ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠲᠤᠰᠭᠠᠶ ᠮᠡᠷᠭᠡᠵᠢᠯᠲᠡᠨ ᠡᠷᠳᠡᠮᠲᠡᠨ᠎ᠠᠵᠤ ᠠᠬᠤᠢᠯᠠᠯᠲᠠᠨ᠎ᠤ ᠶᠠᠷᠢᠯᠴᠠᠬᠤ ᠬᠤᠷᠠᠯ ᠬᠤᠷᠠᠯᠳᠤᠭᠤᠯᠪᠠ ᠸᠠᠩ ᠸᠧᠢ ᠵᠦᠩ ᠬᠤᠷᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠵᠤ   ᠪᠦᠦ ᠭᠠᠩ ᠣᠷᠣᠯᠴᠠᠵᠠᠢ
ᠨᠡᠶ᠋ᠢᠲᠡᠯᠡᠭᠰᠡᠨ ᠴᠠᠭ᠄ 2025-11-16

ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠱᠦᠵᠢ ᠸᠠᠩ ᠸᠧᠢ ᠵᠦᠩ ᠲᠤᠰᠭᠠᠢ ᠮᠡᠷᠭᠡᠵᠢᠯᠲᠡᠨ ᠡᠷᠳᠡᠮᠲᠡᠨ᠂ ᠠᠵᠤ ᠠᠬᠤᠢᠯᠠᠯᠲᠠᠨ᠎ᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠢ ᠰᠠᠨᠠᠯ ᠰᠠᠨᠠᠭᠤᠯᠭ᠎ᠠ᠎ᠶ᠋ᠢ ᠰᠣᠨᠣᠰᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠤᠷᠠᠯ᠎ᠳᠤ ᠣᠷᠣᠯᠴᠠᠵᠠᠢ᠃

ᠶᠠᠷᠢᠯᠴᠠᠬᠤ ᠬᠤᠷᠠᠯ ᠳᠡᠭᠡᠷ᠎ᠡ ᠲᠤᠰᠭᠠᠶ ᠮᠡᠷᠭᠡᠵᠢᠯᠲᠡᠨ᠎ᠦ 3 ᠲᠥᠯᠥᠭᠡᠯᠡᠭ᠌ᠴᠢ ᠪᠠ ᠠᠵᠤ ᠠᠬᠤᠢᠯᠠᠯᠲᠠᠨ᠎ᠤ 8 ᠲᠥᠯᠥᠭᠡᠯᠡᠭ᠌ᠴᠢ᠎ᠠᠴᠠ ᠲᠣᠰ ᠲᠣᠰ᠎ᠤᠨ ᠲᠤᠰᠭᠠᠶ ᠮᠡᠷᠭᠡᠵᠢᠯ᠎ᠦᠨ ᠬᠦᠷᠢᠶᠡᠨ᠎ᠤ ᠡᠬᠦᠳᠡᠨ᠎ᠠᠴᠠ ᠰᠠᠨᠠᠯ ᠰᠠᠨᠠᠭᠤᠯᠭ᠎ᠠ ᠳᠤᠷᠠᠳᠪᠠ᠃ ᠸᠠᠩ ᠸᠧᠶ ᠵᠥᠩ ᠨᠠᠷᠢᠨ ᠬᠢᠨᠠᠮᠠᠭᠠᠶ ᠰᠣᠨᠣᠰᠴᠤ᠌᠂ ᠵᠠᠷᠢᠮ ᠠᠰᠠᠭᠤᠳᠠᠯ᠎ᠤᠨ ᠲᠤᠬᠠᠶ ᠣᠯᠠᠨ᠎ᠲᠠᠶ ᠭᠦᠨᠵᠡᠭᠡᠶ ᠰᠠᠨᠠᠯ᠎ᠢᠶᠠᠨ ᠰᠣᠯᠢᠯᠴᠠᠵᠤ᠂ ᠬᠣᠯᠪᠣᠭ᠍ᠳᠠᠯ ᠪᠥᠬᠥᠶ ᠲᠠᠯ᠎ᠠ᠎ᠶ᠋ᠢᠨ᠎ᠬᠢᠨ᠎ᠢ ᠨᠠᠷᠢᠨ ᠬᠢᠨᠠᠮᠠᠭᠠᠶ ᠰᠤᠳᠤᠯᠤᠨ ᠱᠢᠩᠭᠡᠭᠡᠨ ᠠᠪᠬᠤ ᠬᠡᠷᠡᠭ᠌ᠲᠡᠶ ᠭᠡᠵᠦ᠍ ᠱᠠᠭᠠᠷᠳᠠᠪᠠ᠃

ᠸᠠᠩ ᠸᠧᠢ ᠵᠦᠩ᠂ ᠥᠪᠥᠷ ᠮᠣᠩᠭᠣᠯ ᠪᠣᠯ ᠥᠷᠭᠡᠨ ᠠᠭᠤᠳᠠᠮ ᠦᠵᠡᠰᠭᠦᠯᠡᠩᠲᠦ ᠰᠠᠢᠬᠠᠨ᠂ ᠶᠡᠬᠡᠬᠡᠨ ᠠᠵᠢᠯ ᠶᠠᠪᠤᠳᠠᠯ ᠪᠦᠲᠦᠭᠡᠵᠦ᠍ ᠪᠣᠯᠬᠤ ᠰᠠᠢ᠌ᠨ ᠭᠠᠵᠠᠷ ᠪᠣᠯᠤᠨ᠎ᠠ᠃ ᠣᠷᠣᠨ ᠳᠠᠶᠠᠭᠠᠷ᠎ᠢᠶᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠶᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠠᠷᠢᠴᠠᠭᠤᠯᠤᠭ᠍ᠰᠠᠨ ᠳᠠᠪᠠᠭᠤᠯᠢᠭ᠎ᠲᠠᠭᠠᠨ ᠰᠠᠭᠤᠷᠢᠯᠠᠨ᠂ ᠢᠲᠡᠭᠡᠯ ᠵᠣᠷᠢᠭ᠎ᠢᠶᠠᠨ ᠪᠠᠲᠤᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠪᠠᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠯᠠᠪᠳᠠᠭᠤᠨ ᠪᠠᠲᠤᠲᠠᠶ᠎ᠪᠠᠷ ᠠᠵᠢᠯ ᠬᠢᠵᠦ ᠦᠶ᠋ᠯᠡᠰ ᠪᠤᠰᠭᠠᠨ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠲᠤᠮᠳᠠ ᠱᠢᠨ᠎ᠡ ᠵᠠᠮ ᠨᠡᠭᠡᠭᠡᠬᠦ᠌᠎ᠶ᠋ᠢ ᠲᠦᠷᠭᠡᠳᠭᠡᠬᠦ᠌ ᠬᠡᠷᠡᠭ᠌ᠲᠡᠶ ᠭᠡᠵᠡᠢ᠃

ᠸᠠᠩ ᠸᠧᠶ ᠵᠥᠩ᠂ ᠲᠤᠰᠭᠠᠶ ᠮᠡᠷᠭᠡᠵᠢᠯᠲᠡᠨ ᠡᠷᠳᠡᠮᠲᠡᠳ ᠪᠣᠯ ᠨᠠᠮ ᠪᠠ ᠵᠠᠰᠠᠭ᠎ᠤᠨ ᠣᠷᠳᠣᠨ᠎ᠤ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠠᠷᠠᠳᠴᠢᠯᠠᠯ᠎ᠢᠶᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠬᠠᠤᠯᠢ ᠶᠣᠰᠣᠭᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠎ᠶᠢᠨ ᠤᠬᠠᠭᠠᠨᠲᠡᠳ᠎ᠤᠨ ᠪᠦᠯᠬᠦᠮ ᠮᠥᠨ᠂ ᠠᠵᠤ ᠠᠬᠤᠢᠯᠠᠯ ᠪᠣᠯ ᠠᠵᠤ ᠠᠬᠤᠶ᠎ᠶ᠋ᠢᠨ ᠬᠥᠭ᠌ᠵᠢᠯᠲᠡ᠂ ᠱᠢᠨ᠎ᠡ᠎ᠶ᠋ᠢ ᠡᠭᠦᠳᠬᠦ ᠡᠭᠦᠳᠦᠨ ᠪᠦᠲᠦᠭᠡᠯᠲᠡ᠎ᠶ᠋ᠢ ᠠᠬᠢᠭᠤᠯᠬᠤ ᠭᠤᠤᠯ ᠬᠦᠴᠦᠨ ᠮᠥᠨ᠃ ᠥᠷᠭᠡᠨ ᠣᠯᠠᠨ ᠲᠤᠰᠭᠠᠶ ᠮᠡᠷᠭᠡᠵᠢᠯᠲᠡᠨ ᠡᠷᠳᠡᠮᠲᠡᠳ ᠥᠪᠡᠷ᠎ᠦᠨ ᠡᠭᠦᠷᠭᠡᠯᠡᠵᠦ᠍ ᠪᠠᠢᠭ᠎ᠠ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠱᠢᠨ᠎ᠡ ᠡᠨᠧᠷᠭᠢ᠂ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠂ ᠪᠣᠬᠢᠷᠲᠤᠯ ᠥᠬᠡᠶ ᠤᠰᠤᠲᠥ᠋ᠷᠥᠭ᠌ᠴᠢ ᠱᠢᠪᠲᠦᠷ᠎ᠦᠨ ᠠᠯᠺᠣᠣᠯ᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ᠂ ᠡᠪᠡᠰᠦᠨ᠎ᠦ ᠦᠶ᠋ᠯᠡᠰ ᠰᠦ᠎ᠶᠢᠨ ᠦᠶ᠋ᠯᠡᠰ ᠵᠡᠷᠭᠡ ᠳᠠᠪᠠᠭᠤᠯᠢᠭ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠪᠠᠨ ᠴᠢᠩᠭᠠᠳᠭᠠᠵᠤ᠂ ᠨᠠᠩ ᠣᠯᠠᠨ ᠪᠡᠯᠭᠡ ᠲᠡᠮᠳᠡᠭ᠎ᠦᠨ ᠴᠢᠨᠠᠷᠲᠠᠶ ᠦᠷ᠎ᠡ ᠪᠦᠲᠦᠭᠡᠯ ᠤᠯᠬᠤ᠎ᠪᠠᠷ ᠴᠢᠷᠮᠠᠢᠬᠤ᠎ᠶ᠋ᠢ ᠬᠦᠰᠡᠵᠦ᠍ ᠪᠠᠢᠨ᠎ᠠ᠃ ᠥᠷᠭᠡᠨ ᠤᠯᠠᠨ ᠠᠵᠤ ᠠᠬᠤᠢᠯᠠᠯ᠎ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢᠨ ᠦᠢᠯᠡᠳᠦᠯ᠎ᠢᠶᠡᠨ ᠪᠠᠳᠠᠷᠠᠭᠤᠯᠵᠤ᠂ ᠰᠤᠳᠤᠯᠤᠨ ᠨᠡᠭᠡᠭᠡᠬᠦ᠌ ᠪᠡᠯᠡ ᠣᠷᠣᠭᠤᠯᠤᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠱᠢᠨ᠎ᠡ᠎ᠶ᠋ᠢ ᠡᠭᠦᠳᠬᠦ᠌ ᠬᠡᠯᠬᠢᠶ᠎ᠡ ᠠᠵᠤ ᠦᠢᠯᠡᠰ᠎ᠤᠨ ᠬᠡᠯᠬᠢᠶ᠎ᠡ ᠪᠡᠯᠡ ᠮᠥᠩᠭᠥᠨ᠎ᠦ ᠬᠡᠯᠬᠢᠶ᠎ᠡ ᠴᠢᠳᠠᠪᠤᠷᠢᠲᠠᠨ᠎ᠤ ᠬᠡᠯᠬᠢᠶ᠎ᠡ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠠᠵᠢᠯ ᠲᠦᠷᠦᠯ᠎ᠦᠨ ᠲᠠᠭᠠᠭᠤᠯᠤᠬ᠍ᠴᠢ ᠠᠵᠤ ᠠᠬᠤᠢᠯᠠᠯ ᠪᠣᠯᠬᠤ᠎ᠪᠠᠷ ᠴᠢᠷᠮᠠᠢᠬᠤ᠎ᠶ᠋ᠢ ᠬᠦᠰᠡᠵᠦ᠍ ᠪᠠᠢᠨ᠎ᠠ᠃ ᠬᠥᠳᠡᠯᠮᠦᠷᠢ᠎ᠶ᠋ᠢ ᠬᠦᠨᠳᠦᠳᠭᠡᠬᠦ᠌᠂ ᠮᠡᠳᠡᠯᠭᠡ᠎ᠶ᠋ᠢ ᠬᠦᠨᠳᠦᠳᠭᠡᠬᠦ᠌᠂ ᠴᠢᠳᠠᠪᠤᠷᠢᠲᠠᠨ᠎ᠢ ᠬᠦᠨᠳᠦᠳᠭᠡᠬᠦ᠌᠂ ᠡᠭᠦᠳᠦᠨ ᠪᠦᠲᠦᠭᠡᠯᠲᠡ᠎ᠶ᠋ᠢ ᠬᠦᠨᠳᠦᠳᠭᠡᠬᠦ᠌ ᠭᠦᠨ ᠵᠤᠵᠠᠭᠠᠨ ᠠᠭᠤᠷ ᠠᠮᠢᠰᠭᠤᠯ᠎ᠢ ᠶᠡᠬᠡ᠎ᠪᠡᠷ ᠪᠤᠢ ᠪᠣᠯᠭᠠᠵᠤ᠂ ᠲᠤᠰᠭᠠᠢ ᠮᠡᠷᠭᠡᠵᠢᠯᠲᠡᠨ ᠡᠷᠳᠡᠮᠲᠡᠨ᠂ ᠠᠵᠤ ᠠᠬᠤᠢᠯᠠᠯᠲᠠᠨ᠎ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢ ᠭᠦᠢᠴᠡᠳ ᠲᠠᠢ᠌ᠴᠢᠯᠠᠨ ᠬᠠᠮᠠᠭᠠᠯᠠᠵᠤ᠂ ᠱᠢᠨ᠎ᠡ᠎ᠶ᠋ᠢ ᠡᠭᠦᠳᠬᠦ ᠡᠭᠦᠳᠦᠨ ᠪᠦᠲᠦᠭᠡᠬᠦ᠌ ᠠᠵᠢᠯᠯᠠᠭ᠎ᠠ᠎ᠳᠤ ᠰᠠᠢ᠌ᠨ ᠰᠠᠢᠬᠠᠨ ᠨᠥᠬᠥᠴᠡᠯ ᠬᠠᠩᠭᠠᠬᠤ ᠬᠡᠷᠡᠭ᠌ᠲᠡᠢ ᠭᠡᠵᠡᠢ᠃

ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠠᠴᠠ ᠲᠤᠭ ᠲᠡᠮᠳᠡᠭ ᠲᠣᠳᠣᠷᠬᠠᠢ᠎ᠪᠠᠷ 《ᠬᠣᠶᠠᠷ ᠡᠷᠡᠰ ᠭᠤᠢᠪᠢᠰᠢ ᠦᠭᠡᠢ》 ᠪᠠᠢᠬᠤ᠎ᠶᠢ ᠪᠠᠷᠢᠮᠲᠠᠯᠠᠨ ᠨᠠᠢᠳᠠᠪᠤᠷᠢᠵᠢᠭᠤᠯᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶ᠋ᠢ ᠬᠦᠴᠦᠯᠡᠨ ᠱᠢᠯᠢᠳᠡᠭ᠌ᠵᠢᠭᠦᠯᠵᠦ᠍᠂ ᠵᠠᠬ᠎ᠠ ᠳᠡᠯᠭᠡᠭᠦᠷᠴᠢᠯᠡᠭ᠌ᠰᠡᠨ ᠬᠠᠤᠯᠢ᠎ᠪᠠᠷ ᠵᠠᠰᠠᠬᠰᠠᠨ ᠳᠡᠯᠡᠬᠡᠢᠵᠢᠭ᠌ᠰᠡᠨ ᠲᠡᠷᠢᠭᠦᠨ᠎ᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠤᠢ ᠪᠣᠯᠭᠠᠵᠤ᠂ ᠡᠯ᠎ᠡ ᠵᠦᠢᠯ᠎ᠦᠨ ᠥᠮᠴᠢᠯᠡᠯ᠎ᠦᠨ ᠠᠵᠤ ᠠᠬᠤᠢ᠎ᠶ᠋ᠢᠨ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠬᠦ᠌᠂ ᠬᠠᠮᠲᠤ᠎ᠪᠠᠷ ᠬᠥᠭ᠌ᠵᠢᠬᠦ᠌᠎ᠶ᠋ᠢ ᠠᠬᠢᠭᠤᠯᠤᠨ᠎ᠠ᠃ ᠥᠷᠭᠡᠨ ᠤᠯᠠᠨ ᠠᠵᠤ ᠠᠬᠤᠢᠯᠠᠯᠲᠠᠨ᠎ᠤ ᠥᠪᠥᠷ ᠮᠣᠩᠭᠣᠯ᠎ᠤᠨ ᠥᠭᠡᠷᠡᠴᠢᠯᠡᠯᠲᠡ ᠬᠥᠭ᠌ᠵᠢᠯᠲᠡ᠎ᠳᠤ ᠢᠳᠡᠪᠬᠢᠲᠡᠢ ᠣᠷᠣᠯᠴᠠᠵᠤ᠂ ᠤᠯᠤᠰ᠎ᠢᠶᠠᠨ ᠬᠠᠢᠷᠠᠯᠠᠵᠤ ᠦᠢᠯᠡᠰ᠎ᠢᠶᠡᠨ ᠳᠡᠭᠡᠳᠦᠯᠡᠵᠦ᠂ ᠬᠠᠤᠯᠢ᠎ᠶ᠋ᠢ ᠰᠠᠬᠢᠵᠤ ᠡᠵᠡᠩᠨᠡᠨ᠂ ᠦᠢᠯᠡᠰ ᠪᠤᠰᠭᠠᠵᠤ ᠱᠢᠨ᠎ᠡ᠎ᠶ᠋ᠢ ᠡᠭᠦᠳᠦᠨ᠂ ᠨᠡᠢᠭᠡᠮ᠎ᠳᠦ ᠠᠴᠢ ᠬᠠᠷᠢᠭᠤᠯᠠᠬᠤ᠎ᠶ᠋ᠢ ᠬᠦᠰᠡᠵᠦ᠍ ᠪᠠᠢᠨ᠎ᠠ ᠭᠡᠵᠡᠢ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠶ ᠯᠢ ᠱᠢᠨ᠂ ᠶᠤᠤ ᠶᠦᠩ ᠪᠥᠸᠧ᠂ ᠳᠠᠢᠴᠢᠨ᠂ ᠰᠦᠨ ᠵᠢᠶᠦ᠋ᠨ ᠴᠢᠩ ᠣᠷᠣᠯᠴᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ