᠤ ᠬᠣᠯᠪᠣᠭᠠᠯᠠᠨ ᠵᠥᠪᠰᠢᠶᠡᠷᠡᠬᠦ ᠲᠣᠭᠲᠠᠴᠠ᠎ᠶᠢ ᠰᠠᠢᠲᠤᠷ ᠬᠡᠷᠡᠭᠯᠡᠵᠦ᠂ ᠪᠣᠳᠠᠲᠤ ᠴᠣᠭᠴᠠ᠎ᠶᠢᠨ ᠠᠵᠤ ᠠᠬᠤᠢ᠎ᠶᠢ ᠠᠳᠬᠤᠬᠤ᠂ ᠠᠵᠤ ᠦᠢᠯᠡᠰ᠎ᠦᠨ ᠳᠦᠷᠦᠯ ᠵᠦᠢᠯ᠎ᠢ ᠠᠳᠬᠤᠬᠤ ᠳᠡᠭᠡᠷ᠎ᠡ ᠨᠡᠩ ᠢᠯᠡᠭᠦᠦ ᠬᠦᠴᠦ᠎ᠪᠡᠨ ᠲᠠᠯᠪᠢᠬᠤ ᠬᠡᠷᠡᠭᠲᠡᠢ᠃ ᠪᠦᠬᠦ ᠣᠷᠣᠨ᠎ᠤ ᠠᠵᠤ ᠠᠬᠤᠢ᠎ᠶᠢᠨ ᠪᠠᠢᠳᠠᠯ᠎ᠤᠨ ᠵᠠᠳᠠᠯᠤᠯᠲᠠ᠎ᠶᠢᠨ ᠬᠤᠷᠠᠯ᠎ᠤᠨ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ ᠶᠣᠰᠣᠭᠠᠷ᠂ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ᠎ᠶᠢ ᠲᠣᠭᠲᠠᠪᠤᠷᠢᠵᠢᠭᠤᠯᠬᠤ᠎ᠪᠠᠷ ᠬᠦᠴᠦᠯᠡᠵᠦ᠂ ᠪᠦᠬᠦ ᠵᠢᠯ᠎ᠦᠨ ᠬᠠᠷᠠᠯᠲᠠᠲᠤ ᠡᠭᠦᠷᠭᠡ᠎ᠪᠠᠨ ᠴᠢᠷᠮᠠᠢᠨ ᠪᠡᠶᠡᠯᠡᠭᠦᠯᠬᠦ ᠬᠡᠷᠡᠭᠲᠡᠢ᠃ ᠨᠢᠭᠡ᠎ᠡᠴᠡ ᠨᠥᠬᠥᠭᠡ᠎ᠶᠢ ᠵᠦᠢᠴᠢᠯᠡᠨ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠰᠢᠮᠳᠠᠭᠤᠯᠤᠨ ᠪᠠᠢᠴᠠᠭᠠᠭᠠᠳ ᠬᠠᠷᠢᠭᠤ ᠲᠤᠰᠬᠠᠭᠰᠠᠨ ᠠᠰᠠᠭᠤᠳᠠᠯ᠎ᠤᠳ᠎ᠤᠨ ᠴᠡᠭᠴᠡᠯᠡᠨ ᠰᠠᠢᠵᠢᠷᠠᠭᠤᠯᠬᠤ ᠠᠵᠢᠯ᠎ᠢ ᠰᠠᠢᠲᠤᠷ ᠠᠳᠬᠤᠵᠤ᠂ ᠡᠯ᠎ᠡ ᠬᠦᠷᠢᠶᠡᠨ᠎ᠳᠠᠬᠢ ᠠᠶᠤᠯ ᠲᠦᠭᠰᠢᠭᠦᠷᠢ᠎ᠶᠢᠨ ᠭᠡᠮ ᠰᠣᠭᠣᠭ᠎ᠢ ᠭᠦᠨᠵᠡᠭᠡᠢ ᠪᠠᠢᠴᠠᠭᠠᠨ ᠰᠢᠢᠳᠪᠦᠷᠢᠯᠡᠵᠦ᠂ ᠬᠥᠭᠵᠢᠯᠲᠡ ᠪᠠ ᠬᠠᠮᠠᠭᠠᠯᠠᠯᠲᠠ᠂ ᠬᠥᠭᠵᠢᠯᠲᠡ ᠪᠠ ᠠᠮᠤᠷ ᠲᠦᠪᠰᠢᠨ᠎ᠦ ᠬᠠᠷᠢᠴᠠᠭ᠎ᠠ᠎ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠤᠯᠠᠭᠠᠨᠬᠠᠳᠠ ᠬᠣᠲᠠ ᠪᠣᠯ ᠠᠵᠤ ᠦᠢᠯᠡᠳᠪᠦᠷᠢ᠎ᠶᠢᠨ ᠲᠣᠮᠣ᠌ ᠬᠣᠲᠠ ᠪᠣᠯᠬᠣᠷ ᠣᠳᠣᠬᠢᠴᠢᠯᠠᠭᠰᠠᠨ ᠠᠵᠤ ᠦᠢᠯᠡᠰ᠎ᠦᠨ ᠲᠣᠭᠲᠠᠯᠴᠠᠭ᠎ᠠ᠎ᠶᠢ ᠪᠠᠶ᠋ᠢᠭᠤᠯᠬᠤ ᠳᠡᠭᠡᠷ᠎ᠡ ᠬᠦᠴᠦ ᠲᠠᠯᠪᠢᠨ᠂ ᠳᠡᠭᠡᠳᠦ ᠲᠠᠰ᠎ᠤᠨ ᠥᠩᠭᠡᠲᠦ ᠲᠡᠮᠦᠷᠯᠢᠭ ᠂ ᠨᠡᠭᠦᠷᠡᠰᠦᠲᠥ᠋ᠷᠥᠭᠴᠢᠳᠤ ᠰᠠᠭᠤᠷᠢᠯᠠᠭᠰᠠᠨ᠂ ᠬᠥᠩᠭᠡᠨ ᠴᠠᠭᠠᠨ᠎ᠳᠤ ᠰᠠᠭᠤᠷᠢᠯᠠᠭᠰᠠᠨ᠂ ᠯᠢᠲ᠋ᠢ᠎ᠳᠤ ᠰᠠᠭᠤᠷᠢᠯᠠᠭᠰᠠᠨ ᠵᠡᠷᠭᠡ ᠰᠢᠨ᠎ᠡ ᠮᠠᠲᠧᠷᠢᠶᠠᠯ ᠪᠦᠬᠦᠢ ᠳᠠᠪᠠᠭᠤᠯᠢᠭ᠋ ᠠᠵᠤ ᠦᠢᠯᠡᠰ᠎ᠦᠨ ᠪᠥᠭᠡᠮᠨᠡᠷᠡᠯ ᠮᠠᠶᠢᠭ᠋᠎ᠤᠨ᠂ ᠰᠢᠨ᠎ᠡ᠎ᠶᠢ ᠡᠭᠦᠳᠬᠦ ᠴᠢᠨᠠᠷᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ ᠃ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ᠎ᠪᠠᠨ ᠪᠦᠬᠦ ᠲᠠᠯ᠎ᠠ᠎ᠪᠠᠷ ᠪᠠᠳᠠᠷᠠᠭᠤᠯᠵᠤ᠂ ᠠᠵᠤ ᠠᠬᠤᠢ᠎ᠶᠢ ᠣᠢᠯᠠᠭᠠᠨ᠂ ᠠᠵᠤ ᠦᠢᠯᠡᠰ᠎ᠢ ᠲᠠᠨᠢᠵᠤ᠂ ᠠᠵᠤ ᠠᠬᠤᠢᠯᠠᠯ᠎ᠳᠤ ᠦᠢᠯᠡᠴᠢᠯᠡᠵᠦ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠠᠬᠢ ᠪᠦᠬᠦ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠨᠡᠩ ᠶᠡᠬᠡ ᠬᠤᠪᠢ ᠨᠡᠮᠡᠷᠢ ᠣᠷᠣᠭᠤᠯᠬᠤ ᠬᠡᠷᠡᠭᠲᠡᠢ ᠭᠡᠪᠡ᠃