11 ᠰᠠᠷ᠎ᠠ᠎ᠶ᠋ᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠶ ᠵᠥᠩ ᠦᠬᠠᠶ ᠬᠣᠲᠠ᠎ᠳᠤ ᠬᠦᠷᠴᠦ᠍᠂ ᠠᠮᠢ ᠠᠬᠤᠶ ᠣᠷᠴᠢᠨ ᠲᠣᠭᠣᠷᠢᠨ᠎ᠤ ᠵᠠᠰᠠᠯᠲᠠ᠂ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠤᠨ ᠬᠦᠴᠦᠨ᠎ᠢ ᠪᠣᠢᠵᠢᠭᠤᠯᠬᠤ ᠵᠡᠷᠭᠡ ᠪᠠᠢᠳᠠᠯ᠎ᠢ ᠪᠠᠢᠴᠠᠭᠠᠨ ᠰᠤᠳᠤᠯᠵᠤ᠂ ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠢᠨᠠᠨ ᠪᠠᠢᠴᠠᠭᠠᠯᠳᠠ᠎ᠳᠦ ᠵᠠᠷᠯᠠᠭᠰᠠᠨ ᠨᠡᠢᠲᠡᠯᠢᠭ ᠬᠡᠷᠡᠭ᠎ᠤᠨ ᠵᠢᠱ᠌ᠢᠶ᠎ᠡ᠎ᠶᠢ ᠴᠡᠭ᠌ᠴᠡᠯᠡᠨ ᠰᠠᠢᠵᠢᠷᠠᠭᠤᠯᠬᠤ ᠠᠵᠢᠯ᠎ᠢ ᠲᠤᠬᠠᠶ᠎ᠶ᠋ᠢᠨ ᠭᠠᠵᠠᠷ᠎ᠲᠤᠨᠢ ᠬᠢᠨᠠᠨ ᠵᠢᠯᠣᠭᠣᠳᠪᠠ᠃ ᠲᠡᠷᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ᠎ᠶᠢᠨ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠠᠵᠤ ᠦᠶ᠋ᠯᠡᠰ᠎ᠤᠨ ᠬᠡᠯᠪᠡᠷᠢ ᠪᠡᠨ ᠬᠤᠪᠢᠷᠠᠭᠤᠯᠤᠨ ᠲᠠᠰ ᠳᠡᠪᠱᠢᠭᠦᠯᠬᠦ᠌ ᠪᠠ ᠪᠦᠲᠦᠴᠡ᠎ᠶ᠋ᠢᠨ ᠲᠣᠬᠢᠷᠠᠭᠤᠯᠤᠯᠲᠠ ᠬᠢᠬᠦ᠌᠎ᠶᠢ ᠶᠡᠬᠡᠪᠡᠷ ᠠᠬᠢᠭᠤᠯᠵᠤ᠂ ᠱᠢᠨ᠎ᠡ ᠳᠠᠪᠠᠭᠤᠯᠢᠭ᠎ᠢ ᠪᠣᠶ ᠪᠣᠯᠭᠠᠵᠤ᠂ ᠱᠢᠨ᠎ᠡ ᠬᠥᠳᠡᠯᠭᠡᠬᠦ᠌ ᠡᠨᠧᠷᠭᠢ᠎ᠶ᠋ᠢ ᠪᠣᠢᠵᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠦ᠍᠂ ᠡᠬᠢ ᠪᠠᠶᠠᠯᠢᠭ᠎ᠤᠨ ᠬᠡᠯᠪᠡᠷᠢ᠎ᠶ᠋ᠢᠨ ᠭᠠᠵᠠᠷ ᠣᠷᠣᠨ᠎ᠤ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠱᠢᠨ᠎ᠡ ᠵᠠᠮ᠎ᠢ ᠲᠦᠷᠭᠡᠨ ᠨᠡᠭᠡᠭᠡᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃

ᠸᠠᠩ ᠸᠧᠶ ᠵᠥᠩ ᠡᠩ ᠲᠡᠷᠢᠭᠦᠨ᠎ᠳᠦ ᠥᠪᠥᠷ ᠮᠣᠩᠭᠣᠯ᠎ᠤᠨ ᠳ᠋ᠦᠩ ᠶᠤᠸᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠦᠯᠦᠭ᠌ᠯᠡᠯ ᠬᠢᠵᠠᠭᠠᠷᠲᠤ ᠺᠣᠮᠫᠠᠨᠢ᠎ᠳᠤ ᠬᠦᠷᠴᠦ᠍᠂ ᠤᠷ᠎ᠠ ᠮᠡᠷᠭᠡᠱᠢᠯ᠎ᠦᠨ ᠶᠠᠪᠤᠴᠠ ᠪᠠ ᠦᠶ᠋ᠯᠡᠳᠪᠦᠷᠢᠯᠡᠯ ᠡᠵᠡᠩᠨᠡᠯᠲᠡ᠎ᠶ᠋ᠢᠨ ᠪᠠᠢᠳᠠᠯ᠎ᠢ ᠨᠠᠷᠢᠨ ᠠᠰᠠᠭᠤᠵᠤ᠂ ᠠᠵᠤ ᠠᠬᠤᠢᠯᠠᠯᠤᠨᠬᠢᠨᠢ ᠭᠤᠤᠯ ᠦᠶ᠋ᠯᠡᠰᠲᠡᠬᠡᠨ ᠠᠩᠬᠠᠷᠤᠯ᠎ᠢᠶᠠᠨ ᠲᠥᠪᠯᠡᠷᠡᠭᠦᠯᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠰᠤᠳᠤᠯᠤᠨ ᠨᠡᠭᠡᠭᠡᠬᠦ᠌᠎ᠪᠡᠨ ᠴᠢᠩᠭᠠᠳᠭᠠᠵᠤ᠂ ᠠᠵᠤ ᠦᠶ᠋ᠯᠡᠰ᠎ᠦᠨ ᠬᠡᠯᠬᠢᠶ᠎ᠡ᠎ᠪᠡᠨ ᠤᠷᠲᠤᠳᠭᠠᠵᠤ᠂ ᠠᠵᠤ ᠦᠶ᠋ᠯᠡᠰ᠎ᠦᠨ ᠬᠡᠪᠴᠢᠶ᠎ᠡ ᠪᠠ ᠵᠠᠬ᠎ᠠ ᠳᠡᠯᠭᠡᠭᠦᠷ᠎ᠦᠨ ᠬᠤᠪᠢ᠎ᠶ᠋ᠢᠨ ᠵᠢᠩ᠎ᠢᠶᠠᠨ ᠪᠤᠵᠠᠭᠠᠢᠷᠠᠭᠤᠯᠬᠤ᠎ᠶ᠋ᠢ ᠵᠣᠷᠢᠭ᠍ᠵᠢᠭᠤᠯᠵᠤ᠂ ᠲᠤᠬᠠᠶ᠎ᠶ᠋ᠢᠨ ᠭᠠᠵᠠᠷ᠎ᠤᠨ᠎ᠬᠢᠨ᠎ᠢ ᠤᠶᠤᠨᠴᠢᠯᠠᠬᠤ᠂ ᠪᠣᠬᠢᠷᠲᠤᠯ ᠥᠬᠡᠢᠵᠢᠭᠦᠯᠬᠦ᠂ ᠠᠭᠤᠰᠤᠯᠴᠠᠭᠤᠯᠬᠤ ᠴᠢᠭ᠌ᠯᠡᠯ᠎ᠢ ᠪᠠᠷᠢᠮᠲᠠᠯᠠᠵᠤ᠂ 《ᠨᠡᠭᠦᠷᠡᠰᠦ ᠨᠢ ᠡᠬᠢᠨ᠎ᠳᠦ ᠬᠢᠮᠢ᠎ᠶᠢᠨ ᠪᠦᠲᠦᠭᠡᠭᠳᠡᠭᠦᠨ ᠨᠢ ᠰᠡᠭᠦᠯ᠎ᠳᠤ》 ᠪᠠᠢᠬᠤ᠎ᠶᠢ ᠤᠨᠢᠯᠠᠨ ᠠᠵᠤ ᠦᠶ᠋ᠯᠡᠰ᠎ᠦᠨ ᠬᠡᠯᠬᠢᠶ᠎ᠡ᠎ᠪᠡᠨ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠡᠬᠢ ᠪᠠᠶᠠᠯᠢᠭ᠎ᠢ ᠤᠨᠳᠤᠤᠱᠢᠭᠤᠯᠤᠨ ᠥᠷᠲᠡᠭ᠎ᠢ ᠨᠡᠮᠡᠭ᠌ᠳᠡᠭᠦᠯᠬᠦ᠌ ᠴᠢᠳᠠᠪᠤᠷᠢ ᠪᠠ ᠠᠷᠢᠭᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ ᠲᠦᠪᠱᠢᠨ᠎ᠢᠶᠡᠨ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃


ᠴᠢᠩ ᠲᠤᠤ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠪᠣᠯᠤᠨ ᠦᠬᠠᠢ᠎ᠶ᠋ᠢᠨ ᠢᠷᠢᠳᠢ ᠮᠤᠯᠢᠪᠳᠧᠨ᠎ᠤ ᠱᠢᠨ᠎ᠡ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠳᠤ ᠸᠠᠩ ᠸᠧᠢ ᠵᠦᠩ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠲᠠᠶ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠬᠠᠲᠠᠭᠤ ᠲᠦᠯᠦᠪᠳᠤ ᠯᠢᠲ᠋ᠢ ᠳ᠋ᠢᠶᠠᠨ ᡂᠢ ᠪᠣᠯᠤᠨ ᠱᠢᠨ᠎ᠡ ᠡᠨᠧᠷᠭᠢ᠎ᠶ᠋ᠢᠨ ᠤᠶᠤᠨᠲᠤ ᠠᠭᠤᠷᠬᠠᠢ᠎ᠶ᠋ᠢᠨ ᠠᠴᠢᠶᠠᠨ᠎ᠤ ᠮᠠᠰᠢᠨ ᠲᠡᠷᠭᠡ᠎ᠶᠢᠨ ᠮᠡᠷᠭᠡᠵᠢᠯ᠎ᠦᠨ ᠱᠤᠭᠤᠮ᠂ ᠵᠠᠬ᠎ᠠ ᠳᠡᠯᠭᠡᠭᠦᠷ᠎ᠦᠨ ᠠᠯᠤᠰ ᠢᠷᠡᠭᠡᠳᠦᠢ ᠵᠡᠷᠭᠡ ᠪᠠᠢᠳᠠᠯ᠎ᠢ ᠨᠠᠷᠢᠨ ᠣᠢᠯᠠᠭᠠᠪᠠ᠃ ᠲᠡᠷᠡ᠂ ᠠᠵᠤ ᠠᠬᠤᠢᠯᠠᠯ ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ ᠪᠣᠯᠤᠭ᠍ᠰᠠᠨ᠎ᠤ ᠬᠤᠪᠢ᠎ᠳᠤ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠤᠤᠭᠠᠯ ᠡᠭᠦᠳᠦᠯᠲᠡ᠎ᠶ᠋ᠢᠨ ᠴᠢᠨᠠᠷᠲᠠᠢ᠂ ᠬᠦᠳᠦᠯᠥᠨ ᠳᠠᠭᠠᠭᠤᠯᠬᠤ ᠴᠢᠨᠠᠷᠲᠠᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠶ᠋ᠢ ᠴᠢᠩᠭᠠᠳᠭᠠᠵᠤ᠂ ᠭᠣᠣᠯᠯᠠᠭ᠍ᠴᠢ ᠦᠷᠢᠰᠦᠯᠳᠦᠬᠦ᠌ ᠬᠦᠴᠦᠨ᠎ᠢᠶᠡᠨ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ᠃ ᠦᠬᠠᠶ ᠬᠣᠲᠠ ᠡᠬᠢ ᠪᠠᠶᠠᠯᠢᠭ ᠱᠢᠪᠬᠠᠷᠤᠭ᠍ᠰᠠᠨ ᠬᠡᠯᠪᠡᠷᠢ᠎ᠶ᠋ᠢᠨ ᠬᠣᠲᠠ ᠪᠣᠯᠤᠭ᠍ᠰᠠᠨ᠎ᠤ ᠬᠤᠪᠢ᠎ᠳᠤ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠲᠤᠯᠭᠠᠮ ᠰᠡᠳᠭᠢᠯᠭᠡ᠎ᠪᠡᠨ ᠦᠨᠡᠨ ᠬᠦ᠌ ᠴᠢᠩᠭᠠᠳᠭᠠᠵᠤ᠂ ᠣᠲᠣᠬᠠᠨ᠎ᠤ ᠪᠠᠢᠭ᠎ᠠ ᠠᠵᠤ ᠦᠶ᠋ᠯᠡᠰ᠎ᠦᠨ ᠰᠠᠭᠤᠷᠢ ᠪᠠ ᠳᠠᠯᠳᠠ ᠬᠥᠭ᠌ᠵᠢᠯᠲᠡ᠎ᠶ᠋ᠢᠨ ᠳᠠᠪᠠᠭᠤᠯᠢᠭ᠎ᠲᠠᠭᠠᠨ ᠰᠠᠭᠤᠷᠢᠯᠠᠨ᠂ ᠱᠢᠨ᠎ᠡ ᠬᠡᠯᠪᠡᠷᠢ᠎ᠶ᠋ᠢᠨ ᠨᠥᠭᠡᠴᠡ ᠡᠨᠧᠷᠭᠢ᠂ ᠣᠶᠤᠨᠳᠤ ᠦᠶ᠋ᠯᠡᠳᠭᠡᠯ᠂ ᠱᠢᠨ᠎ᠡ ᠮᠠᠲ᠋ᠧᠷᠢᠶᠠᠯ ᠵᠡᠷᠭᠡ ᠠᠵᠤ ᠦᠶ᠋ᠯᠡᠰ᠎ᠦᠨ ᠬᠥᠭ᠌ᠵᠢᠯᠲᠡ᠎ᠶ᠋ᠢ ᠲᠦᠷᠭᠡᠳᠭᠡᠵᠦ᠍᠂ ᠬᠡᠯᠬᠢᠶ᠎ᠡ ᠪᠦᠯᠦᠭᠵᠢᠯ᠎ᠤᠨ ᠰᠡᠳᠭᠢᠬᠦᠶ᠎ᠪᠡᠷ ᠲᠥᠷᠥᠯ ᠵᠦᠶ᠋ᠯ᠎ᠢ ᠪᠠᠢᠷᠢᠱᠢᠭᠤᠯᠤᠨ᠂ ᠠᠵᠤ ᠦᠶ᠋ᠯᠡᠰ᠎ᠢ ᠲᠥᠬᠥᠷᠵᠢᠭᠦᠯᠵᠦ᠍᠂ ᠡᠬᠢᠨ᠎ᠤ ᠪᠠ ᠡᠴᠦᠰ᠎ᠤᠨ ᠭᠡᠯᠬᠢᠶ᠎ᠠ᠎ᠶᠢᠨ ᠠᠵᠤ ᠠᠬᠤᠢᠯᠠᠯ᠎ᠢ ᠲᠥᠪᠯᠡᠷᠡᠭᠦᠯᠦᠨ ᠬᠥᠭ᠌ᠵᠢᠭᠦᠯᠬᠦᠬᠡᠷᠡᠭ᠌ᠲᠡᠶ ᠭᠡᠵᠤ ᠬᠡᠯᠡᠪᠡ᠃

ᠸᠠᠩ ᠸᠧᠢ ᠵᠦᠩ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠡᠨ ᠪᠠᠢᠴᠠᠭᠠᠯᠳᠠ᠎ᠳᠦ ᠵᠠᠷᠯᠠᠭᠰᠠᠨ ᠨᠡᠢᠲᠡᠯᠢᠭ ᠬᠡᠷᠡᠭ᠎ᠤᠨ ᠵᠢᠱ᠌ᠢᠢ᠎ᠡ᠎ᠶ᠋ᠢ ᠴᠡᠭ᠌ᠴᠡᠯᠡᠨ ᠰᠠᠢᠵᠢᠷᠠᠭᠤᠯᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠥᠪᠥᠷ ᠮᠣᠩᠭᠣᠯ᠎ᠤᠨ ᠮᠧᠢ ᠹᠠᠩ ᠨᠡᠭᠦᠷᠡᠰᠦ ᠬᠡᠦᠷᠱᠢᠭᠦᠯᠬᠦ᠌ ᠬᠢᠵᠠᠭᠠᠷᠲᠤ ᠺᠣᠮᠫᠠᠨᠢ᠎ᠳᠤ ᠲᠤᠰᠭᠠᠢᠯᠠᠨ ᠬᠦᠷᠴᠦ᠍ ᠲᠤᠬᠠᠢ᠎ᠶ᠋ᠢᠨ ᠭᠠᠵᠠᠷ᠎ᠲᠤᠨᠢ ᠪᠠᠢᠴᠠᠭᠠᠵᠤ᠂ ᠠᠵᠤ ᠠᠬᠤᠢᠯᠠᠯ᠎ᠤᠨ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃ ᠲᠡᠷᠡ᠂ ᠰᠢ᠎ᠵᠢᠨ᠎ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠶᠢ ᠪᠠᠷᠢᠮᠲᠠᠯᠠᠨ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠡᠨ ᠪᠠᠢᠴᠠᠭᠠᠯᠳᠠ᠎ᠶᠢᠨ ᠴᠡᠭ᠌ᠴᠡᠯᠡᠨ ᠰᠠᠢᠵᠢᠷᠠᠭᠤᠯᠬᠤ ᠱᠠᠭᠠᠷᠳᠠᠯᠭ᠎ᠠ ᠶᠣᠰᠣᠭᠠᠷ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠴᠢᠩᠭ᠎ᠠ ᠪᠣᠳᠠᠲᠠᠢ ᠰᠠᠢᠲᠤᠷ ᠠᠳᠭᠤᠬᠤ ᠬᠡᠷᠡᠭ᠌ᠲᠡᠢ᠃ ᠵᠣᠷᠢᠭ᠍ᠲᠠᠢ᠎ᠪᠠᠷ ᠬᠠᠲᠠᠭᠤ᠎ᠲᠠᠶ ᠨᠢ ᠬᠠᠯᠳᠠᠵᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠡᠬᠢ ᠲᠤᠪᠤᠢ᠌ᠮ᠎ᠠ ᠠᠰᠠᠭᠤᠳᠠᠯ᠎ᠢ ᠴᠢᠩᠭ᠎ᠠ ᠵᠠᠰᠠᠵᠤ᠂ ᠦᠩᠬᠡᠨ ᠲᠠᠯ᠎ᠠ ᠪᠠ ᠦᠨᠳᠦᠰᠦ᠎ᠡᠴᠡ ᠨᠢ ᠵᠠᠰᠠᠵᠤ ᠣᠷᠣᠨ ᠪᠦᠰᠡ᠎ᠶ᠋ᠢᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠦᠷᠭᠦᠯᠵᠢᠯᠡᠨ ᠰᠠᠢᠵᠢᠷᠠᠬᠤ᠎ᠶ᠋ᠢ ᠠᠬᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠪᠠ᠃

ᠠᠭᠠᠷ᠎ᠤᠨ ᠳᠤᠯᠠᠭᠠᠨ ᠦᠷᠭᠦᠯᠵᠢᠯᠡᠨ ᠳᠣᠷᠣᠭ᠍ᠰᠢᠯᠠᠬᠤᠶ᠋ᠢ ᠳᠠᠭᠠᠯᠳᠤᠨ ᠬᠠᠲᠤᠨ ᠭᠤᠤᠯ ᠤᠳᠠᠯ ᠥᠬᠡᠶ ᠰᠦᠩ ᠬᠠᠯᠢᠶ᠎ᠠ᠎ᠶᠢᠨ ᠬᠤᠭᠤᠴᠠᠭᠠᠨ᠎ᠳᠤ ᠣᠷᠣᠬᠤ ᠪᠣᠯᠤᠨ᠎ᠠ᠃ ᠸᠠᠩ ᠸᠧᠶ ᠵᠥᠩ ᠬᠠᠲᠤᠨ ᠭᠤᠤᠯ᠎ᠤᠨ ᠦᠬᠠᠶ᠎ᠶ᠋ᠢᠨ ᠬᠡᠰᠡᠭ᠎ᠲᠦ ᠬᠦᠷᠴᠦ᠍ ᠭᠤᠤᠯ᠎ᠢ ᠴᠠᠭ᠍ᠳᠠᠬᠤ ᠠᠵᠢᠯ ᠥᠷᠨᠢᠭᠦᠯᠵᠦ᠍᠂ ᠬᠠᠲᠤᠨ ᠭᠤᠤᠯ᠎ᠤᠨ ᠬᠠᠢᠷᠤᠪ᠎ᠤᠨ ᠲᠣᠬᠣᠶ᠎ᠶ᠋ᠢᠨ ᠤᠰᠤᠨ ᠠᠱᠢᠭ᠍ᠯᠠᠯᠲᠠ᠎ᠶ᠋ᠢᠨ ᠬᠦᠶ᠋ᠰᠦ ᠪᠠᠷᠢᠯᠭ᠎ᠠ᠎ᠳᠦ ᠠᠵᠢᠯᠯᠠᠭ᠎ᠠ ᠪᠠ ᠭᠤᠤᠯ᠎ᠤᠨ ᠬᠡᠰᠡᠭ᠎ᠦᠨ ᠬᠠᠮᠠᠭᠠᠯᠠᠯᠲᠠ ᠵᠠᠰᠠᠯᠲᠠ ᠵᠡᠷᠭᠡ ᠪᠠᠢᠳᠠᠯ᠎ᠢ ᠪᠠᠢᠴᠠᠭᠠᠨ ᠦᠵᠡᠪᠡ᠃ ᠲᠡᠷᠡ᠂ ᠰᠦᠩ ᠬᠠᠯᠢᠶ᠎ᠠ᠎ᠶᠢᠨ ᠬᠤᠭᠤᠴᠠᠭᠠᠨ᠎ᠤ ᠠᠮᠤᠷ ᠲᠦᠪᠱᠢᠨ᠎ᠦ ᠬᠥᠪᠴᠢ᠎ᠶ᠋ᠢ ᠴᠠᠭ ᠢᠮᠠᠭ᠍ᠲᠠ ᠴᠢᠩᠭᠠᠯᠠᠵᠤ᠂ ᠤᠷᠢᠳᠴᠢᠯᠠᠨ ᠰᠡᠷᠭᠡᠢᠯᠡᠬᠦ᠌᠎ᠪᠡᠷ ᠭᠣᠣᠯ ᠪᠣᠯᠭᠠᠬᠤ᠎ᠶ᠋ᠢ ᠪᠠᠷᠢᠮᠲᠠᠯᠠᠨ᠂ ᠪᠠᠴᠢᠮ ᠪᠠᠢᠳᠠᠯ᠎ᠢ ᠠᠷᠭᠠᠴᠠᠭᠠᠬᠤ ᠲᠥᠰᠦᠯ᠎ᠢᠶᠡᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠎ᠪᠡᠨ ᠴᠢᠩᠭᠠᠳᠭᠠᠨ᠂ ᠱᠢᠨᠵᠢᠯᠡᠬᠦ᠌ ᠤᠬᠠᠭᠠᠨᠴᠢ᠎ᠪᠠᠷ ᠣᠨᠣᠴᠠᠲᠠᠢ ᠲᠤᠬᠢᠷᠠᠭᠤᠯᠵᠤ᠂ ᠬᠠᠳᠤᠨ ᠭᠣᠣᠯ᠎ᠤᠨ ᠠᠮᠤᠷ ᠲᠣᠭ᠍ᠲᠠᠭᠤᠨ ᠪᠠᠢᠬᠤ᠎ᠶ᠋ᠢ ᠪᠠᠲᠤᠯᠠᠬᠤ ᠬᠡᠷᠡᠭ᠌ᠲᠡᠢ᠃ ᠬᠠᠢ᠌ᠷᠤᠪ᠎ᠤᠨ ᠲᠤᠬᠤᠢ᠎ᠶ᠋ᠢᠨ ᠤᠰᠤᠨ ᠠᠱᠢᠭ᠍ᠯᠠᠯᠲᠠ᠎ᠶ᠋ᠢᠨ ᠬᠦᠢᠰᠦ ᠪᠠᠷᠢᠯᠭ᠎ᠠ᠎ᠶ᠋ᠢᠨ ᠡᠯᠡᠰᠦ ᠱᠢᠪᠠᠷ ᠬᠤᠷᠠᠵᠤ ᠲᠤᠨᠤᠬᠤ ᠠᠰᠠᠭᠤᠳᠠᠯ᠎ᠢ ᠭᠦᠨᠵᠡᠭᠡᠢ ᠰᠤᠳᠤᠯᠤᠨ ᠱᠢᠢᠳᠪᠦᠷᠢᠯᠡᠵᠦ᠍᠂ ᠰᠦᠩ ᠬᠠᠯᠢᠶ᠎ᠠ ᠪᠠ ᠦᠶᠡᠷ᠎ᠢ ᠰᠡᠷᠭᠡᠢᠯᠡᠬᠦ᠌ ᠴᠢᠳᠠᠪᠤᠷᠢ᠎ᠶ᠋ᠢ ᠦᠨᠡᠨ ᠬᠦ᠌ ᠴᠢᠩᠭᠠᠳᠭᠠᠬᠤ ᠬᠡᠷᠡᠭ᠌ᠲᠡᠢ᠃ ᠣᠷᠣᠨ ᠪᠦᠰᠡ᠎ᠶ᠋ᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠪᠠ ᠰᠡᠷᠭᠦᠭᠡᠯᠲᠡ᠎ᠶ᠋ᠢ ᠦᠷᠭᠦᠯᠵᠢᠯᠡᠨ ᠬᠦᠴᠦᠯᠡᠨ ᠠᠬᠢᠭᠤᠯᠵᠤ᠂ ᠤᠰᠤᠨ᠎ᠤ ᠡᠷᠬᠡ᠎ᠶ᠋ᠢ ᠱᠢᠯᠵᠢᠭᠦᠯᠦᠨ ᠥᠭ᠌ᠬᠦ ᠲᠣᠭ᠍ᠲᠠᠴᠠ᠎ᠶ᠋ᠢ ᠴᠢᠷᠮᠠᠢᠨ ᠲᠡᠭᠦᠯᠳᠡᠷᠵᠢᠭᠦᠯᠵᠦ᠍᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠤ ᠵᠢᠭᠠᠵᠤ ᠭᠠᠷᠭᠠᠪᠠ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠱᠢᠨ ᠣᠷᠣᠯᠴᠠᠵᠠᠢ᠃