ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠸᠠᠩ ᠸᠧᠢ ᠵᠦᠩ ᠪᠦᠦ ᠭᠠᠩ ᠳᠤᠮᠳᠠᠳᠤ ᠤᠯᠤᠰ᠎ᠤᠨ ᠬᠥᠬᠡᠮᠥ᠋ᠷᠡᠨ᠎ᠦ ᠭᠤᠷᠪᠠᠨ ᠬᠠᠪᠴᠢᠯ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠯᠢᠦ ᠸᠧᠢ ᠫᠢᠩ᠎ᠲᠡᠶ ᠠᠭᠤᠯᠵᠠᠪᠠ
ᠨᠡᠶ᠋ᠢᠲᠡᠯᠡᠭᠰᠡᠨ ᠴᠠᠭ᠄ 2025-11-13

11 ᠰᠠᠷ᠎ᠠ᠎ᠶ᠋ᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠱᠦᠵᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠬᠥᠬᠡᠮᠥ᠋ᠷᠡᠨ᠎ᠦ ᠭᠤᠷᠪᠠᠨ ᠬᠠᠪᠴᠢᠯ ᠪᠦᠯᠦᠭ᠌ᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠯᠢᠦ ᠸᠧᠢ ᠫᠢᠩ᠎ᠨᠡᠷ᠎ᠲᠡᠶ ᠠᠭᠤᠯᠵᠠᠪᠠ᠃

ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠯᠢᠦ ᠸᠧᠢ ᠫᠢᠩ᠎ᠨᠡᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠭᠤᠷᠪᠠᠨ ᠬᠠᠪᠴᠢᠯ ᠪᠦᠯᠦᠭ᠌ᠯᠡᠯ᠎ᠦᠨ ᠤᠷᠳᠤ ᠬᠤᠭᠤᠴᠠᠭᠠᠨ᠎ᠤ ᠲᠤᠷᠰᠢ ᠥᠪᠥᠷ ᠮᠣᠩᠭᠣᠯ᠎ᠳᠤ ᠳᠡᠮᠵᠢᠯᠭᠡ ᠦᠵᠡᠭᠦᠯᠦᠭ᠌ᠰᠡᠨ᠎ᠳᠦ ᠲᠠᠯᠠᠷᠬᠠᠵᠤ ᠪᠠᠢᠬᠤ᠎ᠪᠠᠨ ᠢᠯᠡᠳᠭᠡᠭ᠌ᠰᠡᠨ ᠪᠥᠭᠡᠳ ᠪᠦᠬᠦ᠌ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ ᠢᠯᠠᠩᠭᠤᠶ᠎ᠠ ᠱᠢᠨ᠎ᠡ ᠡᠨᠧᠷᠭᠢ᠎ᠶ᠋ᠢᠨ ᠬᠥᠭ᠌ᠵᠢᠯᠲᠡ᠎ᠶ᠋ᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠣᠳᠣᠬᠠᠨ᠎ᠳᠤ ᠪᠢᠳᠡ ᠶᠠᠭ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠤᠬᠠᠭᠤᠯᠤᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠶᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠶ ᠱᠦᠵᠢ ᠰᠢ᠎ᠶᠢᠨ ᠫᠢᠩ᠂ ᠨᠠᠮ᠎ᠤᠨ ᠲᠥᠪ ᠬᠤᠷᠢᠶ᠎ᠠ᠎ᠶᠢᠨ ᠥᠪᠥᠷ ᠮᠣᠩᠭᠣᠯ᠎ᠤᠨ ᠲᠤᠬᠠᠶ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠤ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠍ ᠪᠠᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠤ᠂ ᠥᠪᠥᠷ ᠮᠣᠩᠭᠣᠯ ᠰᠠᠯᠬᠢ ᠭᠡᠷᠡᠯ ᠤᠰᠤ ᠴᠥᠮ᠎ᠡ ᠵᠡᠷᠭᠡ ᠣᠯᠠᠨ ᠡᠨᠧᠷᠭᠢ᠎ᠶᠢ ᠵᠡᠷᠭᠡ᠎ᠳᠦᠨᠢ ᠬᠦᠭᠵᠢᠭᠦᠯᠬᠦ᠎ᠶᠢ ᠪᠠᠷᠢᠮᠲᠠᠯᠠᠵᠤ᠂ ᠱᠢᠨ᠎ᠡ ᠡᠨᠧᠷᠭᠢ᠎ᠶ᠋ᠢ ᠨᠡᠭᠡᠭᠡᠨ ᠠᠱᠢᠭ᠍ᠯᠠᠬᠤ ᠲᠦᠪᠰᠢᠨ᠎ᠢ ᠬᠦᠴᠦᠯᠡᠨ ᠳᠡᠭᠡᠭ᠌ᠰᠢᠯᠡᠭᠦᠯᠦᠨ᠎ᠡ᠂ ᠭᠤᠷᠪᠠᠨ ᠬᠠᠪᠴᠢᠯ ᠪᠦᠯᠦᠭ᠌ᠯᠡᠯ᠎ᠯᠦᠭᠡ᠎ᠶ᠋ᠢᠨ ᠬᠠᠮᠲᠤᠷᠠᠯᠴᠠᠭ᠎ᠠ᠎ᠳᠤ ᠯᠤᠲᠤ ᠶᠡᠬᠡ ᠣᠷᠣᠨ ᠵᠠᠶ᠎ᠲᠠᠶ ᠶᠤᠮ᠃ ᠭᠤᠷᠪᠠᠨ ᠬᠠᠪᠴᠢᠯ ᠪᠦᠯᠦᠭ᠌ᠯᠡᠯ ᠲᠣᠰ ᠪᠡᠶ᠎ᠡ᠎ᠶ᠋ᠢᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ 《ᠡᠯᠡᠰᠦᠨ ᠴᠦᠯ ᠭᠤᠪᠢ ᠴᠦᠯᠯᠡᠷᠬᠡᠭ ᠤᠷᠤᠨ》᠎ᠤ ᠰᠠᠭᠤᠷᠢᠨ ᠵᠡᠷᠭᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠬᠤ᠎ᠶ᠋ᠢᠨ ᠬᠠᠮᠲᠤ᠂ ᠡᠨᠧᠷᠭᠢ ᠨᠦᠬᠡᠴᠡᠯᠡᠬᠦ᠂ ᠤᠰᠤᠲᠥ᠋ᠷᠥᠭ᠌ᠴᠢ ᠡᠨᠧᠷᠭᠢ ᠵᠡᠷᠭᠡ ᠬᠦᠷᠢᠶᠡᠨ᠎ᠳᠡᠬᠢ ᠪᠠᠯᠠ ᠮᠥᠩᠭᠥ᠎ᠶ᠋ᠢᠨ ᠣᠷᠣᠭᠤᠯᠤᠯᠲᠠ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠷᠴᠢᠮ᠎ᠢᠶᠡᠨ ᠴᠢᠩᠭᠠᠷᠠᠭᠤᠯᠵᠤ᠂ ᠥᠪᠥᠷ ᠮᠣᠩᠭᠣᠯ᠎ᠳᠤ ᠨᠢᠭᠡ ᠪᠦᠯᠦᠭ ᠪᠤᠬᠢᠷᠳᠤᠯ ᠦᠭᠡᠢ ᠴᠠᠬᠢᠯᠭᠠᠨ᠎ᠢ ᠲᠤᠬᠠᠶ᠎ᠶ᠋ᠢᠨ ᠭᠠᠵᠠᠷ᠎ᠲᠤᠨᠢ ᠱᠢᠩᠭᠡᠭᠡᠬᠦ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠢ ᠪᠥᠲᠥᠭᠡᠨ ᠪᠠᠢᠭᠤᠯᠬᠤ᠎ᠶ᠋ᠢ ᠬᠦᠰᠡᠵᠦ᠍ ᠪᠠᠢᠨ᠎ᠠ᠃ ᠪᠢᠳᠡ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠭ᠍ᠰᠠᠨ᠂ ᠳᠡᠯᠡᠬᠡᠢᠵᠢᠭ᠌ᠰᠡᠨ ᠲᠡᠷᠢᠭᠦᠨ ᠵᠡᠷᠬᠡ᠎ᠶᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠦᠬᠦ᠌ ᠬᠦᠴᠦᠨ᠎ᠢᠶᠡᠷ᠎ᠢᠶᠡᠨ ᠪᠤᠢ ᠪᠣᠯᠭᠠᠵᠤ᠂ ᠭᠤᠷᠪᠠᠨ ᠬᠠᠪᠴᠢᠯ ᠪᠦᠯᠦᠭ᠌ᠯᠡᠯ᠎ᠢ ᠪᠠᠭ᠍ᠲᠠᠭᠠᠭ᠍ᠰᠠᠨ ᠡᠯ᠎ᠡ ᠲᠦᠷᠦᠯ᠎ᠦᠨ ᠠᠵᠤ ᠠᠬᠤᠢᠯᠠᠯ᠎ᠤᠨ ᠥᠪᠥᠷ ᠮᠣᠩᠭᠣᠯ᠎ᠳᠤ ᠢᠷᠡᠵᠦ᠍ ᠬᠥᠭ᠌ᠵᠢᠬᠦ᠌᠎ᠳᠦ ᠴᠢᠨᠠᠷ ᠰᠠᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠨ᠎ᠠ ᠭᠡᠵᠡᠢ᠃

ᠯᠢᠦ ᠸᠧᠢ ᠫᠢᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ᠎ᠤ ᠭᠤᠷᠪᠠᠨ ᠬᠠᠪᠴᠢᠯ ᠪᠦᠯᠦᠭ᠌ᠯᠡᠯ᠎ᠳᠤ ᠬᠦᠴᠦᠲᠡᠢ ᠳᠡᠮᠵᠢᠯᠭᠡ ᠦᠵᠡᠭᠦᠯᠦᠭᠰᠡᠨ᠎ᠳᠤ ᠲᠠᠯᠠᠷᠬᠠᠬᠤ᠎ᠶ᠋ᠢᠨ ᠬᠠᠮᠲᠤ ᠪᠦᠯᠦᠭ᠌ᠯᠡᠯ᠎ᠦᠨ ᠪᠦᠬᠦᠯᠢ ᠴᠣᠭ᠍ᠴᠠ᠎ᠶ᠋ᠢᠨ ᠬᠥᠭ᠌ᠵᠢᠯᠲᠡ ᠪᠣᠯᠤᠨ ᠥᠪᠥᠷ ᠮᠣᠩᠭᠣᠯ᠎ᠳᠠᠬᠢ ᠪᠡᠯᠡ ᠣᠷᠣᠭᠤᠯᠤᠯᠲᠠ᠎ᠶ᠋ᠢᠨ ᠪᠠᠢᠷᠢᠱᠢᠭᠤᠯᠤᠯᠲᠠ᠎ᠶ᠋ᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ᠎ᠤᠨ ᠡᠬᠢ ᠪᠠᠶᠠᠯᠢᠭ᠎ᠤᠨ ᠳᠠᠪᠠᠭᠤᠯᠢᠭ ᠣᠨᠴᠠᠭᠠᠢ ᠰᠠᠢ᠌ᠨ᠂ ᠠᠵᠤ ᠦᠢᠯᠡᠰ᠎ᠦᠨ ᠰᠠᠭᠤᠷᠢ ᠪᠠᠲᠤ᠂ ᠬᠥᠭ᠌ᠵᠢᠯᠲᠡ᠎ᠶ᠋ᠢᠨ ᠢᠷᠡᠭᠡᠳᠦᠢ ᠲᠤᠢᠯ᠎ᠤᠨ ᠭᠡᠭᠡᠨ ᠰᠠᠷᠠᠭᠤᠯ ᠶᠤᠮ᠃ ᠭᠤᠷᠪᠠᠨ ᠬᠠᠪᠴᠢᠯ ᠪᠦᠯᠦᠭ᠌ᠯᠡᠯ ᠢᠮᠠᠭ᠍ᠲᠠ ᠥᠪᠥᠷ ᠮᠣᠩᠭᠣᠯ᠎ᠢ ᠪᠠᠢᠯᠳᠤᠬᠤ ᠪᠤᠳᠤᠯᠭ᠎ᠠ᠎ᠶ᠋ᠢᠨ ᠭᠤᠤᠯᠳᠠᠯᠭ᠎ᠠ ᠲᠠᠢ ᠭᠠᠵᠠᠷ᠂ ᠬᠥᠭ᠌ᠵᠢᠯᠲᠡ᠎ᠶ᠋ᠢᠨ ᠴᠢᠬᠤᠯᠠ ᠭᠠᠵᠠᠷ ᠪᠣᠯᠭᠠᠨ᠎ᠠ᠂ ᠲᠠᠷᠠᠭᠠᠴᠢ᠎ᠶ᠋ᠢᠨ ᠠᠯᠬᠤᠮ᠎ᠳᠤ ᠲᠤᠰ ᠪᠡᠶ᠎ᠡ᠎ᠶ᠋ᠢᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠤᠯᠤᠰ᠎ᠤᠨ ᠴᠢᠬᠤᠯᠠ ᠶᠡᠬᠡ ᠪᠠᠢᠯᠳᠤᠬᠤ ᠪᠤᠳᠤᠯᠭ᠎ᠠ ᠪᠣᠯᠤᠨ ᠥᠭᠡᠷᠡᠴᠢᠯᠡᠯᠲᠡ ᠬᠥᠭ᠌ᠵᠢᠯᠲᠡ᠎ᠶ᠋ᠢᠨ ᠬᠡᠷᠡᠭ᠌ᠴᠡᠭᠡ᠎ᠳᠦ ᠦᠢᠯᠡᠴᠢᠯᠡᠬᠦ᠌᠎ᠶ᠋ᠢᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ ᠤᠶᠠᠯᠳᠤᠭᠤᠯᠵᠤ᠂ ᠢᠳᠡᠪᠬᠢᠲᠡᠢ᠎ᠪᠡᠷ ᠬᠠᠮᠲᠤᠷᠠᠯᠴᠠᠭᠠᠨ᠎ᠤ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍᠂ ᠨᠡᠩ ᠤᠯᠠᠨ ᠱᠢᠯᠢᠳᠡᠭ ᠲᠦᠷᠦᠯ ᠵᠦᠢᠯ᠎ᠢ ᠪᠠᠢᠷᠢᠱᠢᠭᠤᠯᠵᠤ᠂ ᠬᠣᠶᠠᠷ ᠲᠠᠯ᠎ᠠ᠎ᠶ᠋ᠢᠨ ᠴᠡᠪᠡᠷ ᠡᠨᠧᠷᠭᠢ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠡᠷᠭᠡ ᠬᠦᠷᠢᠶᠡᠨ᠎ᠳᠡᠬᠢ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠦ ᠨᠡᠩ ᠤᠯᠠᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠱᠢᠨ᠂ ᠭᠤᠷᠪᠠᠨ ᠬᠠᠪᠴᠢᠯ ᠪᠦᠯᠦᠭ᠌ᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠶᠡᠷᠦᠩᠬᠡᠢ ᠳᠠᠭᠠᠭᠠᠮᠠᠯ ᠯᠢ ᠹᠦ᠋ ᠮᠢᠨ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ