11 ᠰᠠᠷ᠎ᠠ᠎ᠶᠢᠨ 13᠎ᠤ ᠦᠳᠡ᠎ᠶᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠳᠤᠭᠠᠷ ᠪᠥᠬᠥᠳᠡ ᠬᠤᠷᠠᠯ ᠬᠥᠬᠡᠬᠣᠲᠠ᠎ᠳᠤ ᠬᠤᠷᠠᠯᠳᠤᠪᠠ᠂ ᠬᠤᠷᠠᠯ᠎ᠤᠨ ᠬᠤᠭᠤᠴᠠᠭ᠎ᠠ ᠨᠢ 2 ᠡᠳᠦᠷ ᠪᠣᠯᠣᠨ᠎ᠠ᠃

11 ᠰᠠᠷ᠎ᠠ᠎ᠶᠢᠨ13᠎ᠤ ᠦᠳᠡ᠎ᠶᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠳᠤᠭᠠᠷ ᠪᠥᠬᠥᠳᠡ ᠬᠤᠷᠠᠯ ᠬᠥᠬᠡᠬᠣᠲᠠ᠎ᠳᠤ ᠬᠤᠷᠠᠯᠳᠤᠪᠠ᠃ ᠰᠤᠷᠪᠤᠯᠵᠢᠯᠠᠭ᠍ᠴᠢ ᠮᠠ ᠵᠢᠶᠠᠨ ᠪᠢᠩ ᠰᠡᠭᠦᠳᠡᠷᠯᠡᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠦᠩ ᠠᠩᠬᠠᠳᠤᠭᠠᠷ ᠪᠦᠬᠦᠳᠠ ᠬᠤᠷᠠᠯ᠎ᠢ ᠡᠷᠬᠢᠯᠡᠬᠦ᠎ᠶᠢᠨ ᠬᠠᠮᠲᠤ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ᠎ᠶᠢ ᠲᠥᠯᠥᠭᠡᠯᠡᠨ ᠪᠦᠬᠦᠳᠠ ᠬᠤᠷᠠᠯ᠎ᠳᠤ ᠠᠵᠢᠯ᠎ᠤᠨ ᠢᠯᠡᠳᠬᠡᠯ ᠬᠢᠬᠦ᠎ᠶᠢᠨ ᠬᠠᠮᠲᠤ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠠᠨᠠᠭᠤᠯᠭ᠎ᠠ (ᠶᠠᠷᠢᠯᠴᠠᠬᠤ ᠨᠣᠣᠷᠠᠭ)》᠎ᠶᠢᠨ ᠲᠤᠬᠠᠢ ᠲᠣᠳᠣᠷᠬᠠᠢᠯᠠᠯᠲᠠ ᠬᠢᠵᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠤᠷᠠᠯ᠎ᠳᠤ ᠣᠷᠣᠯᠴᠠᠪᠠ᠃
ᠳᠤᠰ ᠤᠳᠠᠭ᠎ᠠ᠎ᠶᠢᠨ ᠪᠥᠬᠥᠳᠡ ᠬᠤᠷᠠᠯ᠎ᠤᠨ ᠭᠣᠣᠯ ᠡᠭᠦᠷᠭᠡ ᠪᠣᠯ᠄ ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠤᠨ ᠥᠪᠥᠷ ᠮᠣᠩᠭᠣᠯ᠎ᠤᠨ ᠳᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ᠎ᠶᠢᠨ ᠠᠵᠢᠯ᠎ᠤᠨ ᠢᠯᠡᠳᠬᠡᠯ᠎ᠢ ᠰᠣᠨᠣᠰᠴᠤ᠂ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠠᠨᠠᠭᠤᠯᠭ᠎ᠠ》 ᠶᠢ ᠬᠢᠨᠠᠨ ᠵᠥᠪᠯᠡᠨ᠎ᠡ᠃