ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠸᠠᠩ ᠸᠧᠢ ᠵᠦᠩ ᠠᠯᠠᠱᠠ ᠠᠢᠮᠠᠭ᠎ᠲᠤ ᠪᠠᠢᠴᠠᠭᠠᠨ ᠰᠤᠳᠤᠯᠬᠤ ᠳ᠋ᠠᠭᠠᠨ ᠴᠢᠬᠤᠯᠠᠴᠢᠯᠠᠭ᠍ᠰᠠᠨ ᠨᠢ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠳᠠ ᠳᠤᠮᠳᠠ ᠱᠢᠨ᠎ᠡ ᠬᠥᠭ᠌ᠵᠢᠯᠲᠡ᠎ᠶ᠋ᠢ ᠪᠡᠶᠡᠯᠡᠭᠦᠯᠵᠤ ᠴᠢᠨᠠᠷ ᠰᠠᠢᠲᠠᠶ ᠬᠥᠭ᠌ᠵᠢᠯᠲᠡ ᠳᠤᠮᠳᠠ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠬᠤ ᠬᠡᠷᠡᠭ᠌ᠲᠡᠶ
ᠨᠡᠶ᠋ᠢᠲᠡᠯᠡᠭᠰᠡᠨ ᠴᠠᠭ᠄ 2025-11-19

11 ᠰᠠᠷ᠎ᠠ᠎ᠶ᠋ᠢᠨ 17᠎ᠠᠴᠠ 18᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠠᠯᠠᠱᠠ ᠠᠢᠮᠠᠭ᠎ᠲᠤ ᠬᠦᠷᠴᠦ᠍᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ ᠵᠠᠰᠠᠬᠤ᠂ ᠱᠢᠨ᠎ᠡ ᠡᠨᠧᠷᠭᠢ᠎ᠶ᠋ᠢᠨ ᠪᠥᠲᠥᠭᠡᠨ ᠪᠠᠢᠭᠤᠯᠤᠯᠲᠠ᠂ ᠠᠵᠤ ᠦᠶ᠋ᠯᠡᠰ᠎ᠦᠨ ᠬᠥᠭ᠌ᠵᠢᠯᠲᠡ ᠵᠡᠷᠭᠡ ᠪᠠᠢᠳᠠᠯ᠎ᠢ ᠪᠠᠢᠴᠠᠭᠠᠨ ᠰᠤᠳᠤᠯᠪᠠ᠃ ᠲᠡᠷᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠤᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ᠎ᠶᠢᠨ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠳᠠ ᠳᠤᠮᠳᠠ ᠱᠢᠨ᠎ᠡ ᠬᠥᠭ᠌ᠵᠢᠯᠲᠡ᠎ᠶ᠋ᠢ ᠪᠡᠶᠡᠯᠡᠭᠦᠯᠵᠦ᠍᠂ ᠴᠢᠨᠠᠷ ᠰᠠᠢᠲᠠᠶ ᠬᠥᠭ᠌ᠵᠢᠯᠲᠡ ᠳᠤᠮᠳᠠ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠸᠠᠩ ᠸᠧᠢ ᠵᠦᠩ ᠤᠷᠢᠳ ᠬᠣᠵᠢᠳ ᠲᠩᠷᠢ ᠡᠯᠡᠰᠦᠨ᠎ᠦ ᠵᠡᠭᠦᠨ ᠵᠠᠬ᠎ᠠ᠎ᠶ᠋ᠢᠨ ᠡᠯᠡᠰᠦ᠎ᠶ᠋ᠢ ᠰᠡᠷᠭᠡᠢᠯᠡᠵᠦ᠍ ᠡᠯᠡᠰᠦᠷᠬᠡᠭᠵᠢᠯ᠎ᠢ ᠵᠠᠰᠠᠬᠤ ᠲᠦᠷᠦᠯ ᠵᠦᠢᠯ᠎ᠦᠨ ᠲᠣᠭᠣᠷᠢᠭ ᠪᠣᠯᠤᠨ 《ᠵᠠᠭᠤᠨ ᠲᠦᠮᠡᠨ ᠮᠦ᠍》 ᠵᠠᠭ ᠮᠣᠳᠣᠨ᠎ᠤ ᠠᠮᠢ ᠠᠬᠤᠢ᠎ᠶ᠋ᠢᠨ ᠤᠢ᠎ᠶ᠋ᠢᠨ ᠲᠦᠷᠦᠯ ᠵᠦᠢᠯ᠎ᠦᠨ ᠵᠡᠬᠦᠨ ᠪᠡᠯ᠎ᠤᠨ ᠰᠠᠭᠤᠷᠢᠨ᠎ᠳᠤ ᠬᠦᠷᠴᠦ᠍᠂ ᠤᠷᠭᠤᠮᠠᠯ᠎ᠤᠨ ᠬᠤᠴᠢᠯᠭ᠎ᠠ᠎ᠶ᠋ᠢᠨ ᠤᠷᠭᠤᠴᠠ ᠪᠣᠯᠤᠨ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠲᠤᠬᠠᠢ᠎ᠶ᠋ᠢᠨ ᠭᠠᠵᠠᠷ᠎ᠲᠤᠨᠢ ᠪᠠᠢᠴᠠᠭᠠᠨ ᠦᠵᠡᠵᠦ᠍᠂ ᠡᠯᠡᠰᠦ᠎ᠶ᠋ᠢ ᠰᠡᠷᠭᠡᠢᠯᠡᠵᠦ᠍ ᠡᠯᠡᠰᠦᠷᠬᠡᠭᠵᠢᠯ᠎ᠢ ᠵᠠᠰᠠᠬᠤ ᠠᠬᠢᠴᠠ᠎ᠶ᠋ᠢᠨ ᠪᠠᠢᠳᠠᠯ᠎ᠢ ᠨᠠᠷᠢᠨ ᠣᠢᠯᠠᠭᠠᠪᠠ᠃ ᠲᠡᠷᠡ᠂ 《ᠤᠮᠠᠷᠠᠳᠤ᠎ᠶᠢᠨ ᠭᠤᠷᠪᠠᠨ ᠤᠷᠤᠨ》᠎ᠤ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠌ ᠪᠣᠯ ᠶᠡᠷᠦᠩᠬᠡᠶ ᠱᠦᠵᠢ ᠰᠢ᠎ᠵᠢᠨ᠎ᠫᠢᠩ᠎ᠦᠨ ᠪᠡᠶ᠎ᠡ᠎ᠪᠡᠷ᠎ᠢᠶᠡᠨ ᠲᠥᠯᠥᠪᠵᠢᠭᠦᠯᠵᠦ᠍᠂ ᠪᠡᠶ᠎ᠡ᠎ᠪᠡᠷ᠎ᠢᠶᠡᠨ ᠪᠠᠢᠷᠢᠯᠠᠭᠤᠯᠤᠭ᠍ᠰᠠᠨ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ ᠮᠥᠨ᠂ 《ᠤᠯᠤᠰ᠎ᠤᠨ ᠶᠡᠬᠡ ᠶᠠᠪᠤᠳᠠᠯ》᠎ᠢ ᠪᠠᠲᠤ ᠴᠡᠭᠡᠵᠢᠯᠡᠵᠦ᠍᠂ ᠡᠯᠡᠰᠦᠷᠬᠡᠭ᠌ᠵᠢᠯ᠎ᠢ ᠵᠠᠰᠠᠬᠤ ᠠᠬᠢᠴᠠ᠎ᠶ᠋ᠢ ᠲᠦᠷᠭᠡᠳᠭᠡᠵᠦ᠍᠂ ᠪᠠᠢᠭᠤᠯᠤᠭ᠍ᠰᠠᠨ᠎ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ᠎ᠶ᠋ᠢ ᠴᠢᠩᠭᠠᠳᠭᠠᠵᠤ᠂ 《ᠤᠮᠠᠷᠠᠳᠤ᠎ᠶᠢᠨ ᠭᠤᠷᠪᠠᠨ ᠤᠷᠤᠨ》᠎ᠤ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠤᠯᠬᠤ᠎ᠶ᠋ᠢ ᠪᠠᠲᠤᠯᠠᠬᠤ ᠬᠡᠷᠡᠭ᠌ᠲᠡᠶ᠃ ᠡᠯᠡᠰᠦᠷᠬᠡᠭᠵᠢᠯ᠎ᠢ ᠵᠠᠰᠠᠬᠤ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠬᠦᠳᠡᠯᠮᠦᠷᠢᠯᠡᠬᠦ᠎ᠪᠠᠷ ᠲᠡᠳᠬᠦᠮᠵᠢ᠎ᠶ᠋ᠢ ᠣᠷᠣᠯᠠᠭᠤᠯᠬᠤ᠎ᠶ᠋ᠢ ᠶᠡᠬᠡ᠎ᠪᠡᠷ ᠬᠡᠷᠡᠭ᠌ᠵᠢᠭᠦᠯᠵᠦ᠍᠂ ᠠᠮᠢ ᠠᠬᠤᠢ᠎ᠶ᠋ᠢᠨ ᠦᠷ᠎ᠡ ᠠᠱᠢᠭ᠂ ᠠᠵᠤ ᠠᠬᠤᠢ᠎ᠶ᠋ᠢᠨ ᠦᠷ᠎ᠡ ᠠᠱᠢᠭ᠂ ᠨᠡᠢᠭᠡᠮ᠎ᠦᠨ ᠦᠷ᠎ᠡ ᠠᠱᠢᠭ᠎ᠢ ᠤᠯᠠᠨ ᠤᠯᠬᠤ᠎ᠶ᠋ᠢ ᠴᠢᠷᠮᠠᠢᠨ ᠪᠡᠶᠡᠯᠡᠭᠦᠯᠬᠦ᠌ ᠬᠡᠷᠡᠭ᠌ᠲᠡᠢ᠃ ᠠᠯᠠᠱᠠ ᠠᠢᠮᠠᠭ᠎ᠤᠨ᠎ᠬᠢᠨ ᠲᠥᠷᠥᠯ ᠵᠦᠶ᠋ᠯ᠎ᠦᠨ ᠡᠮᠦᠨᠡᠬᠢ ᠬᠤᠭᠤᠴᠠᠭᠠᠨ᠎ᠤ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠾᠧ ᠰᠢ᠎ᠶ᠋ᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠦᠨ ᠬᠥᠪᠡᠭᠡ ᠳᠠᠭᠠᠤ᠎ᠶᠢᠨ ᠬᠣᠷᠢᠭ᠍ᠯᠠᠯᠳᠠ᠎ᠶᠢᠨ ᠳᠠᠢᠯᠠᠯᠳᠤᠭᠠᠨ᠎ᠤ ᠥᠪᠥᠷ ᠮᠣᠩᠭᠣᠯ᠎ᠤᠨ ᠬᠡᠰᠡᠭ᠎ᠤᠨ ᠡᠭᠦᠷᠭᠡ᠎ᠶ᠋ᠢ ᠪᠥᠬᠥ᠌ ᠬᠦᠴᠦᠨ᠎ᠢᠶᠡᠷ᠎ᠢᠶᠡᠨ ᠪᠡᠶᠡᠯᠡᠭᠦᠯᠵᠦ᠍᠂ ᠪᠠᠳᠠᠢ᠎ᠶ᠋ᠢᠨ ᠵᠢᠷᠠᠨ᠂ ᠲᠩᠷᠢ ᠡᠯᠡᠰᠦᠨ᠎ᠤ ᠬᠥᠪᠡᠭᠡ ᠵᠠᠬ᠎ᠠ᠎ᠶ᠋ᠢ ᠪᠢᠲᠡᠭᠦᠮᠵᠢᠯᠡᠬᠦ᠌ ᠣᠶ ᠪᠡᠯᠴᠢᠭᠡᠷ᠎ᠦᠨ ᠪᠦᠰᠡ᠎ᠶᠢ ᠥᠷᠭᠡᠳᠭᠡᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠬᠦ᠌ ᠬᠡᠷᠡᠭ᠌ᠲᠡᠶ ᠭᠡᠵᠤ ᠵᠢᠭᠠᠵᠤ ᠭᠠᠷᠭᠠᠵᠠᠢ᠃

ᠲᠩᠷᠢ ᠡᠯᠡᠰᠦᠨ᠎ᠦ ᠵᠡᠭᠦᠨ ᠡᠮᠦᠨᠡᠲᠦ ᠬᠡᠰᠡᠭ᠎ᠤᠨ ᠱᠢᠨ᠎ᠡ ᠡᠨᠧᠷᠭᠢ᠎ᠶᠢᠨ ᠲᠤᠮᠤ ᠰᠠᠭᠤᠷᠢᠨ᠎ᠳᠤ᠂ ᠸᠠᠩ ᠸᠧᠢ ᠵᠦᠩ ᠲᠦᠷᠦᠯ ᠵᠦᠢᠯ᠎ᠦᠨ ᠲᠥᠯᠥᠪᠵᠢᠭᠦᠯᠭᠡ᠂ ᠪᠦᠳᠦᠭᠡᠨ ᠪᠠᠢᠭᠤᠯᠤᠯᠲᠠ ᠪᠠ ᠡᠵᠡᠩᠨᠡᠯᠲᠡ ᠵᠡᠷᠭᠡ ᠪᠠᠢᠳᠠᠯ᠎ᠤᠨ ᠲᠠᠨᠢᠯᠴᠠᠭᠤᠯᠭ᠎ᠠ᠎ᠶ᠋ᠢ ᠨᠠᠷᠢᠨ ᠬᠢᠨᠠᠮᠠᠭᠠᠢ ᠰᠣᠨᠣᠰᠪᠠ᠃ ᠲᠡᠷᠡ᠂ ᠶᠡᠷᠦᠩᠬᠡᠶ ᠱᠦᠵᠢ ᠰᠢ᠎ᠵᠢᠨ᠎ᠫᠢᠩ᠎ᠦᠨ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢ ᠰᠠᠢᠲᠤᠷ ᠬᠢᠬᠦ᠌ ᠲᠤᠬᠠᠶ ᠴᠢᠬᠤᠯᠠ ᠵᠢᠭᠠᠪᠤᠷᠢ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠡᠨᠧᠷᠭᠢ᠎ᠶ᠋ᠢ ᠲᠤᠬᠠᠶ᠎ᠶ᠋ᠢᠨ ᠭᠠᠵᠠᠷ ᠲᠠᠭᠠᠨ ᠱᠢᠩᠭᠡᠭᠡᠬᠦ ᠪᠠ ᠭᠠᠳᠠᠭ᠍ᠰᠢ ᠬᠦᠷᠭᠡᠬᠦ᠌᠎ᠶ᠋ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠠᠳᠭᠤᠵᠤ᠂ ᠱᠠᠯᠠᠪᠳᠠᠨ ᠠᠵᠢᠯᠯᠠᠵᠤ᠂ ᠲᠥᠷᠥᠯ ᠵᠦᠶ᠋ᠯ᠎ᠤᠨ ᠪᠥᠲᠥᠭᠡᠨ ᠪᠠᠢᠭᠤᠯᠤᠯᠲᠠ᠎ᠶ᠋ᠢ ᠴᠢᠨᠠᠷ ᠰᠠᠢᠲᠠᠶ ᠥᠨᠳᠥᠷ ᠪᠦᠲᠦᠮᠵᠢᠲᠡᠶ ᠠᠬᠢᠭᠤᠯᠵᠤ᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠵᠠᠩᠭᠢᠯᠠᠭ᠎ᠠ᠎ᠶ᠋ᠢᠨ ᠮᠠᠲ᠋ᠧᠷᠢᠶᠠᠯ᠂ ᠲᠣᠨᠣᠭ᠍ᠯᠠᠯ ᠵᠢᠴᠢ ᠰᠡᠯᠪᠢᠭ ᠲᠣᠨᠣᠭ ᠵᠡᠷᠭᠡ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠬᠠᠮᠵᠢᠯᠴᠠᠨ ᠠᠬᠢᠭᠤᠯᠵᠤ᠂ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭ᠌ᠴᠢᠲᠦ᠂ ᠠᠮᠤᠷ ᠲᠦᠪᠱᠢᠨ ᠥᠨᠳᠥᠷ ᠪᠦᠲᠦᠮᠵᠢᠲᠡᠶ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠬᠤ ᠬᠡᠷᠡᠭ᠌ᠲᠡᠶ ᠭᠡᠵᠦ᠍ ᠬᠡᠯᠡᠪᠡ᠃

ᠳ᠋ᠦᠩ ᠡᠸ ᠡᠸ ᠵᠢᠶᠤᠤ ᠺᠤᠮᠫᠠᠨᠢ᠎ᠶᠢᠨ ᠠᠯᠠᠱᠠ᠎ᠶ᠋ᠢᠨ ᠴᠠᠭᠠᠨ ᠭᠣᠶᠣᠣ᠎ᠶ᠋ᠢᠨ ᠪᠦᠯᠦᠭ᠌ᠯᠡᠯ᠎ᠳᠦ᠂ ᠸᠠᠩ ᠸᠧᠢ ᠵᠦᠩ ᠲᠦᠭᠦᠬᠡᠢ ᠮᠠᠲ᠋ᠧᠷᠢᠶᠠᠯ ᠲᠠᠷᠢᠬᠤ᠂ ᠪᠦᠲᠦᠭᠡᠭ᠌ᠳᠡᠬᠦᠨ ᠰᠤᠳᠤᠯᠤᠨ ᠨᠡᠭᠡᠭᠡᠬᠦ᠌᠂ ᠵᠠᠬ᠎ᠠ ᠳᠡᠯᠭᠡᠭᠦᠷ᠎ᠦᠨ ᠡᠵᠡᠩᠨᠡᠯᠲᠠ ᠪᠣᠷᠣᠯᠠᠭᠤᠯᠭ᠎ᠠ᠂ ᠲᠦᠷᠦᠯ ᠲᠡᠮᠳᠡᠭ᠎ᠦᠨ ᠪᠠᠢᠭᠤᠯᠤᠯᠲᠠ ᠵᠡᠷᠭᠡ ᠪᠠᠢᠳᠠᠯ᠎ᠢ ᠭᠦᠨᠵᠡᠭᠡᠢ ᠣᠢᠯᠠᠭᠠᠪᠠ᠃ ᠲᠡᠷᠡ᠂ ᠠᠯᠠᠱᠠ᠎ᠶ᠋ᠢᠨ ᠴᠠᠭᠠᠨ ᠭᠣᠶᠣᠣ ᠯᠤᠲᠤ ᠶᠡᠬᠡ ᠨᠡᠭᠡᠭᠡᠨ ᠬᠥᠭ᠌ᠵᠢᠭᠦᠯᠬᠦ᠌ ᠳᠠᠯᠳᠠ ᠬᠦᠴᠦᠨ ᠪᠠ ᠵᠠᠬ᠎ᠠ ᠳᠡᠯᠭᠡᠭᠦᠷ᠎ᠦᠨ ᠠᠯᠤᠰ ᠢᠷᠡᠭᠡᠳᠦᠶ᠎ᠲᠡᠶ ᠶᠤᠮ᠂ ᠥᠷᠲᠡᠭ ᠦᠶ᠋ᠯᠡᠳᠦᠯ᠎ᠦᠨ ᠰᠤᠳᠤᠯᠭᠠᠨ᠎ᠢ ᠦᠷᠭᠦᠯᠵᠢᠯᠡᠨ ᠴᠢᠩᠭᠠᠳᠭᠠᠵᠤ᠂ ᠪᠦᠲᠦᠭᠡᠭᠳᠡᠭᠦᠨ᠎ᠦ ᠬᠠᠩᠭᠠᠯᠭ᠎ᠠ᠎ᠶ᠋ᠢ ᠲᠠᠰᠤᠷᠠᠯᠲᠠ ᠥᠬᠡᠶ ᠪᠠᠶᠠᠯᠢᠭ᠍ᠵᠢᠭᠤᠯᠤᠨ᠂ ᠠᠵᠤ ᠦᠶ᠋ᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠬᠡᠷᠡᠭ᠌ᠲᠡᠶ ᠭᠡᠪᠡ᠃ ᠥᠪᠥᠷ ᠮᠣᠩᠭᠣᠯ᠎ᠤᠨ ᠯᠢᠩ ᠱᠧᠩ ᠲᠠᠷᠢᠮᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠪᠣᠯᠤᠨ ᠳᠤᠮᠳᠠᠳᠤ ᠤᠯᠤᠰ᠎ᠤᠨ ᠳᠠᠪᠤᠰᠤᠨ᠎ᠦ ᠦᠢᠯᠡᠰ᠎ᠤᠨ ᠺᠤᠮᠫᠠᠨᠢ᠎ᠶᠢᠨ ᠥᠪᠥᠷ ᠮᠣᠩᠭᠣᠯ᠎ᠤᠨ ᠬᠢᠮᠢ᠎ᠶᠢᠨ ᠠᠵᠤ ᠦᠶ᠋ᠯᠡᠳᠪᠦᠷᠢ᠎ᠶ᠋ᠢᠨ ᠬᠤᠪᠢᠴᠠᠭᠠᠳᠤ ᠬᠢᠵᠠᠭᠠᠷᠲᠤ ᠺᠣᠮᠫᠠᠨᠢ᠎ᠳᠤ᠂ ᠸᠠᠩ ᠸᠧᠶ ᠵᠥᠩ ᠠᠵᠤ ᠠᠬᠤᠢᠯᠠᠯ᠎ᠤᠨ ᠬᠠᠷᠢᠭᠤᠴᠠᠯᠭᠠᠲᠠᠳ᠎ᠲᠡᠶ ᠰᠠᠨᠠᠯ᠎ᠢᠶᠠᠨ ᠭᠦᠨᠵᠡᠭᠡᠶ ᠰᠣᠯᠢᠯᠴᠠᠵᠤ᠂ ᠠᠵᠤ ᠠᠬᠤᠢᠯᠠᠯ᠎ᠤᠨ ᠬᠥᠭ᠌ᠵᠢᠯᠲᠡ᠂ ᠮᠡᠷᠭᠡᠵᠢᠯ᠎ᠦᠨ ᠱᠢᠨ᠎ᠡ ᠡᠭᠦᠳᠦᠯᠲᠡ᠂ ᠦᠶ᠋ᠯᠡᠳᠪᠦᠷᠢᠯᠡᠯ ᠡᠵᠡᠩᠨᠡᠯᠲᠡ ᠵᠡᠷᠭᠡ ᠪᠠᠢᠳᠠᠯ᠎ᠢ ᠨᠠᠷᠢᠨ ᠠᠰᠠᠭᠤᠵᠤ᠂ ᠠᠵᠤ ᠠᠬᠤᠢᠯᠠᠯ᠎ᠢ ᠮᠡᠷᠭᠡᠵᠢᠯ᠎ᠦᠨ ᠰᠤᠳᠤᠯᠤᠨ ᠨᠡᠭᠡᠭᠡᠯᠲᠡ᠎ᠪᠡᠨ ᠴᠢᠩᠭᠠᠳᠭᠠᠵᠤ᠂ ᠵᠠᠬ᠎ᠠ ᠳᠡᠯᠭᠡᠭᠦᠷ᠎ᠦᠨ ᠬᠡᠷᠡᠭ᠌ᠴᠡᠭᠡ᠎ᠲᠠᠶ ᠣᠨᠣᠪᠴᠢᠳᠠᠢ ᠵᠣᠯᠭᠠᠭᠤᠯᠵᠤ᠂ ᠦᠶ᠋ᠯᠡᠳᠪᠦᠷᠢᠯᠡᠯ᠎ᠤᠨ ᠤᠷ᠎ᠠ ᠮᠡᠷᠭᠡᠱᠢᠯ᠎ᠢᠶᠡᠨ ᠰᠠᠢᠵᠢᠷᠠᠭᠤᠯᠵᠤ᠂ ᠠᠵᠤ ᠦᠶ᠋ᠯᠡᠰ᠎ᠦᠨ ᠭᠤᠤᠯᠯᠠᠬᠤ ᠥᠷᠢᠰᠥᠯᠳᠦᠬᠦ᠌ ᠬᠦᠴᠦᠨ᠎ᠢᠶᠡᠨ ᠳᠡᠭᠡᠭ᠌ᠰᠢᠯᠡᠭᠦᠯᠬᠦ᠌᠎ᠶ᠋ᠢᠨ ᠬᠠᠮᠲᠤ ᠬᠡᠯᠬᠢᠶ᠎ᠡ᠎ᠶ᠋ᠢᠨ ᠭᠤᠤᠯᠯᠠᠭᠴᠢ ᠪᠤᠯᠤᠭᠰᠠᠨ ᠦᠶ᠋ᠯᠡᠳᠦᠯ᠎ᠢᠶᠡᠨ ᠰᠠᠢᠲᠤᠷ ᠪᠠᠳᠠᠷᠠᠭᠤᠯᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠣᠭᠣᠷᠢᠨ᠎ᠳᠤ ᠣᠨᠣᠪᠴᠢᠳᠠᠢ᠎ᠪᠠᠷ ᠠᠷᠠᠯᠵᠢᠶᠠᠴᠢᠨ ᠤᠷᠢᠵᠤ᠂ ᠪᠥᠬᠥ᠌ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠬᠦ᠌ ᠬᠡᠷᠡᠭ᠌ᠲᠡᠶ ᠭᠡᠵᠦ᠍ ᠵᠣᠷᠢᠭ᠍ᠵᠢᠭᠤᠯᠪᠠ᠃ ᠲᠡᠷᠡ ᠠᠵᠤ ᠠᠬᠤᠢᠯᠠᠯ᠎ᠢ 《ᠴᠠᠭ ᠢᠮᠠᠭ᠍ᠲᠠ ᠰᠠᠨᠠᠭ᠎ᠠ ᠠᠮᠤᠷ ᠦᠭᠡᠢ ᠪᠠᠢᠬᠤ》 ᠬᠠᠷᠢᠭᠤᠴᠠᠯᠭᠠᠲᠤ ᠰᠡᠳᠭᠢᠯᠭᠡ᠎ᠪᠡᠷ ᠠᠶᠤᠯᠭᠦᠢ ᠦᠢᠯᠡᠳᠪᠦᠷᠢᠯᠡᠯ᠎ᠢ ᠰᠠᠢᠲᠤᠷ ᠠᠳᠭᠤᠵᠤ᠂ ᠪᠣᠬᠢᠷᠲᠤᠯ᠎ᠢ ᠵᠠᠰᠠᠬᠤ ᠲᠦᠪᠱᠢᠨ᠎ᠢᠶᠡᠨ ᠦᠷᠭᠦᠯᠵᠢᠯᠡᠨ ᠳᠡᠭᠡᠭ᠌ᠰᠢᠯᠡᠭᠦᠯᠵᠦ᠍᠂ ᠠᠮᠤᠷ ᠲᠦᠪᠱᠢᠨ ᠪᠠ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠣᠶᠠᠷ ᠬᠣᠷᠢᠭ᠎ᠠ ᠱᠤᠭᠤᠮ᠎ᠢ ᠦᠨᠡᠨ ᠬᠦ᠌ ᠪᠠᠲᠤ ᠰᠠᠬᠢᠬᠤ ᠬᠡᠷᠡᠭ᠌ᠲᠡᠢ ᠭᠡᠵᠦ᠍ ᠱᠠᠭᠠᠷᠳᠠᠪᠠ᠃

ᠪᠠᠢᠴᠠᠭᠠᠨ ᠰᠤᠳᠤᠯᠤᠯᠲᠠ ᠳᠤᠮᠳᠠ᠂ ᠸᠠᠩ ᠸᠧᠢ ᠵᠦᠩ ᠠᠯᠠᠱᠠ ᠠᠢᠮᠠᠭ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠣᠯᠤᠭ᠍ᠰᠠᠨ ᠦᠷ᠎ᠡ ᠪᠦᠲᠦᠮᠵᠢ᠎ᠶ᠋ᠢ ᠨᠤᠲᠠᠯᠠᠵᠤ᠂ ᠲᠤᠬᠠᠢ᠎ᠶ᠋ᠢᠨ ᠭᠠᠵᠠᠷ᠎ᠤᠨ ᠬᠢᠨ ᠡᠷᠴᠢ ᠵᠣᠷᠢᠭ᠎ᠢᠶᠠᠨ ᠬᠥᠪᠴᠢᠯᠡᠵᠦ᠍᠂ ᠴᠢᠷᠮᠠᠢᠭ᠍ᠰᠠᠨ ᠳᠡᠭᠡᠷ᠎ᠡ᠎ᠪᠡᠨ ᠴᠢᠷᠮᠠᠢᠵᠤ᠂ ᠪᠦᠬᠦ᠌ ᠵᠢᠯ᠎ᠦᠨ ᠡᠯ᠎ᠡ ᠵᠦᠢᠯ᠎ᠤᠨ ᠬᠠᠷᠠᠯᠲᠠ ᠡᠭᠦᠷᠭᠡ᠎ᠪᠡᠨ ᠪᠦᠬᠦ᠌ ᠬᠦᠴᠦᠨ᠎ᠢᠶᠡᠷ᠎ᠢᠶᠡᠨ ᠰᠠᠢᠲᠤᠷ ᠪᠡᠶᠡᠯᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭᠠᠨ᠎ᠤ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠦᠨ ᠪᠠᠢᠷᠢᠯᠠᠭᠤᠯᠵᠤ᠂ ᠪᠦᠬᠦ᠌ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠦ ᠨᠡᠩ ᠶᠡᠬᠡ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ᠍ ᠱᠠᠭᠠᠷᠳᠠᠪᠠ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠤᠢ ᠯᠢ ᠰᠢᠨ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ