ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠸᠠᠩ ᠸᠧᠢ ᠵᠦᠩ ᠪᠦᠦ ᠭᠠᠩ ᠤᠯᠤᠰ᠎ᠤᠨ ᠡᠨᠧᠷᠭᠢ᠎ᠶ᠋ᠢᠨ ᠪᠡᠯᠡ ᠣᠷᠣᠭᠤᠯᠤᠯᠲᠠ᠎ᠶ᠋ᠢᠨ ᠪᠦᠯᠦᠭᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠽᠸᠤ ᠯᠸᠢ ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-11-12

11 ᠰᠠᠷ᠎ᠠ᠎ᠶ᠋ᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠡᠡᠣᠲᠠ᠎ᠳᠤ ᠤᠯᠤᠰ᠎ᠤᠨ ᠡᠨᠧᠷᠭᠢ᠎ᠶ᠋ᠢᠨ ᠪᠠᠯᠠ ᠣᠷᠣᠭᠤᠯᠤᠯᠲᠠ᠎ᠶ᠋ᠢᠨ ᠪᠦᠯᠦᠭᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠽᠸᠤ ᠯᠸᠢ ᠨᠠᠷ᠎ᠲᠡᠶ ᠠᠭᠤᠯᠵᠠᠪᠠ᠃

ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠽᠸᠤ ᠯᠸᠢ ᠨᠠᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠤᠯᠤᠰ᠎ᠤᠨ ᠡᠨᠧᠷᠭᠢ᠎ᠶ᠋ᠢᠨ ᠪᠦᠯᠦᠭᠯᠡᠯ᠎ᠦᠨ ᠤᠷᠳᠤ ᠬᠤᠭᠤᠴᠠᠭᠠᠨ᠎ᠤ ᠲᠤᠷᠰᠢ ᠥᠪᠥᠷ ᠮᠣᠩᠭᠣᠯ᠎ᠳᠤ ᠳᠡᠮᠵᠢᠯᠭᠡ ᠦᠵᠡᠭᠦᠯᠦᠭ᠌ᠰᠡᠨ᠎ᠳᠦ ᠲᠠᠯᠠᠷᠬᠠᠵᠤ ᠪᠠᠢᠬᠤ᠎ᠪᠠᠨ ᠢᠯᠡᠳᠭᠡᠭ᠌ᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠤᠯᠤᠰ᠎ᠤᠨ ᠡᠨᠧᠷᠭᠢ᠎ᠶ᠋ᠢᠨ ᠪᠦᠯᠦᠭᠯᠡᠯ ᠥᠪᠥᠷ ᠮᠣᠩᠭᠣᠯ᠎ᠳᠤ ᠤᠷᠳᠤ ᠬᠤᠭᠤᠴᠠᠭ᠎ᠠ ᠨᠤᠳᠤᠬᠰᠢᠵᠤ᠂ ᠨᠡᠭᠦᠷᠡᠰᠦ᠂ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠂ ᠱᠢᠨ᠎ᠡ ᠡᠨᠧᠷᠭᠢ ᠵᠡᠷᠭᠡ ᠬᠦᠷᠢᠶᠡᠨ᠎ᠳᠦ ᠨᠢᠭᠡ ᠪᠦᠯᠦᠭ ᠲᠥᠷᠥᠯ ᠵᠦᠶ᠋ᠯ᠎ᠢ ᠪᠠᠢᠷᠢᠯᠠᠭᠤᠯᠤᠨ ᠪᠥᠲᠥᠭᠡᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠣᠳᠣᠬᠠᠨ᠎ᠳᠤ᠂ ᠥᠪᠥᠷ ᠮᠣᠩᠭᠣᠯ ᠶᠠᠭ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠤᠬᠠᠭᠤᠯᠤᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠪᠠᠲᠤᠲᠠᠶ ᠦᠶ᠋ᠯᠡᠳᠦᠯᠭᠡᠵᠢᠭᠦᠯᠵᠦ᠍᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠢᠭᠤᠯᠬᠤ᠂ ᠤᠯᠠᠮᠵᠢᠯᠠᠯᠲᠤ ᠡᠨᠧᠷᠭᠢ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠲᠦᠷᠭᠡᠳᠭᠡᠨ ᠠᠬᠢᠭᠤᠯᠬᠤ᠂ ᠱᠢᠨ᠎ᠡ ᠡᠨᠧᠷᠭᠢ᠎ᠶ᠋ᠢᠨ ᠨᠡᠭᠡᠭᠡᠯᠲᠡ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠬᠤ᠂ ᠤᠰᠤᠲᠥ᠋ᠷᠥᠭ᠌ᠴᠢ ᠡᠨᠧᠷᠭᠢ᠂ ᠡᠨᠧᠷᠭᠢ ᠨᠥᠭᠡᠴᠡᠯᠡᠬᠦ ᠵᠡᠷᠭᠡ ᠠᠵᠤ ᠦᠶ᠋ᠯᠡᠰ᠎ᠢ ᠶᠡᠬᠡ᠎ᠪᠡᠷ ᠬᠥᠭ᠌ᠵᠢᠭᠦᠯᠬᠦ᠌᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍ ᠪᠠᠢᠨ᠎ᠠ᠃ ᠤᠯᠤᠰ᠎ᠤᠨ ᠡᠨᠧᠷᠭᠢ᠎ᠶ᠋ᠢᠨ ᠪᠦᠯᠦᠭᠯᠡᠯ᠎ᠦᠨ᠎ᠬᠢᠨ ᠪᠠᠯᠠ ᠮᠥᠩᠭᠥ᠌᠂ ᠮᠡᠷᠭᠡᠵᠢᠯ᠂ ᠴᠢᠳᠠᠪᠤᠷᠢᠲᠠᠨ ᠵᠡᠷᠭᠡ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠱᠢᠨ᠎ᠡ ᠡᠨᠧᠷᠭᠢ᠂ ᠡᠨᠧᠷᠭᠢ ᠨᠦᠬᠡᠴᠡᠯᠡᠬᠦ᠂ ᠪᠣᠬᠢᠷᠲᠤᠯ ᠥᠬᠡᠶ ᠴᠠᠬᠢᠯᠭᠠᠨ᠎ᠢᠶᠠᠷ ᠤᠰᠤᠲᠥ᠋ᠷᠥᠭ᠌ᠴᠢ ᠱᠢᠪᠲᠦᠷ᠎ᠦᠨ ᠠᠯᠺᠣᠣᠯ ᠦᠶ᠋ᠯᠡᠳᠬᠦ᠌᠂ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠂ ᠠᠮᠢ ᠠᠬᠤᠶ᠎ᠶ᠋ᠢᠨ ᠵᠠᠰᠠᠯᠲᠠ ᠵᠡᠷᠭᠡ ᠬᠦᠷᠢᠶᠡᠨ᠎ᠳᠡᠬᠢ ᠪᠠᠯᠠ ᠣᠷᠣᠭᠤᠯᠤᠯᠲᠠ᠎ᠪᠠᠨ ᠦᠷᠭᠦᠯᠵᠢᠯᠡᠨ ᠥᠷᠭᠡᠳᠭᠡᠵᠦ᠍᠂ ᠮᠠᠨ᠎ᠤ ᠣᠷᠣᠨ᠎ᠳᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠪᠠᠨ ᠢᠳᠡᠪᠬᠢᠲᠡᠶ ᠪᠠᠢᠷᠢᠱᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠨᠠᠩ ᠰᠠᠢᠳᠤᠷ ᠬᠦᠴᠦᠨ ᠨᠡᠮᠡᠷᠢᠯᠡᠬᠦ᠌᠎ᠶ᠋ᠢ ᠬᠦᠰᠡᠵᠦ᠍ ᠪᠠᠢᠨ᠎ᠠ᠃ ᠥᠪᠥᠷ ᠮᠣᠩᠭᠣᠯ ᠲᠡᠷᠢᠭᠦᠨ ᠵᠡᠷᠬᠡ᠎ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠪᠣᠶ ᠪᠣᠯᠭᠠᠵᠤ᠂ ᠠᠵᠤ ᠠᠬᠤᠢᠯᠠᠯ᠎ᠤᠨ ᠬᠥᠭ᠌ᠵᠢᠯᠲᠡ᠎ᠳᠦ ᠴᠢᠨᠠᠷ ᠰᠠᠢᠲᠠᠶ ᠥᠨᠳᠥᠷ ᠪᠦᠲᠦᠮᠵᠢᠲᠡᠶ ᠦᠶ᠋ᠯᠡᠴᠢᠯᠡᠭᠡ ᠬᠠᠩᠭᠠᠨ᠎ᠠ ᠭᠡᠪᠡ᠃

ᠽᠸᠤ ᠯᠸᠢ ᠥᠪᠥᠷ ᠮᠣᠩᠭᠣᠯ᠎ᠤᠨ ᠤᠯᠤᠰ᠎ᠤᠨ ᠡᠨᠧᠷᠭᠢ᠎ᠶ᠋ᠢᠨ ᠪᠦᠯᠦᠭᠯᠡᠯ᠎ᠳᠦ ᠬᠦᠴᠦᠲᠡᠢ ᠳᠡᠮᠵᠢᠯᠭᠡ ᠦᠵᠡᠭᠦᠯᠦᠭ᠌ᠰᠡᠨ᠎ᠳᠦ ᠲᠠᠯᠠᠷᠬᠠᠬᠤ᠎ᠶ᠋ᠢᠨ ᠬᠠᠮᠲᠤ ᠠᠵᠤ ᠠᠬᠤᠢᠯᠠᠯ᠎ᠤᠨ ᠥᠪᠥᠷ ᠮᠣᠩᠭᠣᠯ᠎ᠳᠠᠬᠢ ᠠᠵᠤ ᠦᠢᠯᠡᠰ᠎ᠦᠨ ᠪᠠᠢᠷᠢᠱᠢᠭᠤᠯᠤᠯᠲᠠ ᠪᠣᠯᠤᠨ ᠭᠣᠣᠯᠳᠠᠯᠭ᠎ᠠ᠎ᠲᠠᠶ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢᠨ ᠪᠠᠢᠳᠠᠯ᠎ᠢ ᠲᠠᠨᠢᠯᠴᠠᠭᠤᠯᠪᠠ᠃ ᠲᠡᠷᠡ᠂《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠤᠯᠤᠰ᠎ᠤᠨ ᠡᠨᠧᠷᠭᠢ᠎ᠶ᠋ᠢᠨ ᠪᠦᠯᠦᠭᠯᠡᠯ ᠪᠣᠯᠤᠨ ᠥᠪᠥᠷ ᠮᠣᠩᠭᠣᠯ᠎ᠤᠨ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠤᠯᠤᠬᠰᠠᠨ ᠶᠤᠮ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠠᠨᠠᠭᠠᠴᠢᠯᠠᠭ᠎ᠠ᠎ᠡᠴᠡ᠎ᠪᠠᠨ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠲᠡᠶ ᠵᠣᠯᠭᠠᠭᠤᠯᠵᠤ᠂ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠢᠳᠡᠪᠬᠢᠲᠡᠶ ᠥᠷᠭᠡᠳᠭᠡᠨ᠂ ᠠᠵᠤ ᠦᠶ᠋ᠯᠡᠰ᠎ᠦᠨ ᠬᠠᠮᠵᠢᠯᠴᠠᠬᠤ ᠳᠠᠪᠠᠭᠤᠯᠢᠭ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠨᠡᠭᠦᠷᠡᠰᠦ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ ᠂ ᠨᠡᠭᠦᠷᠡᠰᠦ᠎ᠪᠡᠷ ᠲᠣᠰᠣ ᠦᠶ᠋ᠯᠡᠳᠬᠦ᠌ ᠮᠡᠷᠭᠡᠵᠢᠯ᠎ᠢ ᠲᠠᠰ ᠳᠡᠪᠱᠢᠭᠦᠯᠦᠨ ᠥᠭᠡᠷᠡᠴᠢᠯᠡᠬᠦ᠌᠂ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠦᠨ ᠪᠥᠲᠥᠭᠡᠨ ᠪᠠᠢᠭᠤᠯᠤᠯᠲᠠ᠂ ᠱᠢᠨ᠎ᠡ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠰᠤᠳᠤᠯᠤᠨ ᠨᠡᠭᠡᠭᠡᠬᠦ᠌ ᠵᠡᠷᠭᠡ ᠬᠦᠷᠢᠶᠡᠨ᠎ᠳᠦ ᠥᠪᠡᠷᠲᠡᠭᠡᠨ ᠵᠠᠰᠠᠬᠤ ᠣᠷᠣᠨ᠎ᠯᠤᠭ᠎ᠠ᠎ᠶ᠋ᠢᠨ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠨᠠᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠱᠢᠨ ᠣᠷᠣᠯᠴᠠᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ