ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠭᠠᠳᠠᠨᠠᠬᠢ ᠬᠥᠮᠦᠰ᠎ᠦᠨ ᠶᠠᠷᠢᠯᠴᠠᠬᠤ ᠬᠤᠷᠠᠯ ᠬᠤᠷᠠᠯᠳᠤᠭᠤᠯᠵᠤ᠂ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠠᠨᠠᠭᠤᠯᠭ᠎ᠠ᠎ᠶ᠋ᠢᠨ ᠲᠤᠬᠠᠶ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠠᠷᠢᠭᠤᠴᠠᠯᠭᠠᠲᠠᠨ ᠪᠣᠯᠤᠨ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭ᠌ᠴᠢᠳ᠎ᠦᠨ ᠰᠠᠨᠠᠯ ᠰᠠᠨᠠᠭᠤᠯᠭ᠎ᠠ᠎ᠶ᠋ᠢ ᠰᠣᠨᠣᠰᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠤᠷᠠᠯ᠎ᠳᠤ ᠣᠷᠣᠯᠴᠠᠵᠠᠶ᠃


ᠶᠠᠷᠢᠯᠴᠠᠬᠤ ᠬᠤᠷᠠᠯ ᠳᠡᠭᠡᠷ᠎ᠡ ᠲᠤᠮᠳᠠᠳᠤ ᠤᠯᠤᠰ᠎ᠤᠨ ᠭᠣᠮᠢᠨᠳᠠᠩ᠎ᠤᠨ ᠬᠤᠪᠢᠰᠭᠠᠯᠲᠤ ᠬᠣᠷᠢᠶ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠡᠷᠬᠢᠯᠡᠭ᠌ᠴᠢ ᠭᠡᠱᠢᠭᠦᠨ ᠼᠤᠤ ᠶ᠋ᠢᠨ ᠱᠠᠨ᠂ ᠳᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠡᠷᠬᠢᠯᠡᠭ᠌ᠴᠢ ᠭᠡᠱᠢᠭᠦᠨ ᠵᠤᠤ ᠵᠶ᠋ᠢ᠂ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠡᠷᠬᠢᠯᠡᠭ᠌ᠴᠢ ᠭᠡᠱᠢᠭᠦᠨ ᠶᠢᠨ ᠵᠤᠸᠠᠩ᠂ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠡᠷᠬᠢᠯᠡᠭ᠌ᠴᠢ ᠭᠡᠱᠢᠭᠦᠨ ᠰᠦᠨ ᠵᠢᠶᠦ᠋ᠨ ᠴᠢᠩ᠂ ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠡᠷᠬᠢᠯᠡᠭ᠌ᠴᠢ ᠭᠡᠱᠢᠭᠦᠨ ᠯᠢ ᠶᠠᠨ ᠷᠦ᠋᠂ 《9·3》᠎ᠤ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠦᠪᠤᠷ ᠮᠤᠨᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠣᠷᠢᠶ᠎ᠠ᠎ᠶ᠋ᠢᠨ ᠡᠷᠬᠢᠯᠡᠭ᠌ᠴᠢ ᠭᠡᠱᠢᠭᠦᠨ ᠢᠦᠢ ᠷᠧᠨ ᠵᠢᠶ᠍ᠸ᠂ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠲᠡᠷᠢᠭᠦᠯᠡᠭ᠌ᠴᠢ ᠠᠨ ᠷᠦᠨ ᠱᠧᠩ᠂ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭ᠌ᠴᠢ ᠯᠢ ᠪᠢᠨ ᠤᠷᠢᠳ ᠬᠣᠵᠢᠳ ᠦᠭᠡ ᠬᠡᠯᠡᠵᠡᠢ᠃ ᠸᠠᠩ ᠸᠧᠶ ᠵᠥᠩ᠂ ᠣᠯᠠᠨ᠎ᠤ ᠳᠤᠷᠠᠳᠤᠭ᠍ᠰᠠᠨ ᠰᠠᠨᠠᠯ ᠰᠠᠨᠠᠭᠤᠯᠭ᠎ᠠ ᠨᠢ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠬᠡᠷᠡᠭ᠌ᠵᠢᠭᠦᠯᠵᠦ᠍ ᠪᠣᠯᠬᠤᠢᠴᠠ ᠴᠢᠨᠠᠷᠲᠠᠶ᠂ ᠬᠣᠯᠪᠣᠭ᠍ᠳᠠᠯ ᠪᠥᠬᠥᠶ ᠲᠠᠯ᠎ᠠ᠎ᠶ᠋ᠢᠨ᠎ᠬᠢᠨ ᠬᠢᠨᠠᠮᠠᠭᠠᠶ ᠰᠤᠳᠤᠯᠵᠤ᠂ ᠭᠦᠶ᠋ᠴᠡᠳ ᠱᠢᠩᠭᠡᠭᠡᠨ ᠠᠪᠬᠤ ᠬᠡᠷᠡᠭ᠌ᠲᠡᠶ ᠭᠡᠵᠤ ᠢᠯᠡᠳᠭᠡᠪᠡ᠃
ᠸᠠᠩ ᠸᠧᠢ ᠵᠦᠩ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠬᠦ᠂ ᠲᠦᠷᠭᠡᠨ ᠱᠢᠨ᠎ᠡ ᠵᠠᠮ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠮᠠᠨ᠎ᠤ ᠣᠷᠣᠨ᠎ᠤ ᠡᠨᠧᠷᠭᠢ᠎ᠶᠢᠨ ᠠᠭᠤᠷᠬᠠᠢ᠎ᠶ᠋ᠢᠨ ᠭᠠᠷᠤᠯᠲᠠ ᠪᠣᠯᠤᠨ ᠮᠠᠯ ᠠᠵᠤ ᠠᠬᠤᠢ ᠲᠠᠷᠢᠶᠠᠯᠠᠩ᠂ ᠠᠮᠢ ᠠᠬᠤᠢ᠎ᠶ᠋ᠢᠨ ᠡᠬᠢ ᠪᠠᠶᠠᠯᠢᠭ ᠲᠤᠢᠯ᠎ᠤᠨ ᠡᠯᠪᠡᠭ᠂ ᠠᠵᠤ ᠦᠢᠯᠡᠰ᠎ᠦᠨ ᠰᠠᠭᠤᠷᠢ ᠰᠠᠢ᠌ᠨ ᠪᠠᠢᠵᠤ᠂ ᠶᠡᠭᠡᠭᠡᠨ ᠠᠵᠢᠯ ᠶᠠᠪᠤᠳᠠᠯ ᠪᠦᠲᠦᠭᠡᠵᠦ᠍ ᠪᠣᠯᠬᠤ ᠪᠥᠭᠡᠳ ᠯᠠᠪᠲᠠᠢ ᠶᠡᠬᠡ ᠠᠵᠢᠯ ᠶᠠᠪᠤᠳᠠᠯ ᠪᠦᠲᠦᠭᠡᠵᠦ᠍ ᠪᠣᠯᠤᠨ᠎ᠠ᠃ ᠬᠥᠭ᠌ᠵᠢᠯᠲᠡ᠎ᠶ᠋ᠢᠨ ᠦᠷ᠎ᠡ ᠠᠱᠢᠭ ᠪᠣᠯᠤᠨ ᠬᠥᠮᠦᠨ ᠳᠤᠮᠳᠠᠴᠢ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠎ᠪᠡᠷ ᠬᠦᠴᠦᠯᠡᠬᠦ᠌ ᠭᠣᠣᠯᠳᠠᠯᠭ᠎ᠠ᠎ᠪᠠᠨ ᠪᠣᠯᠭᠠᠵᠤ᠂ ᠴᠢᠷᠮᠠᠢᠨ ᠲᠠᠪᠠᠭᠤᠯᠢᠭ᠎ᠢᠶᠠᠨ ᠪᠠᠳᠠᠷᠠᠭᠤᠯᠤᠨ ᠳᠤᠲᠠᠭᠤᠳᠠᠯ᠎ᠢᠶᠠᠨ ᠨᠥᠬᠥᠪᠥᠷᠢᠯᠡᠵᠦ᠍᠂ ᠥᠪᠥᠷ ᠮᠣᠩᠭᠣᠯ᠎ᠢ ᠠᠵᠤ ᠠᠬᠤᠢ ᠴᠡᠴᠡᠭ᠌ᠯᠡᠨ ᠬᠥᠭ᠌ᠵᠢᠭ᠌ᠰᠡᠨ ᠪᠠᠶᠠᠨ ᠴᠢᠨᠡᠭᠡᠯᠢᠭ᠂ ᠠᠷᠠᠳ ᠲᠦᠮᠡᠨ ᠵᠣᠯ ᠵᠢᠷᠭᠠᠯ᠎ᠲᠠᠶ ᠠᠮᠤᠷ ᠠᠮᠤᠭᠤᠯᠠᠩ ᠪᠠᠢᠬᠤ ᠰᠠᠢ᠌ᠨ ᠭᠠᠵᠠᠷ ᠪᠣᠯᠭᠠᠬᠤ᠎ᠪᠠᠷ ᠴᠢᠷᠮᠠᠢᠬᠤ ᠬᠡᠷᠡᠭ᠌ᠲᠡᠢ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠶ᠋ᠢ ᠴᠢᠩᠭᠠᠳᠭᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠦ᠍᠂ ᠥᠪᠥᠷ ᠮᠣᠩᠭᠣᠯ᠎ᠤᠨ ᠣᠨᠴᠠᠯᠢᠭᠳᠤ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ ᠬᠡᠷᠡᠭ᠌ᠲᠡᠢ᠃ ᠰᠤᠷᠤᠯᠴᠠᠯᠭ᠎ᠠ᠎ᠶᠢ ᠶᠡᠭᠡ᠎ᠪᠠᠷ ᠡᠷᠬᠢᠮᠯᠡᠵᠦ᠂ ᠭᠦᠨᠵᠡᠭᠡᠢ ᠪᠠᠢᠴᠠᠭᠠᠨ ᠰᠤᠳᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠠᠷᠢᠭᠤᠨ ᠴᠢᠬᠡᠴᠢ ᠪᠠᠢᠵᠤ᠂ ᠨᠢᠭᠡ ᠰᠡᠳᠭᠢᠯ ᠨᠢᠭᠡ ᠵᠣᠷᠢᠭ᠎ᠢᠶᠠᠷ ᠠᠵᠢᠯ ᠬᠢᠵᠦ᠍ ᠦᠢᠯᠡᠰ ᠪᠤᠰᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠬᠡᠷᠡᠭ᠌ᠲᠡᠢ ᠭᠡᠵᠦ᠍ ᠬᠡᠯᠡᠪᠡ᠃
ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢ ᠰᠠᠢᠲᠤᠷ ᠲᠥᠯᠥᠪᠵᠢᠭᠦᠯᠵᠦ᠍ ᠰᠠᠢᠲᠤᠷ ᠬᠡᠷᠡᠭ᠌ᠵᠢᠭᠦᠯᠬᠦ᠌᠎ᠳᠦ ᠡᠯ᠎ᠡ ᠲᠠᠯ᠎ᠠ᠎ᠶ᠋ᠢᠨ ᠬᠢᠨ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ᠎ᠢᠶᠠᠨ ᠡᠷᠭᠦᠬᠦ᠌ ᠴᠢᠬᠤᠯᠠᠲᠠᠢ᠃ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠨᠠᠮ ᠪᠦᠯᠦᠭ᠎ᠦᠨ ᠪᠤᠰᠤ ᠬᠥᠮᠦᠰ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠪᠠᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠣᠳᠣ ᠮᠡᠷᠭᠡᠨ ᠰᠠᠨᠠᠯ ᠰᠠᠨᠠᠭᠤᠯᠭ᠎ᠠ᠎ᠶ᠋ᠢ ᠢᠯᠡᠭᠦᠬᠡᠨ ᠳᠤᠷᠠᠳᠴᠤ᠌᠂ ᠪᠣᠳᠠᠲᠠᠶ᠎ᠶ᠋ᠢ ᠡᠷᠬᠢᠮᠯᠡᠭ᠌ᠰᠡᠨ ᠠᠷᠭ᠎ᠠ ᠪᠣᠳᠣᠯᠭ᠎ᠠ᠎ᠶ᠋ᠢ ᠢᠯᠡᠭᠦᠬᠡᠨ ᠳᠡᠪᠱᠢᠭᠦᠯᠵᠦ᠍᠂ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ᠎ᠶ᠋ᠢ ᠢᠯᠡᠭᠦᠬᠡᠨ ᠰᠦᠪᠡᠭ᠌ᠴᠢᠯᠡᠵᠦ᠍᠂ ᠢᠲᠡᠭᠡᠯ ᠵᠣᠷᠢᠭ᠎ᠢᠶᠠᠨ ᠪᠠᠲᠤᠳᠭᠠᠬᠤ᠂ ᠠᠷᠠᠳ᠎ᠤᠨ ᠰᠡᠳᠭᠢᠯ᠎ᠢ ᠨᠢᠭ᠍ᠲᠠᠷᠠᠭᠤᠯᠬᠤ᠂ ᠬᠥᠮᠦᠰ᠎ᠦᠨ ᠰᠡᠳᠭᠢᠯ᠎ᠢ ᠳᠤᠯᠠᠭᠠᠴᠠᠭᠤᠯᠬᠤ᠂ ᠰᠡᠳᠭᠢᠯ᠎ᠢᠶᠡᠨ ᠨᠢᠭᠡᠳᠭᠡᠬᠦ᠌ ᠠᠵᠢᠯ᠎ᠢ ᠢᠯᠡᠭᠦᠬᠡᠨ ᠬᠢᠵᠦ᠍᠂ ᠪᠥᠬᠥ᠌ ᠣᠷᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠳᠦ ᠨᠠᠩ ᠣᠯᠠᠨ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠵᠦ᠍ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠶᠡᠷᠦᠩᠬᠡᠶ ᠱᠦᠵᠢ ᠰᠢ ᠶᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠢ ᠰᠠᠢᠲᠤᠷ ᠬᠢᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠡᠷᠡᠰ ᠭᠤᠢᠪᠢᠰᠢ ᠥᠬᠡᠶ ᠲᠤᠭᠤᠱᠢᠯᠠᠭᠤᠯᠵᠤ᠂ ᠰᠠᠨᠠᠭᠠᠴᠢᠯᠠᠭ᠎ᠠ᠎ᠡᠴᠡ᠎ᠪᠠᠨ ᠵᠥᠪᠯᠡᠯᠭᠡ ᠬᠢᠬᠦ᠌᠂ ᠰᠠᠨᠠᠯ ᠰᠣᠨᠣᠰᠭᠤ᠂ ᠬᠢᠨᠠᠯᠲᠠ ᠬᠦᠯᠢᠶᠡᠬᠦ᠌᠎ᠶ᠋ᠢ ᠴᠢᠩᠭᠠᠳᠭᠠᠵᠤ᠂ ᠣᠯᠠᠨ᠎ᠤ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠂ ᠦᠶ᠋ᠯᠡᠳᠦᠯ᠎ᠢᠶᠡᠨ ᠪᠠᠳᠠᠷᠠᠭᠤᠯᠬᠤ᠎ᠳᠤ ᠰᠠᠢᠨ ᠰᠠᠢᠬᠠᠨ ᠨᠥᠬᠥᠴᠡᠯ ᠪᠦᠷᠢᠯᠳᠦᠭᠦᠯᠵᠦ᠍ ᠥᠭ᠌ᠭᠦᠨ᠎ᠡ ᠭᠡᠵᠤ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠬᠦᠦᠳᠠᠭᠤᠯᠠ᠂ ᠢᠦᠶ ᠯᠢ ᠱᠢᠨ ᠣᠷᠣᠯᠴᠠᠵᠠᠢ᠃