ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠳᠤᠭᠠᠷ ᠤᠳᠠᠭ᠎ᠠ᠎ᠶᠢᠨ ᠪᠥᠬᠥᠳᠡ ᠬᠤᠷᠠᠯ᠎ᠤᠨ ᠠᠯᠪᠠᠨ ᠮᠡᠳᠡᠭᠡ
(2025 ᠣᠨ᠎ᠤ 11 ᠰᠠᠷ᠎ᠠ᠎ᠶ᠋ᠢᠨ 14᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠳᠤᠭᠠᠷ ᠤᠳᠠᠭ᠎ᠠ᠎ᠶᠢᠨ ᠪᠦᠭᠦᠳᠡ ᠬᠤᠷᠠᠯ᠎ᠡᠴᠡ ᠪᠠᠲᠤᠯᠠᠪᠠ)
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠳᠤᠭᠠᠷ ᠤᠳᠠᠭ᠎ᠠ᠎ᠶᠢᠨ ᠪᠦᠬᠦᠳᠡ ᠬᠤᠷᠠᠯ 2025 ᠣᠨ᠎ᠤ 11 ᠰᠠᠷ᠎ᠠ᠎ᠶ᠋ᠢᠨ 13᠎ᠤ ᠡᠳᠦᠷ᠎ᠡᠴᠡ 14᠎ᠤ ᠡᠳᠦᠷ ᠪᠣᠯᠲᠠᠯ᠎ᠠ ᠬᠥᠬᠡᠬᠣᠲᠠ᠎ᠳᠤ ᠬᠤᠷᠠᠯᠳᠤᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠭᠡᠱᠢᠭᠦᠨ 73 ᠬᠥᠮᠦᠨ᠂ ᠣᠷᠣᠯᠠᠭ᠍ᠴᠢ ᠭᠡᠱᠢᠭᠦᠨ 7 ᠬᠥᠮᠦᠨ ᠡᠨᠡ ᠤᠳᠠᠭ᠎ᠠ᠎ᠶ᠋ᠢᠨ ᠪᠥᠬᠥᠳᠡ ᠬᠤᠷᠠᠯ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠦᠬᠦᠢ ᠤᠳᠤᠷᠢᠳᠭᠤ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠬᠢᠨᠠᠨ ᠪᠠᠢᠴᠠᠭᠠᠬᠤ ᠵᠥᠪᠯᠡᠯ᠎ᠦᠨ ᠭᠡᠱᠢᠭᠦᠨ ᠪᠣᠯᠤᠨ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠠᠷᠢᠭᠤᠴᠠᠯᠭᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠬᠡᠰᠡᠭ ᠭᠣᠣᠯᠳᠠᠯᠭ᠎ᠠ᠎ᠲᠠᠶ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠭᠣᠣᠯ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠡᠰᠡᠭ ᠦᠨᠳᠦᠰᠦᠨ ᠱᠠᠲᠤᠨ᠎ᠤ ᠲᠥᠯᠥᠭᠡᠯᠡᠭ᠌ᠴᠢ ᠬᠤᠷᠠᠯ᠎ᠳᠤ ᠰᠤᠯᠠ ᠣᠷᠣᠯᠴᠠᠵᠠᠢ᠃

ᠪᠥᠬᠥᠳᠡ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠬᠣᠷᠢᠶ᠎ᠠ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠢ ᠵᠦᠩ ᠶᠠᠷᠢᠶ᠎ᠠ ᠲᠠᠯᠪᠢᠵᠠᠢ᠃
ᠪᠥᠬᠥᠳᠡ ᠬᠤᠷᠠᠯ᠎ᠡᠴᠡ ᠸᠠᠩ ᠸᠧᠶ ᠵᠥᠩ᠎ᠦᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ᠎ᠶ᠋ᠢᠨ ᠨᠠᠢᠳᠠᠯᠭ᠎ᠠ᠎ᠪᠠᠷ ᠬᠢᠭ᠌ᠰᠡᠨ ᠠᠵᠢᠯ᠎ᠤᠨ ᠢᠯᠡᠳᠭᠡᠯᠢᠰᠣᠨᠣᠰᠤᠨ ᠶᠠᠷᠢᠯᠴᠠᠵᠤ᠂ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠰᠠᠨᠠᠭᠤᠯᠭ᠎ᠠ》᠎ᠶ᠋ᠢ ᠬᠢᠨᠠᠨ ᠵᠥᠪᠯᠡᠵᠦ᠍ ᠪᠠᠲᠤᠯᠠᠪᠠ᠃ ᠸᠠᠩ ᠸᠧᠢ ᠵᠦᠩ 《ᠰᠠᠨᠠᠭᠤᠯᠭ᠎ᠠ (ᠶᠠᠷᠢᠯᠴᠠᠬᠤ ᠨᠤᠤᠷᠠᠭ)》᠎ᠶᠢᠨ ᠲᠤᠬᠠᠢ ᠪᠦᠬᠦᠳᠡ ᠬᠤᠷᠠᠯ᠎ᠳᠤ ᠲᠣᠳᠣᠷᠬᠠᠢᠯᠠᠯᠲᠠ ᠬᠢᠪᠡ᠃

ᠪᠥᠬᠥᠳᠡ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠤᠳᠠᠭ᠎ᠠ᠎ᠶᠢᠨ ᠪᠥᠬᠥᠳᠡ ᠬᠤᠷᠠᠯ᠎ᠡᠴᠡ ᠨᠠᠭᠠᠱᠢᠬᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠬᠣᠷᠢᠶ᠎ᠠ᠎ᠶᠢᠨ ᠠᠵᠢᠯ᠎ᠢ ᠭᠦᠶ᠋ᠴᠡᠳ ᠨᠤᠲᠠᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠬᠣᠷᠢᠶ᠎ᠠ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠵᠤ᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠤ᠂ ᠠᠷᠠᠳᠴᠢᠯᠠᠯ ᠬᠠᠤᠯᠢ᠎ᠪᠠᠷ ᠵᠠᠰᠠᠬᠤ ᠪᠠᠢᠭᠤᠯᠤᠯᠲᠠ ᠪᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠢ ᠴᠢᠩᠭᠠᠳᠬᠠᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠨᠡᠢᠭᠡᠮ᠎ᠦᠨ ᠵᠠᠰᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢ ᠠᠬᠢᠭᠤᠯᠵᠤ᠂ ᠪᠥᠬᠥ᠌ ᠣᠷᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠭᠣᠣᠯ ᠬᠠᠷᠠᠯᠲᠠ ᠡᠭᠦᠷᠭᠡ ᠤᠳᠠᠯ ᠦᠭᠡᠢ ᠢᠯᠠᠯᠲᠠ᠎ᠲᠠᠶ ᠪᠡᠶᠡᠯᠡᠭ᠌ᠳᠡᠬᠦ᠌᠎ᠪᠠᠷ ᠪᠠᠢᠨ᠎ᠠ ᠭᠡᠵᠤ ᠰᠠᠨᠠᠯ ᠨᠢᠭᠡᠳᠠᠢ ᠦᠵᠡᠵᠡᠭᠡᠪᠡ᠃
ᠪᠥᠬᠥᠳᠡ ᠬᠤᠷᠠᠯ᠎ᠡᠴᠡ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠳᠡᠭᠡᠳᠦ ᠬᠡᠮᠵᠢᠶ᠎ᠡ᠎ᠪᠡᠷ ᠦᠨᠡᠯᠡᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ᠂ ᠣᠯᠠᠨ ᠳᠠᠪᠬᠤᠷ ᠬᠦᠴᠢᠷᠳᠡᠯ ᠪᠠ ᠥᠷᠢᠰᠥᠯᠳᠦᠭᠡᠨ᠎ᠦ ᠡᠮᠦᠨ᠎ᠡ᠂ ᠰᠢ᠎ᠵᠢᠨ᠎ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠣᠭᠣᠳᠣᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠱᠢᠵᠢᠮ᠎ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ 《ᠶᠡᠷᠦᠩᠬᠡᠶ ᠱᠦᠵᠢ ᠰᠢ᠎ᠵᠢᠨ᠎ᠫᠢᠩ᠎ᠦᠨ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠪᠡᠶᠡᠯᠡᠭᠦᠯᠬᠦ᠌᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ》 ᠬᠣᠶᠠᠷ ᠶᠡᠬᠡ ᠶᠠᠪᠤᠳᠠᠯ᠎ᠢ ᠬᠦᠴᠦᠯᠡᠨ ᠰᠠᠢᠲᠤᠷ ᠬᠢᠵᠦ᠍᠂ 《ᠵᠢᠷᠭᠤᠭᠠᠨ ᠢᠨᠵᠧᠨᠧᠷᠢᠩ》᠎ᠢ ᠬᠡᠷᠡᠭ᠌ᠵᠢᠭᠦᠯᠵᠦ᠍᠂ 《ᠵᠢᠷᠭᠤᠭᠠᠨ ᠠᠵᠢᠯᠯᠠᠭ᠎ᠠ》᠎ᠶᠢ ᠥᠷᠨᠢᠭᠦᠯᠵᠦ᠍᠂ ᠱᠢᠨ᠎ᠡ ᠵᠠᠮ ᠨᠡᠭᠡᠭᠡᠵᠤ᠂ ᠳᠤᠮᠳᠠ ᠲᠦᠪᠰᠢᠨ᠎ᠳᠦ ᠣᠷᠣᠬᠤ ᠲᠠᠯ᠎ᠠ᠎ᠪᠠᠷ ᠯᠠᠪᠳᠠᠭᠤᠨ ᠪᠠᠲᠤᠲᠠᠶ ᠠᠯᠬᠤᠭ᠎ᠠ᠎ᠶᠢ ᠠᠯᠬᠤᠪᠠ᠃ ᠡᠳᠡᠭᠡᠷ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠣᠯᠤᠭ᠍ᠰᠠᠨ᠎ᠤ ᠦᠨᠳᠦᠰᠦ ᠨᠢ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠵᠦ᠍᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠭ᠌ᠰᠡᠨ᠎ᠦ ᠦᠷ᠎ᠡ ᠳ᠋ᠦᠩ ᠪᠣᠯᠤᠨ᠎ᠠ᠃
ᠪᠦᠬᠦᠳᠠ ᠬᠤᠷᠠᠯ᠎ᠡᠴᠡ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭ᠎ᠠ ᠪᠣᠯ ᠮᠠᠨ᠎ᠤ ᠤᠯᠤᠰ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠪᠠᠰᠠ ᠴᠤ᠌ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠂ ᠱᠢᠨ᠎ᠡ ᠵᠠᠮ᠎ᠢ ᠲᠦᠷᠭᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠪᠠᠰᠠ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ ᠨᠠᠶᠠᠨ ᠵᠢᠯ᠎ᠦᠨ ᠤᠢ᠎ᠶ᠋ᠢ ᠤᠭ᠍ᠲᠤᠬᠤ ᠪᠣᠯᠤᠨ᠎ᠠ᠃ ᠶᠡᠷᠦᠩᠬᠡᠢ ᠱᠦᠵᠢ ᠰᠢ᠎ᠵᠢᠨ᠎ᠫᠢᠩ ᠪᠣᠯᠤᠨ ᠨᠠᠮ᠎ᠤᠨ ᠲᠥᠪ ᠬᠣᠷᠢᠶ᠎ᠠ᠎ᠶᠢᠨ ᠬᠠᠯᠠᠮᠵᠢᠯᠠᠯ ᠵᠢᠯᠤᠭᠤᠳᠤᠯᠭ᠎ᠠ ᠲᠠᠢ᠂ ᠨᠠᠮ ᠪᠣᠯᠤᠨ ᠤᠯᠤᠰ᠎ᠤᠨ ᠠᠯᠢ ᠤᠯᠠᠨ ᠴᠢᠬᠤᠯᠠ ᠶᠡᠬᠡ ᠳᠡᠮᠵᠢᠯᠭᠡ᠎ᠶ᠋ᠢᠨ ᠲᠦᠷᠦ᠍᠎ᠶ᠋ᠢᠨ ᠪᠤᠳᠤᠯᠭ᠎ᠠ ᠲᠠᠢ᠎ᠡᠴᠡ ᠪᠦᠬᠦ᠌ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠦ ᠮᠠᠰᠢ ᠤᠯᠠᠨ ᠠᠱᠢᠭ᠍ᠲᠠᠢ ᠨᠥᠬᠥᠴᠡᠯ᠎ᠢ ᠪᠦᠷᠢᠯᠳᠦᠭᠦᠯᠵᠡᠢ᠃ ᠡᠭᠦᠨ᠎ᠦ ᠬᠠᠮᠲᠤ᠂ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠮᠥᠨ ᠲᠤᠪᠤᠢ᠌ᠮ᠎ᠠ ᠪᠠᠢᠵᠤ᠂ ᠲᠤᠯᠭᠠᠷᠠᠵᠤ ᠪᠠᠢᠭ᠎ᠠ ᠠᠶᠤᠯ ᠲᠦᠭ᠌ᠰᠢᠭᠦᠷᠢ ᠥᠷᠢᠰᠥᠯᠳᠦᠭᠡᠨ᠎ᠢ ᠣᠮᠲᠣᠭᠠᠢᠯᠠᠵᠤ ᠪᠣᠯᠬᠤ ᠦᠭᠡᠢ᠃ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠵᠠᠪᠠᠯ ᠢᠯᠠᠬᠤ ᠢᠲᠡᠭᠡᠯ᠎ᠢᠶᠡᠨ ᠴᠢᠩᠭᠠᠳᠭᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠰᠡᠳᠭᠢᠬᠦᠢ᠎ᠪᠡᠷ ᠳᠠᠪᠠᠭᠤᠯᠢᠭ᠎ᠢᠶᠠᠨ ᠪᠠᠳᠠᠷᠠᠭᠤᠯᠵᠤ᠂ ᠳᠤᠲᠠᠭᠤᠳᠠᠯ᠎ᠢᠶᠠᠨ ᠨᠥᠬᠥᠪᠥᠷᠢᠯᠡᠵᠦ᠍᠂ ᠪᠠᠭᠤᠷᠠᠢ ᠲᠠᠯ᠎ᠠ᠎ᠪᠠᠨ ᠬᠦᠴᠦᠷᠬᠡᠭ᠌ᠵᠢᠭᠦᠯᠵᠦ᠍᠂ ᠲᠡᠦᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠎ᠪᠠᠷ ᠬᠦᠴᠢᠷ᠎ᠢ ᠲᠤᠭᠤᠯᠵᠤ᠂ ᠠᠶᠤᠯ ᠲᠦᠭ᠌ᠰᠢᠭᠦᠷᠢ᠎ᠶ᠋ᠢ ᠢᠯᠠᠨ ᠳᠠᠪᠠᠵᠤ᠂ ᠥᠷᠢᠰᠥᠯᠳᠦᠭᠡᠨ᠎ᠢ ᠤᠭ᠍ᠲᠤᠵᠤ᠂ ᠴᠥᠬᠥᠷᠡᠰᠢ ᠦᠭᠡᠢ ᠴᠢᠷᠮᠠᠢᠵᠤ᠂ ᠦᠷᠭᠦᠯᠵᠢᠯᠡᠨ ᠲᠡᠮᠡᠴᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠰᠠᠢᠳᠤᠷ ᠪᠢᠴᠢᠭ᠌ᠯᠡᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
ᠪᠦᠬᠦᠳᠡ ᠬᠤᠷᠠᠯ᠎ᠡᠴᠡ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠤ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ ᠨᠢ ᠡᠷᠬᠡᠪᠰᠢ ᠮᠠᠷᠺᠰ ᠯᠧᠨᠢᠨ᠎ᠦ ᠦᠵᠡᠯ᠂ ᠮᠠᠤ ᠽᠸ ᠳ᠋ᠦᠩ᠎ᠦᠨ ᠦᠵᠡᠯ ᠰᠠᠨᠠᠭ᠎ᠠ᠂ ᠳ᠋ᠧᠩ ᠱᠢᠶᠣᠤ ᠫᠢᠩ᠎ᠦᠨ ᠣᠨᠣᠯ᠂ 《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶᠢ ᠪᠠᠷᠢᠮᠳᠠᠯᠠᠵᠤ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠶ ᠪᠠᠢᠷᠢᠰᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 《ᠳᠥᠷᠪᠡᠨ ᠪᠦᠬᠦ᠌ ᠲᠠᠯ᠎ᠠ》᠎ᠶᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠰᠢᠭᠤᠯᠤᠯᠲᠠ᠎ᠶ᠋ᠢ ᠵᠣᠬᠢᠴᠠᠩᠭᠤᠢ ᠠᠬᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠ᠎ᠪᠠᠷ ᠭᠣᠣᠯᠳᠠᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠰᠡᠳᠦᠪ ᠪᠣᠯᠭᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠦᠨᠳᠦᠰᠦᠨ ᠬᠥᠳᠡᠯᠭᠡᠬᠦ᠌ ᠬᠦᠴᠦᠨ ᠪᠣᠯᠭᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠪᠠᠷ ᠦᠨᠳᠦᠰᠦᠨ ᠵᠣᠷᠢᠯᠭ᠎ᠠ ᠪᠣᠯᠭᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠪᠠᠷ ᠦᠨᠳᠦᠰᠦᠨ ᠪᠠᠲᠤᠯᠠᠭ᠎ᠠ ᠪᠣᠯᠭᠠᠵᠤ᠂ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠦ ᠵᠣᠬᠢᠰᠲᠠᠶ ᠨᠡᠮᠡᠭ᠌ᠳᠡᠯ᠎ᠢ ᠠᠬᠢᠭᠤᠯᠵᠤ᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠎ᠶᠢ ᠠᠬᠢᠭᠤᠯᠬᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠲᠠᠯ᠎ᠠ᠎ᠪᠠᠷ ᠯᠠᠪᠳᠠᠭᠤᠨ ᠪᠠᠲᠤᠲᠠᠢ ᠠᠯᠬᠤᠭ᠎ᠠ᠎ᠪᠠᠷ ᠠᠯᠬᠤᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠪᠦᠲᠦᠭᠡᠨ ᠪᠠᠢᠭᠤᠯᠬᠤ ᠲᠠᠯ᠎ᠠ᠎ᠪᠠᠷ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠪᠦᠬᠦ ᠤᠯᠤᠰ ᠲᠠᠢ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠢᠢᠳᠪᠦᠷᠢᠯᠡᠭᠴᠢ ᠴᠢᠨᠠᠷᠲᠠᠢ ᠠᠬᠢᠴᠠ᠎ᠲᠠᠶ ᠪᠣᠯᠬᠤ᠎ᠶ᠋ᠢ ᠪᠠᠲᠤᠯᠠᠬᠤ ᠬᠡᠷᠡᠭᠳᠠᠢ ᠭᠡᠵᠤ ᠴᠢᠬᠤᠯᠠᠴᠢᠯᠠᠪᠠ᠃
ᠪᠥᠬᠥᠳᠡ ᠬᠤᠷᠠᠯ᠎ᠡᠴᠡ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠤ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ᠂ ᠡᠷᠬᠡᠪᠰᠢ 《ᠬᠣᠶᠠᠷ᠎ᠢ ᠲᠣᠭ᠍ᠲᠠᠭᠠᠬᠰᠡᠨ》᠎ᠤ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》᠎ᠢᠶᠠᠨ ᠴᠢᠩᠭᠠᠳᠭᠠᠵᠤ᠂ 《ᠳᠥᠷᠪᠡᠨ ᠢᠲᠡᠭᠡᠯ》᠎ᠢᠶᠠᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠍᠂ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠪᠠᠷᠢᠮᠲᠠᠯᠠᠵᠤ᠂ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠵᠤ᠂ ᠪᠦᠲᠦᠮᠵᠢᠲᠡᠶ ᠵᠠᠬ᠎ᠠ ᠳᠡᠯᠭᠡᠭᠦᠷ ᠪᠠ ᠵᠢᠳᠬᠦᠯ ᠴᠢᠷᠮᠠᠢᠯᠭ᠎ᠠ ᠲᠠᠶ ᠵᠠᠰᠠᠭ᠎ᠤᠨ ᠣᠷᠳᠣᠨ᠎ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠬᠦ᠌᠎ᠶ᠋ᠢ ᠪᠠᠷᠢᠮᠲᠠᠯᠠᠬᠤ ᠬᠡᠷᠡᠭ᠌ᠲᠡᠶ ᠭᠡᠵᠤ ᠵᠢᠭᠠᠵᠤ ᠭᠠᠷᠭᠠᠪᠠ᠃
ᠪᠥᠬᠥᠳᠡ ᠬᠤᠷᠠᠯ᠎ᠡᠴᠡ 《ᠠᠷᠪᠡᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠠᠬᠢ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠬᠠᠷᠠᠯᠲᠠ᠎ᠶ᠋ᠢ ᠳᠤᠷᠠᠳᠴᠠᠶ᠄ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠵᠢᠨ ᠱᠢᠨ᠎ᠡ ᠦᠷ᠎ᠡ ᠪᠦᠲᠦᠮᠵᠢ ᠣᠯᠬᠤ᠎ᠶᠢ ᠠᠬᠢᠭᠤᠯᠵᠦ᠂ ᠴᠢᠨᠠᠷ ᠰᠠᠢᠲᠠᠶ ᠬᠥᠭ᠌ᠵᠢᠯᠲᠡ᠎ᠶᠢᠨ ᠱᠢᠨ᠎ᠡ ᠦᠰᠦᠷᠦᠯᠲᠡ᠎ᠶ᠋ᠢ ᠪᠡᠶᠡᠯᠡᠭᠦᠯᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢ ᠱᠢᠨ᠎ᠡ ᠳᠡᠭ᠌ᠲᠡᠷ᠎ᠲᠦ ᠭᠠᠷᠭᠠᠵᠤ᠂ ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠦᠨ ᠱᠢᠨ᠎ᠡ ᠱᠢᠪᠲᠤᠯᠤᠯᠲᠠ᠎ᠶ᠋ᠢ ᠪᠡᠶᠡᠯᠡᠭᠦᠯᠦᠨ᠂ ᠨᠡᠢᠭᠡᠮ᠎ᠦᠨ ᠪᠣᠯᠪᠠᠰᠤᠨ᠎ᠤ ᠬᠡᠮᠵᠢᠶ᠎ᠡ᠎ᠶ᠋ᠢ ᠱᠢᠨ᠎ᠡ ᠳᠡᠭᠡᠭ᠌ᠰᠢᠯᠡᠯᠲᠡ᠎ᠲᠡᠶ ᠪᠣᠯᠭᠠᠵᠤ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠱᠢᠨ᠎ᠡ ᠳᠡᠭᠡᠭ᠌ᠰᠢᠯᠡᠯᠲᠡ᠎ᠵᠢ ᠪᠠᠶᠠᠯᠡᠬᠦᠯᠦᠨ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠱᠢᠨ᠎ᠡ ᠦᠨᠳᠦᠷᠴᠡ᠎ᠳ᠋ᠤ ᠬᠦᠷᠭᠡᠵᠦ᠂ ᠠᠮᠤᠭᠤᠯᠠᠩᠳᠤ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠡᠭᠦᠳᠬᠦ᠎ᠶᠢ ᠠᠬᠢᠭᠤᠯᠤᠨ᠎ᠠ᠃ ᠡᠨᠡ ᠬᠦ᠌ ᠰᠠᠭᠤᠷᠢᠨ ᠳᠡᠭᠡᠷ᠎ᠡ ᠲᠠᠬᠢᠨ ᠲᠠᠪᠤᠨ ᠵᠢᠯ ᠲᠡᠮᠡᠴᠡᠵᠦ᠍᠂ 2035 ᠣᠨ ᠪᠣᠯᠬᠤ᠎ᠳᠤ ᠪᠦᠬᠦ᠌ ᠣᠷᠣᠨ᠎ᠤ ᠶᠡᠷᠦᠩᠬᠡᠢᠯᠡᠭ᠌ᠰᠡᠨ ᠠᠵᠤ ᠠᠬᠤᠢ᠎ᠶ᠋ᠢᠨ ᠪᠣᠳᠠᠲᠤ ᠬᠦᠴᠦᠨ ᠶᠡᠬᠡᠪᠡᠷ ᠳᠡᠭᠡᠭ᠌ᠰᠢᠯᠡᠵᠦ᠍᠂ ᠬᠥᠮᠦᠨ ᠳᠤᠮᠳᠠᠴᠢ᠎ᠶ᠋ᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ ᠪᠣᠯᠤᠨ ᠰᠠᠭᠤᠭᠠᠯᠢ ᠠᠷᠠᠳ᠎ᠤᠨ ᠣᠷᠣᠯᠭ᠎ᠠ ᠨᠡᠩ ᠥᠨᠳᠥᠷ ᠳᠡᠭ᠌ᠲᠡᠷ᠎ᠲᠦ ᠭᠠᠷᠴᠤ᠌᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢᠨ ᠦᠢᠯᠡᠳᠦᠯ ᠤᠯᠠᠮ ᠨᠢᠭᠡ ᠠᠯᠬᠤᠮ ᠳᠡᠭᠡᠭ᠌ᠰᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠬᠠᠮᠲᠤ᠎ᠪᠠᠷ ᠪᠠᠶᠠᠵᠢᠬᠤ᠎ᠶᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠵᠤ᠂ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠂ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠦᠳᠦᠭᠡᠨ ᠪᠠᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠵᠤ᠂ ᠪᠦᠬᠦ᠌ ᠤᠯᠤᠰ᠎ᠲᠠᠢ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ᠃
ᠪᠥᠬᠥᠳᠡ ᠬᠤᠷᠠᠯ᠎ᠡᠴᠡ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠭᠡᠷᠡᠭᠳᠠᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ ᠪᠠ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠶ᠋ᠯ᠎ᠦᠨ ᠠᠵᠢᠯ᠎ᠤᠨ ᠭᠤᠤᠯ ᠱᠢᠵᠢᠮ᠎ᠢ ᠪᠠᠲᠤ ᠡᠵᠡᠮᠳᠡᠵᠦ᠍᠂ ᠭᠤᠤᠯ ᠱᠢᠵᠢᠮ᠎ᠤᠨ ᠱᠠᠭᠠᠷᠳᠠᠯᠭ᠎ᠠ᠎ᠶ᠋ᠢ ᠪᠥᠬᠥ᠌ ᠣᠷᠣᠨ᠎ᠤ ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ᠂ ᠤᠯᠤᠰ ᠲᠥᠷᠥ᠎ᠶ᠋ᠢᠨ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠨᠡᠢᠭᠡᠮ᠎ᠦᠨ ᠪᠠᠢᠭᠤᠯᠤᠯᠲᠠ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ ᠪᠠ ᠨᠠᠮ᠎ᠤᠨ ᠪᠠᠢᠭᠤᠯᠤᠯᠲᠠ ᠵᠡᠷᠭᠡ ᠡᠯ᠎ᠡ ᠵᠦᠶ᠋ᠯ᠎ᠦᠨ ᠠᠵᠢᠯ᠎ᠳᠤ ᠪᠣᠳᠠᠲᠠᠶ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ᠃ ᠭᠣᠣᠯ ᠱᠢᠵᠢᠮ᠎ᠦᠨ ᠱᠠᠭᠠᠷᠳᠠᠯᠭ᠎ᠠ᠎ᠶ᠋ᠢ ᠲᠤᠭᠤᠱᠢᠯᠠᠭᠤᠯᠬᠤ ᠲᠦᠷᠢᠮ ᠲᠣᠭ᠍ᠲᠠᠴᠠ᠎ᠶ᠋ᠢ ᠪᠦᠷᠢᠨᠱᠢᠬᠦᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠨᠤᠯ᠎ᠤᠨ ᠰᠤᠳᠤᠯᠭᠠᠨ ᠪᠣᠯᠤᠨ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠭᠦᠨᠵᠡᠭᠡᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ᠌ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ ᠭᠡᠵᠤ ᠲᠤᠷᠠᠳᠪᠠ᠃
ᠪᠥᠬᠥᠳᠡ ᠬᠤᠷᠠᠯ᠎ᠡᠴᠡ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠭᠡᠷᠡᠭᠳᠠᠢ᠃ ᠨᠤᠮᠢᠨ ᠤᠰᠤ ᠬᠦᠭᠡᠮᠳᠦᠭ ᠠᠭᠤᠯᠠ ᠪᠣᠯ ᠠᠯᠳᠠᠨ ᠠᠭᠤᠯᠠ ᠮᠥᠩᠭᠥᠨ ᠬᠠᠢᠷᠬᠠᠨ ᠮᠥᠨ ᠭᠡᠬᠦ᠌ ᠤᠢ᠍ᠢᠯᠠᠭᠠᠭ᠍ᠳᠠᠬᠤᠨ᠎ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠨᠡᠮᠡᠭ᠌ᠳᠡᠯ᠎ᠢ ᠬᠠᠮᠵᠢᠯᠴᠠᠨ ᠠᠬᠢᠭᠤᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠪᠠᠷ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠬᠦ᠌ ᠬᠡᠷᠡᠭ᠌ᠲᠡᠢ᠃ 《ᠤᠮᠠᠷᠠᠳᠤ᠎ᠶᠢᠨ ᠭᠤᠷᠪᠡᠨ ᠤᠷᠤᠨ》᠎ᠤ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠣᠯᠵᠤ᠂ ᠴᠢᠬᠤᠯᠠ ᠠᠮᠢ ᠠᠬᠤᠢ᠎ᠶ᠋ᠢᠨ ᠱᠢᠰᠲ᠋ᠧᠮ᠎ᠢ ᠬᠠᠮᠠᠭᠠᠯᠠᠬᠤ ᠪᠠ ᠰᠡᠷᠭᠦᠭᠡᠬᠦ᠌᠎ᠶ᠋ᠢ ᠴᠢᠩᠭᠠᠳᠭᠠᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠦᠬᠦ᠌ ᠬᠦᠴᠦ᠍᠎ᠪᠡᠷ᠎ᠢᠶᠡᠨ ᠰᠠᠢᠲᠤᠷ ᠬᠢᠵᠦ᠍᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠡᠷᠬᠢᠯᠳᠡᠳᠤ ᠬᠥᠭ᠌ᠵᠢᠯᠲᠡ᠎ᠶ᠋ᠢ ᠠᠬᠢᠭᠤᠯᠵᠤ᠂ ᠠᠮᠢ ᠠᠬᠤᠢ᠎ᠶ᠋ᠢᠨ ᠪᠣᠯᠪᠠᠰᠤᠨ᠎ᠤ ᠲᠦᠷᠢᠮ᠎ᠦᠨ ᠱᠢᠰᠲ᠋ᠧᠮ᠎ᠢ ᠪᠦᠷᠢᠨᠱᠢᠬᠦᠯᠬᠦ᠌ ᠬᠡᠷᠡᠭ᠌ᠲᠡᠢ ᠭᠡᠵᠤ ᠲᠤᠷᠠᠳᠪᠠ᠃
ᠪᠥᠬᠥᠳᠡ ᠬᠤᠷᠠᠯ᠎ᠡᠴᠡ᠂ ᠤᠯᠤᠰ᠎ᠤᠨ ᠠᠮᠤᠷ ᠲᠦᠪᠱᠢᠨ᠎ᠦ ᠱᠢᠰᠲ᠋ᠧᠮ ᠪᠣᠯᠤᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠭᠡᠷᠡᠭᠳᠠᠢ᠃ ᠤᠯᠤᠰ᠎ᠤᠨ ᠶᠡᠷᠦᠩᠬᠡᠶ ᠠᠮᠤᠷ ᠲᠦᠪᠱᠢᠨ᠎ᠦ ᠦᠵᠡᠯᠲᠡ᠎ᠶ᠋ᠢ ᠭᠦᠨᠵᠡᠭᠡᠶ ᠲᠤᠭᠤᠰᠢᠯᠠᠭᠤᠯᠤᠨ᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠪᠠᠢᠭᠤᠯᠤᠯ ᠲᠣᠭ᠍ᠲᠠᠴᠠ᠎ᠶ᠋ᠢ ᠪᠦᠷᠢᠨᠱᠢᠭᠦᠯᠵᠦ᠍᠂ ᠡᠯ᠎ᠡ ᠲᠥᠷᠥᠯ᠎ᠦᠨ ᠲᠦᠭ᠌ᠰᠢᠭᠦᠷᠢ᠎ᠶ᠋ᠢᠨ ᠭᠡᠮ ᠰᠤᠭᠤᠭ᠎ᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠥᠪᠥᠷ ᠮᠣᠩᠭᠣᠯ᠎ᠤᠨ ᠲᠣᠭ᠍ᠲᠠᠭᠤᠨ ᠪᠠᠢᠳᠠᠯ᠎ᠢᠶᠠᠷ ᠬᠢᠯᠢ ᠬᠢᠵᠠᠭᠠᠷ᠎ᠤᠨ ᠠᠮᠤᠷ ᠲᠦᠪᠱᠢᠨ᠎ᠢ ᠬᠠᠮᠠᠭᠠᠯᠠᠨ᠂ ᠨᠡᠢᠰᠯᠡᠯ᠎ᠦᠨ ᠠᠮᠤᠷ ᠲᠦᠪᠱᠢᠨ᠎ᠢ ᠬᠠᠮᠠᠭᠠᠯᠠᠬᠤ ᠭᠡᠷᠡᠭᠳᠠᠢ᠃ ᠤᠯᠤᠰ᠎ᠤᠨ ᠤᠯᠤᠰ ᠲᠥᠷᠥ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠵᠤ᠂ ᠭᠤᠤᠯᠳᠠᠯᠭ᠎ᠠ᠎ᠲᠠᠶ ᠬᠦᠷᠢᠶᠡᠨᠳ᠋ᠡᠭᠢ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠨᠡᠢᠭᠡᠮ᠎ᠦᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠬᠢᠯᠢ ᠬᠢᠵᠠᠭᠠᠷ᠎ᠢ ᠬᠥᠭ᠌ᠵᠢᠭᠦᠯᠦᠨ ᠬᠢᠯᠢ ᠬᠢᠵᠠᠭᠠᠷ᠎ᠢ ᠲᠣᠭ᠍ᠲᠠᠭᠤᠨ ᠪᠠᠢᠯᠭᠠᠵᠤ ᠬᠢᠯᠢ ᠬᠢᠵᠠᠭᠠᠷ᠎ᠢ ᠪᠡᠬᠢᠵᠢᠭᠦᠯᠬᠦ᠌᠎ᠶ᠋ᠢ ᠭᠦᠨᠵᠡᠭᠡᠢᠷᠡᠭᠦᠯᠬᠦ᠌ ᠬᠡᠷᠡᠭ᠌ᠲᠡᠶ ᠭᠡᠵᠤ ᠲᠤᠷᠠᠳᠪᠠ᠃
ᠪᠦᠬᠦᠳᠡ ᠬᠤᠷᠠᠯ᠎ᠡᠴᠡ᠂ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢ ᠶᠡᠬᠡᠪᠡᠷ ᠬᠥᠭ᠌ᠵᠢᠭᠦᠯᠵᠦ᠍᠂ ᠤᠯᠤᠰ᠎ᠤᠨ ᠴᠢᠬᠤᠯᠠ ᠡᠨᠧᠷᠭᠢ᠎ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠳᠦᠭᠡᠨ ᠪᠠᠢᠭᠤᠯᠬᠤ ᠭᠡᠷᠡᠭᠳᠠᠢ᠃ ᠡᠨᠧᠷᠭᠢ᠎ᠶ᠋ᠢᠨ ᠬᠤᠪᠢᠰᠭᠠᠯ᠎ᠢ ᠭᠦᠨᠵᠡᠭᠡᠢ ᠠᠬᠢᠭᠤᠯᠵᠤ᠂ ᠡᠨᠧᠷᠭᠢ᠎ᠶ᠋ᠢᠨ ᠲᠠᠯ᠎ᠠ᠎ᠪᠠᠷ ᠬᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠠᠮᠲᠤᠷᠠᠯᠴᠠᠭ᠎ᠠ᠎ᠶ᠋ᠢ ᠴᠢᠩᠭᠠᠳᠭᠠᠨ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠠᠭᠤᠷᠬᠠᠢ᠎ᠶ᠋ᠢᠨ ᠡᠬᠢ ᠪᠠᠶᠠᠯᠢᠭ᠎ᠢ ᠬᠠᠢᠨ ᠱᠢᠨᠵᠢᠯᠡᠵᠦ᠍ ᠨᠡᠭᠡᠭᠡᠨ ᠠᠱᠢᠭ᠍ᠯᠠᠬᠤ ᠪᠠ ᠨᠥᠭᠡᠴᠡᠯᠡᠬᠦ᠌᠎ᠶ᠋ᠢ ᠴᠢᠩᠭᠠᠳᠭᠠᠵᠤ᠂ ᠠᠷᠢᠭᠤᠨ ᠴᠡᠪᠡᠷ ᠪᠥᠭᠡᠳ ᠪᠠᠭ᠎ᠠ ᠨᠡᠭᠦᠷᠡᠰᠦᠲᠥ᠋ᠷᠥᠭ᠌ᠴᠢᠳᠤ᠂ ᠠᠮᠤᠷ ᠲᠦᠪᠱᠢᠨ ᠪᠥᠭᠡᠳ ᠥᠨᠳᠥᠷ ᠪᠦᠲᠦᠮᠵᠢᠲᠡᠢ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠎ᠢ ᠪᠠᠢᠭᠤᠯᠤᠨ᠂ ᠪᠠᠢᠯᠳᠤᠬᠤ ᠪᠤᠳᠤᠯᠭ᠎ᠠ᠎ᠶᠢᠨ ᠡᠬᠢ ᠪᠠᠶᠠᠯᠢᠭ᠎ᠤᠨ ᠠᠵᠤ ᠦᠢᠯᠡᠰ᠎ᠢ ᠬᠥᠭ᠌ᠵᠢᠭᠦᠯᠵᠦ᠂ ᠤᠯᠤᠰ᠎ᠤᠨ ᠡᠨᠧᠷᠭᠢ᠎ᠶᠢᠨ ᠡᠬᠢ ᠪᠠᠶᠠᠯᠢᠭ᠎ᠤᠨ ᠠᠮᠤᠷ ᠲᠦᠪᠱᠢᠨ᠎ᠢ ᠨᠡᠩ ᠰᠠᠢᠲᠤᠷ ᠪᠠᠲᠤᠯᠠᠬᠤ ᠭᠡᠷᠡᠭᠳᠠᠢ᠃ ᠤᠯᠠᠮᠵᠢᠯᠠᠯᠲᠤ ᠡᠨᠧᠷᠭᠢ᠎ᠶ᠋ᠢᠨ ᠦᠨᠳᠦᠰᠦᠨ ᠵᠦᠢᠯ᠎ᠢ ᠪᠠᠲᠤᠯᠠᠬᠤ ᠴᠢᠳᠠᠪᠤᠷᠢ᠎ᠶ᠋ᠢ ᠴᠢᠩᠭᠠᠳᠭᠠᠵᠤ᠂ ᠱᠢᠨ᠎ᠡ ᠡᠨᠧᠷᠭᠢ᠎ᠶ᠋ᠢ ᠨᠡᠭᠡᠭᠡᠨ ᠠᠱᠢᠭ᠍ᠯᠠᠬᠤ ᠲᠦᠪᠱᠢᠨ᠎ᠢ ᠳᠡᠭᠡᠭ᠌ᠰᠢᠯᠡᠭᠦᠯᠵᠦ᠍᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠠᠭᠤᠷᠬᠠᠢ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ᠎ᠶ᠋ᠢ ᠴᠢᠩᠭᠠᠳᠭᠠᠬᠤ ᠬᠡᠷᠡᠭ᠌ᠲᠡᠢ ᠭᠡᠵᠤ ᠲᠤᠷᠠᠳᠪᠠ᠃
ᠪᠥᠬᠥᠳᠡ ᠬᠤᠷᠠᠯ᠎ᠡᠴᠡ᠂ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ᠎ᠶ᠋ᠢ ᠲᠦᠷᠭᠡᠳᠭᠡᠵᠦ᠍᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ ᠭᠡᠷᠡᠭᠳᠠᠢ᠃ ᠭᠠᠷᠤᠯᠲᠠ ᠪᠠ ᠦᠶ᠋ᠯᠡᠳᠪᠦᠷᠢᠯᠡᠯ᠎ᠦᠨ ᠴᠢᠳᠠᠪᠤᠷᠢ᠂ ᠦᠶ᠋ᠯᠡᠳᠪᠦᠷᠢᠯᠡᠯ ᠪᠠ ᠠᠮᠢ ᠠᠬᠤᠶ᠂ ᠭᠠᠷᠤᠯᠲᠠ ᠪᠠ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠵᠡᠷᠭᠡ᠎ᠪᠠᠷ ᠠᠳᠭᠤᠬᠤ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠮᠠᠯ ᠠᠵᠤ ᠠᠬᠤᠶ ᠲᠠᠷᠢᠶᠠᠯᠠᠩ᠂ ᠪᠣᠬᠢᠷᠲᠤᠯ ᠥᠬᠡᠶ ᠮᠠᠯ ᠠᠵᠤ ᠠᠬᠤᠶ ᠲᠠᠷᠢᠶᠠᠯᠠᠩ᠂ ᠴᠢᠨᠠᠷ ᠰᠠᠢᠳᠠᠢ ᠮᠠᠯ ᠠᠵᠤ ᠠᠬᠤᠶ ᠲᠠᠷᠢᠶᠠᠯᠠᠩ᠂ ᠲᠦᠷᠦᠯ ᠲᠡᠮᠳᠡᠭᠳᠦ ᠮᠠᠯ ᠠᠵᠤ ᠠᠬᠤᠶ ᠲᠠᠷᠢᠶᠠᠯᠠᠩ᠎ᠢ ᠨᠢᠭᠡᠳᠦᠯᠲᠡᠶ ᠲᠥᠯᠥᠪᠵᠢᠭᠦᠯᠦᠨ ᠬᠥᠭ᠌ᠵᠢᠭᠦᠯᠵᠦ᠍᠂ ᠬᠥᠳᠡᠭᠡ ᠲᠣᠰᠭᠣᠨ᠎ᠤ ᠴᠢᠨᠠᠷ ᠰᠠᠢᠲᠠᠶ ᠠᠮᠢᠳᠤᠷᠠᠯ᠎ᠤᠨ ᠣᠷᠣᠨ ᠵᠠᠶ᠎ᠶ᠋ᠢ ᠡᠭᠦᠳᠴᠦ᠍᠂ ᠮᠠᠯ ᠠᠵᠤ ᠠᠬᠤᠶ ᠲᠠᠷᠢᠶᠠᠯᠠᠩ᠎ᠤᠨ ᠬᠦᠴᠦᠷᠬᠡᠭ ᠣᠷᠣᠨ ᠪᠠ ᠣᠷᠣᠱᠢᠨ ᠰᠠᠭᠤᠵᠤ ᠦᠶ᠋ᠯᠡᠰ ᠪᠤᠰᠭᠠᠬᠤ᠎ᠳᠤ ᠲᠣᠬᠢᠷᠠᠮᠵᠢᠲᠠᠶ ᠪᠠ ᠡᠶ᠎ᠠ ᠨᠠᠢᠷᠠᠮᠳᠠᠭᠤ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠥᠲᠥᠭᠡᠨ ᠪᠠᠢᠭᠤᠯᠬᠤ ᠭᠡᠷᠡᠭᠳᠠᠢ᠃ ᠮᠠᠯ ᠠᠵᠤ ᠠᠬᠤᠶ ᠲᠠᠷᠢᠶᠠᠯᠠᠩ᠎ᠤᠨ ᠶᠡᠷᠦᠩᠬᠡᠢᠯᠡᠭ᠌ᠰᠡᠨ ᠦᠶ᠋ᠯᠡᠳᠪᠦᠷᠢᠯᠡᠯ᠎ᠦᠨ ᠴᠢᠳᠠᠪᠤᠷᠢ ᠪᠣᠯᠤᠨ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠤᠨ ᠪᠤᠯᠪᠠᠰᠤᠷᠠᠭᠤᠯᠬᠤ ᠪᠠ ᠪᠣᠬᠢᠷᠲᠤᠯ ᠥᠬᠡᠶ ᠣᠷᠭᠠᠨᠢᠭ ᠲᠥᠷᠥᠯ ᠲᠡᠮᠳᠡᠭ᠎ᠢ ᠱᠢᠯᠢᠳᠡᠭ᠌ᠵᠢᠭᠦᠯᠵᠦ᠍᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠲᠥᠷᠥᠯ ᠬᠤᠪᠢᠶᠠᠨ ᠡᠮᠬᠢ ᠵᠢᠷᠤᠮ᠎ᠲᠠᠶ᠎ᠪᠠᠷ ᠠᠬᠢᠭᠤᠯᠵᠤ᠂ ᠬᠦᠳᠡᠭᠡ ᠠᠵᠤ ᠠᠬᠤᠢ ᠵᠢ ᠬᠦᠴᠦᠷᠬᠡᠭ᠌ᠵᠢᠭᠦᠯᠵᠦ᠍ ᠲᠠᠷᠢᠶᠠᠴᠢᠳ᠎ᠲᠤ ᠠᠱᠢᠭ ᠬᠦᠷᠲᠡᠭᠡᠵᠦ᠍ ᠲᠠᠷᠢᠶᠠᠴᠢᠳ᠎ᠢ ᠪᠠᠶᠠᠵᠢᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠤ ᠲᠤᠷᠠᠳᠪᠠ᠃
ᠪᠥᠬᠥᠳᠡ ᠬᠤᠷᠠᠯ᠎ᠡᠴᠡ᠂ ᠳᠣᠲᠣᠭᠠᠳᠤ ᠭᠠᠳᠠᠭᠠᠳᠤ ᠨᠡᠭᠡᠭᠡᠯᠲᠡ᠎ᠶ᠋ᠢ ᠪᠥᠬᠥ᠌ ᠲᠠᠯ᠎ᠠ᠎ᠪᠠᠷ ᠥᠷᠭᠡᠳᠭᠡᠵᠦ᠍᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠠᠢᠭᠤᠯᠬᠤ ᠭᠡᠷᠡᠭᠲᠡᠢ᠃ ᠳᠣᠲᠣᠭᠠᠳᠤ ᠭᠠᠳᠠᠭᠠᠳᠤ ᠨᠡᠭᠡᠭᠡᠯᠲᠡ᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠣᠷᠣᠯᠴᠠᠵᠤ᠂ 《ᠬᠠᠲᠠᠭᠤ ᠬᠤᠯᠪᠤᠯᠳᠤᠯ》᠂ 《ᠵᠥᠭᠡᠯᠡᠨ ᠬᠤᠯᠪᠤᠯᠳᠤᠯ》᠂ 《ᠰᠡᠳᠭᠢᠯ᠎ᠦᠨ ᠬᠤᠯᠪᠤᠯᠳᠤᠯ》᠎ᠶᠢ ᠭᠦᠨᠵᠡᠭᠡᠢᠷᠡᠭᠦᠯᠵᠦ᠍᠂ ᠳᠣᠲᠣᠭᠠᠳᠤ ᠭᠠᠳᠠᠭᠠᠳᠤ᠎ᠶ᠋ᠢ ᠬᠣᠯᠪᠣᠭ᠍ᠰᠠᠨ᠂ ᠡᠷᠬᠢᠨ ᠲᠣᠭᠣᠷᠢᠨ᠎ᠢ ᠨᠥᠯᠥᠭᠡᠯᠡᠭ᠌ᠰᠡᠨ᠂ ᠡᠬᠢ ᠪᠠᠶᠠᠯᠢᠭ᠎ᠢ ᠲᠥᠪᠯᠡᠷᠡᠭᠦᠯᠵᠦ᠍ ᠲᠠᠷᠬᠠᠭᠠᠭ᠍ᠰᠠᠨ᠂ ᠬᠦᠴᠦᠨ ᠵᠦᠶ᠋ᠯ᠎ᠢ ᠠᠭᠤᠰᠤᠯᠴᠠᠭᠤᠯᠤᠨ ᠨᠡᠪᠲᠡᠷᠡᠯᠴᠡᠭᠦᠯᠦᠭ᠌ᠰᠡᠨ ᠪᠥᠬᠥ᠌ ᠣᠷᠣᠨ ᠪᠦᠰᠡ᠎ᠶ᠋ᠢᠨ ᠨᠡᠭᠡᠭᠡᠯᠲᠡ᠎ᠶ᠋ᠢᠨ ᠲᠠᠪᠴᠠᠩ᠎ᠢ ᠪᠠᠢᠭᠤᠯᠬᠤ ᠭᠡᠷᠡᠭᠲᠡᠢ᠃ ᠳᠣᠲᠣᠭᠠᠳᠤ ᠨᠡᠭᠡᠭᠡᠯᠳᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠭᠠᠳᠠᠭ᠍ᠰᠢ ᠨᠡᠭᠡᠭᠡᠯᠳᠡ ᠬᠢᠬᠦ᠌ ᠲᠠᠪᠴᠠᠩ ᠪᠠ ᠨᠡᠪᠲᠡᠷᠡᠬᠦ᠌ ᠵᠠᠮ᠎ᠤᠨ ᠪᠠᠢᠭᠤᠯᠤᠯᠲᠠ᠎ᠶ᠋ᠢ ᠴᠢᠩᠭᠠᠳᠭᠠᠨ᠂ ᠨᠡᠭᠡᠭᠡᠯᠲᠡᠲᠦ ᠮᠠᠶᠢᠭ᠎ᠤᠨ ᠠᠵᠤ ᠠᠬᠤᠢ᠎ᠶ᠋ᠢ ᠶᠡᠬᠡᠪᠡᠷ ᠬᠥᠭ᠌ᠵᠢᠭᠦᠯᠬᠦ᠌ ᠬᠡᠷᠡᠭ᠌ᠲᠡᠢ ᠭᠡᠵᠦ ᠳᠤᠷᠠᠳᠤᠨ ᠭᠠᠷᠭᠠᠪᠠ᠃
ᠪᠥᠬᠥᠳᠡ ᠬᠤᠷᠠᠯ᠎ᠡᠴᠡ᠂ ᠥᠪᠥᠷ ᠮᠣᠩᠭᠣᠯ᠎ᠤᠨ ᠣᠨᠴᠠᠯᠢᠭ᠎ᠲᠠᠶ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠵᠤ᠂ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠰᠠᠭᠤᠷᠢ᠎ᠶ᠋ᠢ ᠪᠡᠬᠢᠵᠢᠭᠦᠯᠦᠨ ᠪᠤᠵᠠᠭᠠᠢᠷᠠᠭᠤᠯᠬᠤ ᠭᠡᠷᠡᠭᠲᠡᠢ᠃ ᠤᠶᠤᠨᠴᠢᠯᠠᠬᠤ᠂ ᠪᠣᠬᠢᠷᠲᠤᠯ ᠥᠬᠡᠢᠵᠢᠭᠦᠯᠬᠦ᠂ ᠠᠭᠤᠰᠤᠯᠴᠠᠬᠤ ᠴᠢᠭ᠌ᠯᠡᠯ᠎ᠢ ᠪᠠᠷᠢᠮᠲᠠᠯᠠᠵᠤ᠂ ᠤᠯᠠᠮᠵᠢᠯᠠᠯᠲᠤ ᠠᠵᠤ ᠦᠶ᠋ᠯᠡᠰ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠵᠦ᠍᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠢᠳᠡᠪᠬᠢᠲᠡᠶ ᠬᠥᠭ᠌ᠵᠢᠭᠦᠯᠵᠦ᠍᠂ ᠢᠷᠡᠭᠡᠳᠦᠶ᠎ᠶ᠋ᠢᠨ ᠠᠵᠤ ᠦᠶ᠋ᠯᠡᠰ᠎ᠢ ᠤᠷᠢᠳᠴᠢᠯᠠᠨ ᠪᠠᠢᠷᠢᠱᠢᠭᠤᠯᠵᠤ᠂ ᠠᠵᠤ ᠦᠶ᠋ᠯᠡᠰ᠎ᠦᠨ ᠭᠦᠨᠵᠡᠭᠡᠶ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠵᠤ᠂ ᠬᠥᠭ᠌ᠵᠢᠯᠲᠡ᠎ᠶ᠋ᠢᠨ ᠲᠣᠭ᠍ᠲᠠᠭᠤᠨ ᠴᠢᠨᠠᠷ ᠪᠠ ᠦᠷᠭᠦᠯᠵᠢᠯᠡᠬᠦ᠌ ᠬᠦᠴᠦᠨ᠎ᠢ ᠴᠢᠩᠭᠠᠷᠠᠭᠤᠯᠬᠤ ᠭᠡᠷᠡᠭᠲᠡᠢ᠃ ᠤᠯᠠᠮᠵᠢᠯᠠᠯᠲᠤ ᠠᠵᠤ ᠦᠢᠯᠡᠰ᠎ᠦᠨ ᠱᠢᠨ᠎ᠡ ᠬᠥᠭ᠌ᠵᠢᠯᠲᠡ᠎ᠶ᠋ᠢ ᠠᠬᠢᠭᠤᠯᠬᠤ᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠤᠵᠠᠭᠠᠢᠷᠠᠭᠤᠯᠬᠤ ᠪᠠ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠬᠤ᠂ ᠲᠣᠭᠠᠴᠢᠯᠠᠭ᠍ᠰᠠᠨ ᠥᠪᠥᠷ ᠮᠣᠩᠭᠣᠯ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠦ᠂ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠥᠨᠳᠥᠷ ᠪᠦᠲᠦᠮᠵᠢᠲᠡᠢ ᠬᠥᠭ᠌ᠵᠢᠯᠲᠡ᠎ᠶ᠋ᠢ ᠠᠬᠢᠭᠤᠯᠤᠨ᠂ ᠣᠳᠣᠬᠢᠴᠢᠯᠠᠭ᠍ᠰᠠᠨ ᠰᠠᠭᠤᠷᠢ ᠲᠥᠬᠥᠭᠡᠷᠦᠮᠵᠢ᠎ᠶ᠋ᠢᠨ ᠱᠢᠰᠲ᠋ᠧᠮ᠎ᠦᠨ ᠲᠤᠯᠭᠠᠭᠤᠷᠢᠯᠠᠯ᠎ᠢ ᠴᠢᠩᠭᠠᠳᠭᠠᠬᠤ ᠬᠡᠷᠡᠭ᠌ᠲᠡᠢ ᠭᠡᠵᠦ ᠳᠤᠷᠠᠳᠤᠨ ᠭᠠᠷᠭᠠᠪᠠ᠃
ᠪᠦᠬᠦᠳᠡ ᠬᠤᠷᠠᠯ᠎ᠡᠴᠡ᠂ ᠥᠨᠳᠥᠷ ᠲᠦᠪᠱᠢᠨ᠎ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ ᠭᠡᠷᠡᠭᠲᠡᠢ᠃ 《ᠬᠥᠭ᠌ᠵᠢᠭᠡᠳᠦᠢ ᠭᠠᠵᠠᠷ ᠣᠷᠣᠨ᠎ᠳᠤ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠤᠯᠠᠮ ᠢᠯᠡᠭᠦᠦ ᠬᠡᠷᠡᠭ᠌ᠵᠢᠭᠦᠯᠬᠦ᠌ ᠴᠢᠬᠤᠯᠠᠲᠠᠢ》 ᠭᠡᠬᠦ᠌ ᠤᠬᠠᠮᠰᠠᠷ᠎ᠢᠶᠠᠨ ᠴᠢᠩᠭᠠᠳᠭᠠᠵᠤ᠂ ᠬᠢᠪᠡᠰᠦ ᠵᠤᠬᠢᠰᠲᠠᠢ ᠵᠦᠢᠯ᠎ᠢ ᠬᠢᠵᠦ᠍ ᠬᠢᠪᠡᠰᠦ ᠵᠤᠬᠢᠰ ᠦᠭᠡᠢ ᠵᠦᠢᠯ᠎ᠢ ᠦᠯᠦ ᠬᠢᠬᠦ᠎ᠵᠢ ᠪᠠᠷᠢᠮᠲᠠᠯᠠᠵᠤ᠂ ᠤᠨᠴᠠᠯᠢᠬ᠍ᠳᠤ ᠠᠵᠤ ᠦᠢᠯᠡᠰ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠳᠠᠪᠠᠭᠤᠯᠢᠭ ᠲᠤᠪᠤᠢ᠌ᠮ᠎ᠠ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠥᠭ᠌ᠵᠢᠯᠲᠡ᠎ᠳᠦ ᠪᠠᠴᠢᠮ ᠱᠢᠪᠲᠤᠯᠬᠤ ᠴᠢᠬᠤᠯᠠᠲᠠᠢ ᠴᠢᠬᠤᠯᠠ ᠶᠡᠬᠡ ᠪᠣᠭᠣᠮᠢ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠠᠭᠤᠷᠢ ᠰᠤᠳᠤᠯᠭᠠᠨ ᠪᠣᠯᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ ᠱᠢᠨ᠎ᠡ ᠳᠠᠪᠠᠭᠤᠯᠢᠭ᠎ᠢ ᠪᠤᠢ ᠪᠣᠯᠭᠠᠬᠤ ᠬᠡᠷᠡᠭ᠌ᠲᠡᠢ᠃ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ ᠬᠡᠷᠡᠭ᠌ᠲᠡᠢ ᠭᠡᠵᠦ ᠳᠤᠷᠠᠳᠤᠨ ᠭᠠᠷᠭᠠᠪᠠ᠃
ᠪᠥᠬᠥᠳᠡ ᠬᠤᠷᠠᠯ᠎ᠡᠴᠡ᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠲᠡᠶ ᠭᠦᠨᠵᠡᠭᠡᠶ ᠵᠣᠯᠭᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠨᠠᠩ ᠰᠠᠢᠲᠤᠷ ᠠᠭᠤᠰᠤᠯᠴᠠᠬᠤ ᠪᠠ ᠦᠶ᠋ᠯᠡᠴᠢᠯᠡᠬᠦ ᠭᠡᠷᠡᠭᠲᠡᠢ᠃ ᠠᠵᠤ ᠦᠶ᠋ᠯᠡᠰ᠎ᠦᠨ ᠬᠡᠯᠬᠢᠶ᠎ᠡ᠂ ᠱᠢᠨ᠎ᠡ᠎ᠶ᠋ᠢ ᠡᠭᠦᠳᠬᠦ᠌ ᠬᠡᠯᠬᠢᠶ᠎ᠡ᠂ ᠬᠠᠩᠭᠠᠯᠭ᠎ᠠ᠎ᠶ᠋ᠢᠨ ᠬᠡᠯᠬᠢᠶ᠎ᠡ᠂ ᠪᠠᠷᠠᠭᠠᠨ᠎ᠤ ᠭᠦᠶ᠋ᠯᠭᠡᠭᠡ᠎ᠶ᠋ᠢᠨ ᠬᠡᠯᠬᠢᠶ᠎ᠡ᠂ ᠥᠷᠲᠡᠭ᠎ᠦᠨ ᠬᠡᠯᠬᠢᠶ᠎ᠡ᠎ᠶ᠋ᠢ ᠤᠯᠤᠰ᠎ᠤᠨ ᠳᠣᠲᠣᠭᠠᠳᠤ᠎ᠶ᠋ᠢᠨ ᠲᠣᠮᠣ ᠵᠠᠬ᠎ᠠ ᠳᠡᠯᠭᠡᠭᠦᠷ᠎ᠯᠦᠭᠡ ᠪᠥᠬᠥ᠌ ᠲᠠᠯ᠎ᠠ᠎ᠪᠠᠷ ᠵᠣᠯᠭᠠᠭᠤᠯᠬᠤ ᠪᠠ ᠭᠦᠨᠵᠡᠭᠡᠶ ᠠᠭᠤᠰᠤᠯᠴᠠᠭᠤᠯᠬᠤ᠎ᠶ᠋ᠢ ᠠᠬᠢᠭᠤᠯᠵᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠪᠠ ᠬᠡᠷᠡᠭ᠌ᠯᠡᠭᠡ᠎ᠶ᠋ᠢ ᠠᠬᠢᠭᠤᠯᠬᠤ᠂ ᠡᠳ᠋ ᠪᠣᠳᠠᠰ᠎ᠤᠨ ᠪᠠᠯᠠ ᠣᠷᠣᠭᠤᠯᠤᠯᠲᠠ ᠪᠠ ᠴᠢᠳᠠᠪᠤᠷᠢᠲᠠᠨ᠎ᠤ ᠤᠷᠤᠭᠤᠯᠤᠯᠲᠠ᠎ᠵᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠨ᠂ ᠬᠡᠷᠡᠭ᠌ᠯᠡᠭᠡ ᠪᠠ ᠪᠠᠯᠠ ᠣᠷᠣᠭᠤᠯᠤᠯᠲᠠ᠂ ᠬᠠᠩᠭᠠᠯᠭ᠎ᠠ ᠪᠠ ᠬᠡᠷᠡᠭ᠌ᠴᠡᠭᠡ᠎ᠶ᠋ᠢᠨ ᠰᠠᠢᠨ ᠦᠢᠯᠡᠳᠦᠯᠴᠡᠯ᠎ᠢ ᠠᠬᠢᠭᠤᠯᠵᠤ᠂ ᠠᠵᠤ ᠠᠬᠤᠶ᠎ᠶ᠋ᠢᠨ ᠲᠣᠭ᠍ᠲᠠᠭᠤᠨ ᠠᠵᠢᠯᠯᠠᠭ᠎ᠠ ᠪᠠ ᠰᠠᠢᠨ ᠣᠷᠴᠢᠯ᠎ᠢ ᠪᠡᠶᠡᠯᠡᠭᠦᠯᠬᠦ ᠭᠡᠷᠡᠭᠲᠡᠢ᠃ ᠬᠡᠷᠡᠭ᠌ᠯᠡᠭᠡ᠎ᠶ᠋ᠢ ᠶᠡᠬᠡ᠎ᠪᠠᠷ ᠳᠡᠭᠡᠭ᠌ᠰᠢᠯᠡᠭᠦᠯᠵᠦ᠍᠂ ᠪᠦᠲᠦᠮᠵᠢᠲᠡᠢ ᠪᠡᠯᠡ ᠣᠷᠣᠭᠤᠯᠤᠯᠲᠠ᠎ᠶ᠋ᠢ ᠥᠷᠭᠡᠳᠭᠡᠵᠦ᠍᠂ ᠠᠵᠤ ᠠᠬᠤᠢ᠎ᠶ᠋ᠢᠨ ᠣᠷᠴᠢᠯ᠎ᠢ ᠬᠢᠵᠠᠭᠠᠷᠯᠠᠵᠤ ᠪᠠᠢᠭ᠎ᠠ ᠬᠣᠷᠢᠭ᠎ᠠ ᠴᠡᠭ ᠲᠦᠭᠵᠢᠷᠡᠯ ᠴᠡᠭ᠎ᠢ ᠠᠷᠢᠯᠭᠠᠬᠤ ᠬᠡᠷᠡᠭ᠌ᠲᠡᠢ ᠭᠡᠵᠦ ᠳᠤᠷᠠᠳᠤᠨ ᠭᠠᠷᠭᠠᠪᠠ᠃
ᠪᠥᠬᠥᠳᠡ ᠬᠤᠷᠠᠯ᠎ᠡᠴᠡ᠂ ᠥᠨᠳᠥᠷ ᠲᠦᠪᠱᠢᠨ ᠪᠥᠬᠥᠶ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠶ᠎ᠶ᠋ᠢᠨ ᠪᠠᠢᠭᠤᠯᠤᠯ᠎ᠢ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢ ᠴᠢᠩᠭᠠᠷᠠᠭᠤᠯᠬᠤ ᠭᠡᠷᠡᠭᠲᠡᠢ᠃ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠶ᠎ᠶ᠋ᠢᠨ ᠥᠭᠡᠷᠡᠴᠢᠯᠡᠯᠲᠡ᠎ᠶ᠋ᠢᠨ ᠴᠢᠭ᠌ᠯᠡᠯ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠥᠭᠡᠷᠡᠴᠢᠯᠡᠯᠲᠡ᠎ᠶ᠋ᠢ ᠬᠥᠲᠥᠯᠥᠨ ᠳᠠᠭᠠᠭᠤᠯᠵᠤ᠂ ᠨᠠᠩ ᠲᠥᠪ ᠭᠤᠤᠯᠴᠢ᠂ ᠨᠠᠩ ᠠᠮᠢᠵᠢᠷᠠᠯ᠎ᠤᠨ ᠬᠦᠴᠦᠨ᠎ᠲᠡᠶ ᠵᠠᠬ᠎ᠠ ᠳᠡᠯᠭᠡᠭᠦᠷ᠎ᠦᠨ ᠣᠷᠴᠢᠨ ᠨᠦᠬᠦᠴᠡᠯ᠎ᠢ ᠡᠭᠦᠳᠴᠦ᠍᠂ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠬᠠᠮᠤᠭ᠎ᠤᠨ ᠱᠢᠯᠢᠳᠡᠭ᠌ ᠪᠤᠯᠭᠠᠬᠤ ᠪᠠ ᠦᠷ᠎ᠡ ᠠᠱᠢᠭ᠎ᠢ ᠬᠠᠮᠤᠭ᠎ᠤᠨ ᠶᠡᠬᠡ ᠪᠣᠯᠭᠠᠬᠤ᠎ᠪᠠᠷ ᠴᠢᠷᠮᠠᠢᠬᠤ ᠭᠡᠷᠡᠭᠲᠡᠢ᠃ ᠡᠵᠡᠩᠨᠡᠯᠲᠡ᠎ᠶ᠋ᠢᠨ ᠭᠣᠣᠯ ᠴᠣᠭ᠍ᠴᠠ᠎ᠶ᠋ᠢᠨ ᠬᠥᠭ᠌ᠵᠢᠯᠲᠡ᠎ᠶ᠋ᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠴᠢᠬᠤᠯᠠ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠲᠣᠭ᠍ᠲᠡᠴᠡ᠎ᠶ᠋ᠢ ᠲᠡᠭᠦᠯᠳᠡᠷᠵᠢᠭᠦᠯᠵᠦ᠍᠂ ᠵᠠᠬ᠎ᠠ ᠳᠡᠯᠭᠡᠭᠦᠷᠴᠢᠯᠡᠭ᠌ᠰᠡᠨ ᠬᠠᠤᠯᠢ᠎ᠪᠠᠷ ᠵᠠᠰᠠᠬᠤ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠤᠢ ᠪᠣᠯᠭᠠᠵᠤ᠂ ᠡᠳ᠋᠎ᠦᠨ ᠵᠠᠰᠠᠭ ᠮᠥᠩᠭᠥᠨ ᠭᠦᠢᠯᠭᠡᠭᠡᠨ᠎ᠦ ᠬᠦᠷᠢᠶᠡᠨ᠎ᠦ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠬᠡᠷᠡᠭ᠌ᠲᠡᠢ ᠭᠡᠵᠦ ᠳᠤᠷᠠᠳᠤᠨ ᠭᠠᠷᠭᠠᠪᠠ᠃
ᠪᠥᠬᠥᠳᠡ ᠬᠤᠷᠠᠯ᠎ᠡᠴᠡ᠂ ᠣᠷᠣᠨ ᠪᠦᠰᠡ᠎ᠶ᠋ᠢᠨ ᠠᠵᠤ ᠠᠬᠤᠶ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠵᠦ᠍᠂ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠬᠤ ᠭᠡᠷᠡᠭᠲᠡᠢ᠃ ᠨᠠᠷᠢᠨ ᠣᠷᠳᠣ ᠥᠷᠭᠡᠨ ᠠᠭᠤᠳᠠᠮ᠂ ᠭᠠᠵᠠᠷ ᠠᠭᠤᠳᠠᠮ ᠬᠥᠮᠦᠨ ᠴᠥᠭᠡᠨ᠂ ᠦᠢᠯᠡᠳᠪᠦᠷᠢᠯᠡᠯ᠎ᠦᠨ ᠡᠯᠧᠮᠧᠨ᠋ᠲ ᠲᠠᠷᠠᠬᠠᠢ ᠪᠤᠲᠠᠷᠬᠠᠢ ᠪᠠᠢᠬᠤ ᠪᠣᠳᠠᠲᠤ ᠪᠠᠢᠳᠠᠯ᠎ᠳᠤ ᠰᠠᠭᠤᠷᠢᠯᠠᠨ᠂ ᠤᠯᠤᠰ᠎ᠤᠨ ᠣᠷᠣᠨ ᠪᠦᠰᠡ᠎ᠶ᠋ᠢ ᠵᠣᠬᠢᠴᠠᠩᠭᠤᠢ᠎ᠪᠠᠷ ᠬᠥᠭ᠌ᠵᠢᠭᠦᠯᠬᠦ᠌ ᠪᠠᠢᠯᠳᠤᠬᠤ ᠪᠣᠳᠣᠯᠭ᠎ᠠ᠂ ᠣᠷᠣᠨ ᠪᠦᠰᠡ᠎ᠶ᠋ᠢᠨ ᠴᠢᠬᠤᠯᠠ ᠶᠡᠬᠡ ᠪᠠᠢᠯᠳᠤᠬᠤ ᠪᠣᠳᠣᠯᠭ᠎ᠠ᠂ ᠭᠤᠤᠯ ᠴᠣᠭ᠍ᠴᠠ᠎ᠶ᠋ᠢᠨ ᠴᠢᠳᠠᠮᠵᠢᠳᠥ ᠣᠷᠣᠨ᠎ᠤ ᠪᠠᠢᠯᠳᠤᠬᠤ ᠪᠣᠳᠣᠯᠭ᠎ᠠ᠂ ᠱᠢᠨ᠎ᠡ ᠮᠠᠶᠢᠭ᠎ᠤᠨ ᠬᠣᠳᠠ ᠪᠠᠯᠭᠠᠰᠣᠵᠢᠯᠳᠡ᠎ᠶᠢᠨ ᠪᠠᠢᠯᠳᠤᠬᠤ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠭ᠌ᠰᠡᠨ᠂ ᠴᠢᠨᠠᠷ ᠰᠠᠢᠲᠠᠢ ᠬᠥᠭ᠌ᠵᠢᠭ᠌ᠰᠡᠨ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠯ ᠪᠠ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠢ᠎ᠶ᠋ᠢᠨ ᠱᠢᠰᠲ᠋ᠧᠮ᠎ᠢ ᠪᠠᠢᠭᠤᠯᠵᠤ᠂ ᠬᠥᠭ᠌ᠵᠢᠯᠲᠡ᠎ᠶ᠋ᠢᠨ ᠪᠦᠬᠦᠯᠢ ᠴᠣᠭ᠍ᠴᠠᠲᠤ ᠴᠢᠨᠠᠷ ᠵᠣᠬᠢᠴᠠᠩᠭᠤᠢ ᠴᠢᠨᠠᠷ᠎ᠢ ᠴᠢᠩᠭᠠᠷᠠᠭᠤᠯᠬᠤ ᠭᠡᠷᠡᠭᠲᠡᠢ᠃ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠬᠥᠭ᠌ᠵᠢᠯᠲᠡ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠵᠦ᠍᠂ ᠵᠡᠭᠦᠨ ᠳᠤᠮᠳᠠ ᠪᠠᠷᠠᠭᠤᠨ ᠬᠡᠰᠡᠭ᠎ᠦᠨ ᠠᠢᠮᠠᠭ ᠬᠣᠲᠠ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠵᠤ᠂ ᠬᠥᠮᠦᠨ᠎ᠢᠶᠡᠷ ᠦᠨᠳᠦᠰᠦ ᠪᠣᠯᠭᠠᠭ᠍ᠰᠠᠨ ᠱᠢᠨ᠎ᠡ ᠮᠠᠶᠢᠭ᠎ᠤᠨ ᠬᠣᠲᠠ ᠪᠠᠯᠭᠠᠰᠤᠵᠢᠯᠲᠠ᠎ᠶ᠋ᠢ ᠭᠦᠨᠵᠡᠭᠡᠶ ᠠᠬᠢᠭᠤᠯᠬᠤ ᠬᠡᠷᠡᠭ᠌ᠲᠡᠶ ᠭᠡᠵᠦ ᠳᠤᠷᠠᠳᠤᠨ ᠭᠠᠷᠭᠠᠪᠠ᠃
ᠪᠥᠬᠥᠳᠡ ᠬᠤᠷᠠᠯ᠎ᠡᠴᠡ᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠰᠣᠶᠣᠯ᠎ᠤᠨ ᠬᠦᠴᠦᠷᠬᠡᠭ ᠣᠷᠣᠨ᠎ᠢ ᠪᠥᠲᠥᠭᠡᠨ ᠪᠠᠢᠭᠤᠯᠬᠤ ᠭᠡᠷᠡᠭᠲᠡᠢ᠃ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠡᠬᠢ ᠮᠠᠷᠺᠰ᠎ᠤᠨ ᠦᠵᠡᠯ᠎ᠦᠨ ᠵᠢᠯᠣᠭᠣᠳᠭᠤ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ᠎ᠶ᠋ᠢᠨ ᠪᠣᠯᠪᠠᠰᠤᠨ᠎ᠳᠤ ᠦᠨᠳᠦᠰᠦᠯᠡᠵᠦ᠍᠂ ᠥᠪᠥᠷ ᠮᠣᠩᠭᠣᠯ᠎ᠤᠨ ᠪᠠᠶᠠᠯᠢᠭ ᠰᠠᠢᠬᠠᠨ ᠰᠣᠶᠣᠯ᠎ᠤᠨ ᠡᠬᠢ ᠪᠠᠶᠠᠯᠢᠭ᠎ᠢ ᠰᠠᠢᠲᠤᠷ ᠠᠱᠢᠭ᠍ᠯᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠰᠣᠶᠣᠯ᠎ᠢ ᠬᠥᠭ᠌ᠵᠢᠭᠦᠯᠵᠦ᠍᠂ ᠡᠯ᠎ᠡ ᠵᠦᠢᠯ᠎ᠦᠨ ᠦᠢᠯᠡᠰ᠎ᠦᠨ ᠬᠥᠭ᠌ᠵᠢᠯᠲᠡ᠎ᠳᠦ ᠬᠦᠴᠦᠷᠬᠡᠭ ᠶᠡᠬᠡ ᠤᠶᠤᠨ ᠰᠠᠨᠠᠭᠠᠨ᠎ᠤ ᠰᠣᠶᠣᠯ᠎ᠤᠨ ᠲᠤᠯᠭᠠᠭᠤᠷᠢᠯᠠᠯ ᠬᠠᠩᠭᠠᠬᠤ ᠭᠡᠷᠡᠭᠲᠡᠢ᠃ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢ ᠪᠠᠳᠠᠷᠠᠭᠤᠯᠤᠨ ᠦᠢᠯᠡᠳᠦᠯᠭᠡᠵᠢᠭᠦᠯᠵᠦ᠍᠂ ᠰᠣᠶᠣᠯ᠎ᠤᠨ ᠦᠢᠯᠡᠰ᠎ᠢ ᠶᠡᠬᠡᠪᠡᠷ ᠴᠡᠴᠡᠭ᠌ᠯᠡᠭᠦᠯᠦᠨ ᠬᠥᠭ᠌ᠵᠢᠭᠦᠯᠵᠦ᠍᠂ ᠰᠣᠶᠣᠯ᠎ᠤᠨ ᠠᠵᠤ ᠦᠢᠯᠡᠰ᠎ᠢ ᠲᠦᠷᠭᠡᠳᠭᠡᠨ ᠬᠥᠭ᠌ᠵᠢᠭᠦᠯᠵᠦ᠍᠂ ᠰᠣᠶᠣᠯ᠎ᠤᠨ ᠤᠯᠠᠨ ᠤᠯᠤᠰ᠎ᠲᠠᠬᠢ ᠳᠠᠮᠵᠢᠭᠤᠯᠭ᠎ᠠ᠎ᠵᠢ ᠱᠢᠨ᠎ᠡ᠎ᠶ᠋ᠢ ᠡᠭᠦᠳᠦᠨ ᠠᠬᠢᠭᠤᠯᠬᠤ ᠬᠡᠷᠡᠭ᠌ᠲᠡᠢ ᠭᠡᠵᠦ ᠳᠤᠷᠠᠳᠤᠨ ᠭᠠᠷᠭᠠᠪᠠ᠃
ᠪᠥᠬᠥᠳᠡ ᠬᠤᠷᠠᠯ᠎ᠡᠴᠡ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠬᠠᠮᠲᠤ᠎ᠪᠠᠷ ᠪᠠᠶᠠᠵᠢᠬᠤ᠎ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭ᠌ᠲᠡᠶ᠃ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠴᠢᠳᠠᠯ᠎ᠢᠶᠠᠷ᠎ᠢᠶᠠᠨ ᠴᠢᠷᠮᠠᠢᠬᠤ᠂ ᠴᠢᠳᠠᠯ᠎ᠤᠨ᠎ᠢᠶᠠᠨ ᠬᠢᠷᠢ᠎ᠪᠡᠷ ᠬᠢᠬᠦ᠌᠎ᠶ᠋ᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯᠳᠤ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠠᠷᠠᠳ ᠣᠯᠠᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠠᠢᠲᠤᠷ ᠱᠢᠶ᠋ᠳᠪᠦᠷᠢᠯᠡᠵᠦ᠍᠂ ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡ᠎ᠶ᠋ᠢ ᠲᠡᠩᠴᠡᠭᠦᠷᠢᠰᠢᠭᠦᠯᠬᠦ᠎ᠶᠢ ᠯᠠᠪᠳᠠᠭᠤᠨ᠎ᠢᠶᠠᠷ ᠠᠬᠢᠭᠤᠯᠵᠤ᠂ ᠣᠳᠣᠬᠢᠴᠢᠯᠠᠯᠳᠠ᠎ᠶᠢᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠨᠠᠩ ᠣᠯᠠᠨ ᠨᠠᠩ ᠡᠷᠬᠡ ᠲᠡᠭ᠌ᠰᠢ᠎ᠪᠡᠷ ᠬᠦᠷᠲᠡᠭᠡᠬᠦ ᠬᠡᠷᠡᠭᠳᠡᠢ᠃ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠠᠷᠠᠳ ᠲᠦᠮᠡᠨ᠎ᠳᠦ ᠲᠠᠭᠠᠱᠢᠶᠠᠭ᠍ᠳᠠᠭ᠍ᠰᠠᠨ ᠰᠤᠷᠭᠠᠨ ᠬᠥᠮᠦᠵᠢᠯ᠎ᠢ ᠰᠠᠢᠲᠤᠷ ᠡᠷᠭᠢᠯᠡᠵᠦ᠍᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠤᠨ᠂ ᠡᠷᠡᠭᠦᠯ ᠡᠩᠬᠡ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠬᠥᠮᠦᠨ ᠠᠮᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠂ ᠬᠡᠷ ᠭᠠᠵᠠᠷ ᠬᠥᠷᠥᠩᠭᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ ᠭᠡᠵᠦ ᠳᠤᠷᠠᠳᠪᠠ᠃
ᠪᠦᠬᠦᠳᠡ ᠬᠤᠷᠠᠯ᠎ᠡᠴᠡ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠢ᠃ ᠱᠢᠨ᠎ᠡ ᠴᠠᠭ ᠦᠶ᠎ᠡ᠎ᠶ᠋ᠢᠨ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ ᠬᠢᠬᠦ᠌ ᠱᠠᠭᠠᠷᠳᠠᠯᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠨᠠᠮ᠎ᠤᠨ ᠤᠳᠤᠷᠢᠳᠤᠯᠭ᠎ᠠ᠎ᠶ᠋ᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠲᠠᠯ᠎ᠠ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠥᠬᠥᠷᠡᠰᠢ ᠦᠭᠡᠢ ᠠᠬᠢᠭᠤᠯᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠢ ᠬᠥᠭ᠌ᠵᠢᠯᠲᠡ᠎ᠶ᠋ᠢ ᠬᠦᠲᠦᠯᠦᠨ ᠳᠠᠭᠠᠭᠤᠯᠬᠤ ᠬᠡᠷᠡᠭ᠌ᠲᠡᠢ᠃ ᠨᠠᠮ᠎ᠤᠨ ᠲᠥᠪ ᠬᠤᠷᠢᠶ᠎ᠠ᠎ᠶᠢᠨ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠺᠠᠳ᠋ᠷ᠎ᠤᠨ ᠡᠩᠨᠡᠭᠡ ᠪᠣᠯᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠪᠥᠬᠥᠳᠡ ᠬᠤᠷᠠᠯ᠎ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠵᠤ᠂ ᠥᠷᠭᠡᠨ᠎ᠢᠶᠡᠷ ᠤᠬᠠᠭᠤᠯᠤᠨ ᠲᠠᠢᠯᠪᠤᠷᠢᠯᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠬᠡᠷᠡᠭ᠌ᠲᠡᠶ᠃ ᠵᠠᠪᠠᠯ ᠢᠯᠠᠬᠤ ᠢᠲᠡᠭᠡᠯ ᠵᠣᠷᠢᠭ᠎ᠢᠶᠠᠨ ᠪᠠᠲᠤᠳᠭᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠪᠠᠳᠤ ᠡᠵᠡᠮᠳᠡᠵᠦ ᠴᠥᠬᠥᠷᠡᠰᠢ ᠦᠭᠡᠢ ᠴᠢᠷᠮᠠᠢᠵᠤ᠂ ᠦᠷᠭᠦᠯᠵᠢᠯᠡᠨ ᠲᠡᠮᠡᠴᠡᠵᠦ᠍᠂ ᠪᠦᠬᠦ᠌ ᠬᠦᠴᠦᠨ᠎ᠢᠶᠡᠷ᠎ᠢᠶᠡᠨ ᠳᠠᠪᠠᠭᠤᠯᠢᠭ᠎ᠢᠶᠠᠨ ᠪᠡᠬᠢᠵᠢᠭᠦᠯᠦᠨ ᠥᠷᠭᠡᠳᠭᠡᠵᠦ᠍᠂ ᠪᠣᠭᠣᠮᠢ ᠬᠢᠵᠠᠭᠠᠷᠯᠠᠯ᠎ᠢ ᠡᠪᠳᠡᠵᠦ᠍᠂ ᠳᠤᠲᠠᠭᠤᠳᠠᠯ ᠪᠠᠭᠤᠷᠠᠢ ᠲᠠᠯ᠎ᠠ᠎ᠪᠠᠨ ᠨᠥᠬᠥᠪᠥᠷᠢᠯᠡᠨ ᠬᠦᠴᠦᠷᠬᠡᠭ᠌ᠵᠢᠭᠦᠯᠵᠦ᠍᠂ ᠬᠥᠭ᠌ᠵᠢᠯᠲᠡ᠎ᠶ᠋ᠢᠨ ᠦᠷ᠎ᠡ ᠠᠱᠢᠭ ᠪᠣᠯᠤᠨ ᠬᠥᠮᠦᠨ ᠳᠤᠮᠳᠠᠴᠢ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠎ᠪᠡᠷ ᠬᠦᠴᠦᠯᠡᠬᠦ᠌ ᠭᠣᠣᠯᠳᠠᠯᠭ᠎ᠠ ᠪᠣᠯᠭᠠᠵᠤ᠂ ᠬᠥᠭ᠌ᠵᠢᠯᠲᠡ᠎ᠶ᠋ᠢᠨ ᠴᠢᠨᠠᠷ᠂ ᠬᠥᠭ᠌ᠵᠢᠯᠲᠡ᠎ᠶ᠋ᠢᠨ ᠤᠶᠠᠨ ᠬᠠᠳᠠᠨ ᠴᠢᠨᠠᠷ᠎ᠢ ᠨᠡᠩ ᠴᠢᠬᠤᠯᠠᠴᠢᠯᠠᠵᠤ᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ ᠪᠣᠯᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶᠢ ᠨᠡᠩ ᠴᠢᠬᠤᠯᠠᠴᠢᠯᠠᠬᠤ ᠬᠡᠷᠡᠭ᠌ᠲᠡᠢ᠃ 《ᠠᠷᠪᠠᠨ ᠲᠠᠪᠤᠳᠤᠭᠠᠷ ᠲᠠᠪᠤᠨ ᠵᠢᠯ》᠎ᠤᠨ ᠬᠥᠭ᠌ᠵᠢᠯᠲᠡ᠎ᠶ᠋ᠢᠨ ᠡᠭᠦᠷᠭᠡ᠎ᠶ᠋ᠢ ᠪᠦᠬᠦ᠌ ᠬᠦᠴᠦ᠍᠎ᠪᠡᠷ᠎ᠢᠶᠡᠨ ᠪᠡᠶᠡᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠨᠢᠳᠦᠨ᠎ᠳᠦ ᠦᠵᠡᠭᠳᠡᠮ᠎ᠡ ᠰᠡᠳᠬᠢᠯ᠎ᠳᠦ ᠰᠠᠭᠤᠭᠳᠠᠮ᠎ᠠ ᠭᠠᠷ᠎ᠲᠦ ᠪᠠᠷᠢᠭᠳᠠᠮ᠎ᠠ ᠠᠬᠢᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ ᠪᠣᠯᠤᠨ ᠨᠠᠮ᠎ᠤᠨ ᠲᠥᠪ ᠬᠤᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠂ ᠡᠭᠦᠷᠭᠡ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠎ᠪᠠᠷ ᠦᠷᠭᠦᠯᠵᠢᠯᠡᠨ ᠬᠦᠴᠦᠯᠡᠵᠦ᠍᠂ ᠤᠳᠠᠭᠠᠨ ᠳᠠᠭᠠᠭᠠᠮᠠᠭᠠᠢ ᠵᠢᠳᠬᠦᠵᠦ᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠲᠦᠷᠭᠡᠳᠭᠡᠨ ᠪᠠᠢᠭᠤᠯᠵᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠵᠦ᠍᠂ ᠴᠢᠨᠠᠷ ᠰᠠᠢᠲᠠᠢ ᠬᠥᠭ᠌ᠵᠢᠯᠲᠡ᠎ᠯᠦᠭᠡ ᠵᠣᠬᠢᠴᠠᠭ᠍ᠰᠠᠨ ᠲᠦᠷᠢᠮ᠎ᠦᠨ ᠱᠢᠰᠲᠸᠮ᠎ᠢ ᠪᠠᠢᠭᠤᠯᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠩ ᠥᠨᠳᠥᠷ ᠲᠦᠪᠱᠢᠨ᠎ᠳᠦ ᠬᠦᠷᠭᠡᠬᠦ᠌᠎ᠶ᠋ᠢ ᠠᠬᠢᠭᠤᠯᠵᠤ᠂ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠴᠠᠭ ᠲᠤᠬᠠᠢᠳᠤᠨᠢ ᠪᠦᠲᠦᠮᠵᠢᠲᠡᠢ ᠱᠢᠢᠳᠪᠦᠷᠢᠯᠡᠵᠦ᠍᠂ ᠨᠡᠢᠭᠡᠮ᠎ᠦᠨ ᠶᠡᠬᠡ ᠲᠠᠯ᠎ᠠ ᠡᠶ᠎ᠡ ᠵᠣᠬᠢᠴᠠᠩᠭᠤᠢ ᠠᠮᠤᠷ ᠲᠣᠭ᠍ᠲᠠᠭᠤᠨ ᠪᠠᠢᠬᠤ᠎ᠶ᠋ᠢ ᠪᠠᠲᠤᠯᠠᠬᠤ ᠬᠡᠷᠡᠭ᠌ᠲᠡᠢ᠃ ᠱᠢᠨ᠎ᠡ ᠰᠤᠷᠲᠠᠯ ᠲᠥᠪ ᠰᠤᠷᠲᠠᠯ᠎ᠢ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠤᠨ ᠰᠤᠷᠤᠯᠴᠠᠯᠭ᠎ᠠ ᠵᠢ ᠶᠡᠬᠡᠳᠡ ᠡᠷᠬᠢᠮᠯᠡᠬᠦ᠌᠂ ᠭᠦᠨᠵᠡᠭᠡᠶ ᠪᠠᠢᠴᠠᠭᠠᠨ ᠰᠤᠳᠤᠯᠤᠯᠲᠠ ᠬᠢᠬᠦ᠌᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ᠂ ᠠᠷᠢᠭᠤᠨ ᠴᠢᠬᠡᠴᠢ ᠪᠠᠢᠬᠤ᠎ᠶ᠋ᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶ᠋ᠢᠨ ᠠᠮᠢ ᠠᠬᠤᠶ᠎ᠪᠠᠷ ᠰᠠᠢᠨ ᠰᠠᠢᠬᠠᠨ ᠬᠥᠭ᠌ᠵᠢᠯᠲᠡ᠎ᠶ᠋ᠢᠨ ᠣᠷᠴᠢᠨ ᠨᠦᠬᠦᠴᠡᠯ᠎ᠢ ᠪᠦᠷᠢᠯᠳᠦᠭᠦᠯᠬᠦ᠌ ᠵᠢ ᠬᠥᠲᠥᠯᠥᠨ ᠳᠠᠭᠠᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠪᠥᠬᠥᠳᠡ ᠬᠤᠷᠠᠯ᠎ᠡᠴᠡ ᠵᠢᠯ᠎ᠦᠨ ᠡᠬᠢᠨ᠎ᠳᠦ ᠲᠣᠭ᠍ᠲᠠᠭᠠᠭ᠍ᠰᠠᠨ ᠬᠠᠷᠠᠯᠲᠠ᠎ᠲᠠᠶ ᠬᠠᠷᠭᠤᠭᠤᠯᠵᠦ᠂ ᠱᠢᠶ᠋ᠳᠪᠦᠷᠢᠲᠦ ᠳᠠᠢᠯᠠᠯᠳᠤᠭᠠᠨ ᠬᠢᠵᠦ᠍ ᠱᠢᠶ᠋ᠳᠪᠦᠷᠢᠲᠦ ᠢᠯᠠᠯᠲᠠ ᠤᠯᠬᠤ ᠡᠷᠴᠢ ᠵᠣᠷᠢᠭ᠎ᠢᠶᠠᠷ᠂ ᠬᠤᠷᠳᠤᠴᠠ᠎ᠪᠠᠨ ᠲᠦᠷᠭᠡᠳᠭᠡᠵᠦ᠍ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠦᠨ ᠠᠵᠢᠯ᠎ᠢᠶᠠᠨ ᠠᠬᠢᠭᠤᠯᠵᠤ᠂ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠬᠤ ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠬᠤ ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠎ᠪᠠᠷ ᠬᠦᠴᠦᠯᠡᠵᠦ᠍᠂ ᠬᠠᠮᠤᠭ᠎ᠤᠨ ᠰᠠᠢᠨ ᠦᠷ᠎ᠡ ᠳ᠋ᠦᠩ ᠤᠯᠬᠤ᠎ᠪᠠᠷ ᠴᠢᠷᠮᠠᠢᠬᠤ ᠬᠡᠷᠡᠭ᠌ᠲᠡᠶ᠃ ᠵᠢᠯ᠎ᠦᠨ ᠰᠡᠭᠦᠯᠴᠢ ᠤᠨ᠎ᠤ ᠡᠬᠢᠨ᠎ᠤ ᠬᠠᠩᠭᠠᠯᠭ᠎ᠠ᠎ᠶ᠋ᠢ ᠪᠠᠲᠤᠯᠠᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠠᠮᠤᠷ ᠲᠦᠪᠱᠢᠨ᠎ᠢ ᠪᠠᠲᠤᠯᠠᠬᠤ᠂ ᠲᠣᠭ᠍ᠲᠠᠭᠤᠨ᠎ᠢ ᠪᠠᠲᠤᠯᠠᠬᠤ ᠵᠡᠷᠭᠡ ᠠᠵᠢᠯ᠎ᠢ ᠰᠠᠢᠲᠤᠷ ᠬᠢᠵᠦ᠍᠂ ᠠᠮᠤᠷ ᠲᠣᠭ᠍ᠲᠠᠭᠤᠨ ᠡᠶ᠎ᠡ ᠵᠣᠬᠢᠴᠠᠩᠭᠤᠢ ᠨᠡᠢᠭᠡᠮ᠎ᠦᠨ ᠣᠷᠴᠢᠨ ᠲᠣᠭᠣᠷᠢᠨ᠎ᠢ ᠪᠤᠢ ᠪᠣᠯᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠪᠥᠬᠥᠳᠡ ᠬᠤᠷᠠᠯ᠎ᠡᠴᠡ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠷᠢᠮ》 ᠪᠣᠯᠤᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠣᠷᠣᠨ ᠨᠤᠲᠤᠭ᠎ᠤᠨ ᠬᠤᠷᠢᠶ᠎ᠠ᠎ᠶᠢᠨ ᠠᠵᠢᠯ᠎ᠤᠨ ᠲᠦᠷᠢᠮ》᠎ᠤᠨ ᠬᠣᠯᠪᠣᠭ᠍ᠳᠠᠯ ᠪᠥᠬᠥᠶ ᠲᠣᠭ᠍ᠲᠠᠭᠠᠯ᠎ᠢ ᠦᠨᠳᠦᠰᠦᠯᠡᠨ᠂ ᠶᠠᠩ ᠸᠧᠶ ᠳ᠋ᠦᠩ ᠨᠥᠬᠥᠷ ᠥᠪᠥᠷ ᠮᠣᠩᠭᠣᠯ᠎ᠡᠴᠡ ᠠᠵᠢᠯ ᠰᠢᠯᠵᠢᠭᠰᠡᠨ ᠪᠤᠯᠬᠤᠷ᠂ ᠲᠡᠭᠦᠨ᠎ᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠮ᠎ᠤᠨ ᠬᠤᠷᠢᠶ᠎ᠠ᠎ᠶᠢᠨ ᠭᠡᠱᠢᠭᠦᠨ᠎ᠦ ᠲᠤᠱᠢᠶᠠᠯ᠎ᠡᠴᠡ᠎ᠨᠢ ᠪᠠᠭᠤᠯᠭᠠᠬᠤ᠎ᠪᠠᠷ ᠲᠣᠭ᠍ᠲᠠᠪᠠ; ᠵᠠᠩ ᠷᠦᠢ᠂ ᠵᠠᠩ ᠱᠢᠶᠤᠤ ᠪᠢᠩ᠂ ᠭᠤᠤ ᠷᠦᠨ ᠰᠢ ᠨᠥᠬᠥᠷ ᠰᠠᠬᠢᠯᠭ᠎ᠠ ᠪᠠᠲᠤ᠎ᠶ᠋ᠢᠨ ᠱᠢᠢᠳᠭᠡᠯ ᠣᠯᠤᠭ᠍ᠰᠠᠨ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠭᠡᠱᠢᠭᠦᠨ᠎ᠦ ᠲᠤᠱᠢᠶᠠᠯ᠎ᠢ ᠬᠠᠷᠢᠭᠤᠴᠠᠬᠤ᠎ᠳᠤ ᠳᠣᠭᠢᠷᠠᠬᠤ ᠥᠬᠡᠶ ᠪᠣᠯᠵᠣ᠂ 3 ᠨᠥᠬᠥᠷ᠎ᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠮ᠎ᠤᠨ ᠬᠤᠷᠢᠶ᠎ᠠ᠎ᠶᠢᠨ ᠭᠡᠱᠢᠭᠦᠨ᠎ᠦ ᠲᠤᠱᠢᠶᠠᠯ᠎ᠡᠴᠡ᠎ᠨᠢ ᠪᠠᠭᠤᠯᠭᠠᠬᠤ᠎ᠪᠠᠷ ᠲᠣᠭ᠍ᠲᠠᠪᠠ᠃
ᠪᠦᠬᠦᠳᠡ ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠯᠢᠦ ᠽᠢ ᠴᠢᠶᠠᠩ᠎ᠤᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ ᠠᠰᠠᠭᠤᠳᠠᠯ᠎ᠤᠨ ᠲᠤᠬᠠᠢ ᠬᠢᠨᠠᠨ ᠪᠠᠢᠴᠠᠭᠠᠭ᠍ᠰᠠᠨ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠴᠠᠩ ᠴᠢᠩ ᠨᠥᠬᠥᠷ᠎ᠦᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ ᠠᠰᠠᠭᠤᠳᠠᠯ᠎ᠤᠨ ᠲᠤᠬᠠᠢ ᠬᠢᠨᠠᠨ ᠪᠠᠢᠴᠠᠭᠠᠭ᠍ᠰᠠᠨ ᠮᠡᠳᠡᠭᠦᠯᠦᠯᠲᠡ᠎ᠶ᠋ᠢ ᠬᠢᠨᠠᠨ ᠵᠥᠪᠯᠡᠭ᠌ᠰᠡᠨ ᠪᠥᠭᠡᠳ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠡᠭᠦᠨ᠎ᠡᠴᠡ ᠡᠮᠦᠨ᠎ᠡ ᠲᠣᠭ᠍ᠲᠠᠭᠠᠭ᠍ᠰᠠᠨ ᠯᠢᠦ ᠽᠢ ᠴᠢᠶᠠᠩ᠎ᠢ ᠨᠠᠮ᠎ᠡᠴᠡ ᠬᠥᠭᠡᠭᠡᠵᠦ᠍᠂ ᠴᠠᠩ ᠴᠢᠩ ᠨᠥᠬᠥᠷ᠎ᠢ ᠨᠢᠭᠡ ᠵᠢᠯ ᠨᠠᠮ᠎ᠳᠤ ᠦᠯᠡᠳᠡᠭᠡᠵᠦ᠍ ᠬᠢᠨᠠᠨ ᠦᠵᠡᠬᠦ᠌ ᠱᠢᠢᠳᠭᠡᠯ᠎ᠢ ᠪᠠᠳᠤᠯᠠᠪᠠ᠃
ᠪᠥᠬᠥᠳᠡ ᠬᠤᠷᠠᠯ᠎ᠡᠴᠡ᠂ ᠪᠥᠬᠥ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ ᠰᠢ᠎ᠵᠢᠨ᠎ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ ᠡᠨᠡᠷᠢᠯ᠎ᠳᠦ ᠲᠠᠯᠠᠷᠬᠠᠵᠤ ᠡᠷᠡᠮᠡᠬᠡᠢᠯᠡᠨ ᠤᠷᠤᠭ᠍ᠰᠢᠯᠠᠵᠤ᠂ ᠰᠠᠬᠢᠨᠪᠠᠷᠡᠯᠡᠵᠦ᠍ ᠬᠠᠷᠢᠯᠴᠠᠨ ᠬᠠᠪᠰᠤᠷᠤᠯᠴᠠᠵᠤ᠂ ᠴᠤᠴᠠᠯᠲᠠ ᠥᠬᠡᠶ ᠤᠷᠤᠭ᠍ᠰᠢᠯᠠᠵᠤ᠂ ᠪᠥᠬᠥ᠌ ᠤᠯᠤᠰ᠎ᠲᠠᠶ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠲᠥᠯᠥᠭᠡ ᠬᠠᠮᠲᠤ᠎ᠪᠠᠷ ᠲᠡᠮᠡᠴᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠲᠠᠰᠤᠷᠠᠯᠲᠠ ᠥᠬᠡᠶ ᠪᠢᠴᠢᠭ᠌ᠯᠡᠳᠦᠭᠡᠢ ᠭᠡᠵᠦ᠍ ᠤᠷᠢᠶᠠᠯᠠᠪᠠ᠃