ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠸᠠᠩ ᠸᠧᠢ ᠵᠦᠩ ᠪᠠᠶᠠᠨᠨᠠᠭᠤᠷ ᠬᠤᠳᠠ᠎ᠳᠤ ᠪᠠᠢᠴᠠᠭᠠᠨ ᠰᠤᠳᠤᠯᠬᠤ᠎ᠳᠠᠭᠠᠨ ᠴᠢᠬᠤᠯᠠᠴᠢᠯᠠᠭ᠍ᠰᠠᠨ ᠨᠢ ᠳᠠᠪᠠᠭᠤᠯᠢᠭ᠎ᠢᠶᠠᠨ ᠪᠠᠳᠠᠷᠠᠭᠤᠯᠤᠨ ᠳᠤᠳᠠᠭᠤᠳᠠᠯ᠎ᠢᠶᠠᠨ ᠨᠦᠬᠦᠪᠦᠷᠢᠯᠡᠵᠤ ᠳᠠᠯᠳᠠ ᠬᠦᠴᠦᠨ᠎ᠢ ᠠᠭᠤᠳᠠᠯᠤᠨ ᠱᠢᠨ᠎ᠡ ᠵᠠᠮ ᠨᠡᠬᠡᠬᠡᠵᠤ ᠬᠥᠭ᠌ᠵᠢᠯᠲᠡ᠎ᠶ᠋ᠢᠨ ᠶᠠᠰᠤ ᠴᠢᠨᠠᠷ ᠪᠠ ᠦᠷ᠎ᠡ ᠠᠱᠢᠭ᠎ᠤᠨ ᠦᠷᠭᠦᠯᠵᠢᠯᠡᠨ ᠳᠡᠭᠡᠭ᠌ᠰᠢᠯᠡᠬᠦ᠌᠎ᠶ᠋ᠢ ᠠᠬᠢᠭᠤᠯᠬᠤ ᠬᠡᠷᠡᠭᠳᠠᠢ
ᠨᠡᠶ᠋ᠢᠲᠡᠯᠡᠭᠰᠡᠨ ᠴᠠᠭ᠄ 2025-11-21

11 ᠰᠠᠷ᠎ᠠ᠎ᠶ᠋ᠢᠨ 19᠎ᠡᠴᠡ 20᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠶ ᠵᠥᠩ ᠪᠠᠶᠠᠨᠨᠠᠭᠤᠷ ᠬᠣᠲᠠ᠎ᠳᠤ ᠬᠦᠷᠴᠦ᠍᠂ ᠤᠰᠤ ᠵᠠᠰᠠᠬᠤ ᠤᠰᠤ ᠬᠠᠮᠢᠶᠠᠷᠬᠤ ᠤᠰᠤ ᠬᠡᠷᠡᠭ᠌ᠯᠡᠬᠦ᠌᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠂ 《ᠤᠮᠠᠷᠠᠲᠤ᠎ᠶᠢᠨ ᠭᠤᠷᠪᠠᠨ ᠤᠷᠤᠨ》᠎ᠤ ᠬᠠᠯᠬᠠᠪᠴᠢ ᠣᠶ᠎ᠶ᠋ᠢᠨ ᠪᠥᠲᠥᠭᠡᠨ ᠪᠠᠢᠭᠤᠯᠤᠯᠲᠠ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠬᠥᠭ᠌ᠵᠢᠯᠲᠡ ᠵᠡᠷᠭᠡ ᠪᠠᠢᠳᠠᠯ᠎ᠢ ᠪᠠᠢᠴᠠᠭᠠᠨ ᠰᠤᠳᠤᠯᠪᠠ᠃ ᠲᠡᠷᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ ᠎ᠶᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠦ ᠠᠷᠪᠠᠳᠤᠭᠠᠷ ᠤᠳᠠᠭ᠎ᠠ᠎ᠶᠢᠨ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠭᠠᠵᠠᠷ ᠣᠷᠣᠨ᠎ᠤ ᠪᠣᠳᠠᠲᠤ ᠪᠠᠢᠳᠠᠯ ᠳ᠋ᠠᠭᠠᠨ ᠰᠠᠭᠤᠷᠢᠯᠠᠨ᠂ ᠳᠤᠲᠠᠭᠤᠳᠠᠯ᠎ᠢᠶᠠᠨ ᠬᠦᠴᠦᠯᠡᠨ ᠨᠥᠬᠥᠪᠥᠷᠢᠯᠡᠵᠦ᠍ ᠳᠠᠯᠳᠠ ᠬᠦᠴᠦᠨ᠎ᠢᠶᠡᠨ ᠠᠭᠤᠳᠠᠯᠤᠨ᠂ ᠳᠠᠪᠠᠭᠤᠯᠢᠭ᠎ᠢᠶᠠᠨ ᠨᠡᠮᠡᠭ᠌ᠳᠡᠭᠦᠯᠵᠦ᠍᠂ ᠬᠥᠭ᠌ᠵᠢᠯᠲᠡ᠎ᠶ᠋ᠢᠨ ᠶᠠᠰᠤ ᠴᠢᠨᠠᠷ ᠪᠠ ᠦᠷ᠎ᠡ ᠠᠱᠢᠭ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠤ ᠴᠢᠬᠤᠯᠠᠴᠢᠯᠠᠪᠠ᠃

ᠸᠠᠩ ᠸᠧᠶ ᠵᠥᠩ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ᠎ᠦ ᠤᠰᠤᠯᠠᠯᠲᠠ ᠪᠠ ᠤᠰᠤ ᠠᠷᠪᠢᠯᠠᠬᠤ ᠠᠵᠢᠯ᠎ᠢ ᠲᠤᠢᠯ᠎ᠢᠶᠠᠷ ᠬᠠᠯᠠᠮᠵᠢᠯᠠᠵᠤ᠂ ᠬᠠᠲᠤᠨ ᠭᠤᠤᠯ᠎ᠤᠨ ᠰᠠᠨ ᠱᠧᠩ ᠬᠥᠩ ᠤᠰᠤᠨ ᠠᠱᠢᠭ᠍ᠯᠠᠯᠲᠠ᠎ᠶ᠋ᠢᠨ ᠬᠦᠶ᠋ᠰᠦ ᠪᠠᠷᠢᠯᠭ᠎ᠠ᠂ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ᠎ᠤ ᠤᠰᠤᠨ᠎ᠤ ᠬᠡᠮᠵᠢᠶ᠎ᠡ᠎ᠶᠢ ᠮᠡᠳᠡᠭᠡ ᠵᠠᠩᠭᠢᠵᠢᠭᠤᠯᠤᠨ ᠬᠢᠨᠠᠨ ᠬᠡᠮᠵᠢᠬᠦ᠌ ᠲᠥᠪ ᠎ᠦᠨ ᠪᠥᠲᠥᠭᠡᠨ ᠪᠠᠢᠭᠤᠯᠤᠯᠲᠠ ᠠᠵᠢᠯᠯᠠᠭᠠᠨ ᠵᠡᠷᠭᠡ ᠪᠠᠢᠳᠠᠯ᠎ᠤᠨ ᠲᠠᠨᠢᠯᠴᠠᠭᠤᠯᠭ᠎ᠠ᠎ᠶ᠋ᠢ ᠬᠢᠨᠠᠮᠠᠭᠠᠶ ᠰᠣᠨᠣᠰᠪᠠ᠃ ᠲᠡᠷᠡ᠂ ᠬᠠᠲᠤᠨ ᠭᠤᠤᠯ ᠪᠣᠯ ᠳᠤᠮᠳᠠᠳᠤ᠎ᠶ᠋ᠢᠨ ᠦᠨᠳᠦᠰᠦᠲᠡᠨ᠎ᠤ ᠡᠵᠢ ᠭᠤᠤᠯ ᠮᠥᠨ᠂ ᠪᠢᠳᠡ ᠡᠷᠬᠡᠪᠰᠢ ᠬᠠᠲᠤᠨ ᠭᠤᠤᠯ᠎ᠢ ᠬᠠᠮᠠᠭᠠᠯᠠᠬᠤ ᠬᠦᠨᠳᠦ ᠡᠭᠦᠷᠭᠡ᠎ᠶᠢ ᠡᠭᠦᠷᠭᠡᠯᠡᠬᠦ᠌ ᠬᠡᠷᠡᠭ᠌ᠲᠡᠶ᠃ 《ᠤᠰᠤ᠎ᠪᠠᠷ ᠲᠦᠷᠪᠡ᠎ᠶᠢ ᠲᠣᠭ᠍ᠲᠠᠭᠠᠬᠤ》ᠵᠠᠷᠴᠢᠮ᠎ᠢ ᠴᠢᠩᠭ᠎ᠠ ᠨᠠᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ᠎ᠢ ᠣᠨᠣᠪᠴᠢᠲᠠᠢ ᠲᠤᠬᠢᠷᠠᠭᠤᠯᠬᠤ᠎ᠶ᠋ᠢ ᠴᠢᠩᠭᠠᠳᠭᠠᠵᠤ᠂《ᠠᠷᠪᠠᠨ ᠲᠠᠪᠤᠳᠤᠭᠠᠷ ᠲᠠᠪᠤᠨ ᠵᠢᠯ》᠎ᠤᠨ ᠴᠢᠬᠤᠯᠠ ᠶᠡᠬᠡ ᠤᠰᠤᠨ ᠠᠱᠢᠭ᠍ᠯᠠᠯᠲᠠ᠎ᠶ᠋ᠢᠨ ᠲᠦᠷᠦᠯ ᠵᠦᠢᠯ᠎ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠦᠨ ᠬᠡᠷᠡᠭ᠌ᠵᠢᠭᠦᠯᠵᠦ᠍᠂ ᠤᠰᠤ ᠡᠯᠡᠰᠦ᠎ᠶᠢ ᠲᠤᠬᠢᠷᠠᠭᠤᠯᠤᠨ ᠡᠵᠡᠮᠳᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠦᠶᠡᠷ᠎ᠢ ᠰᠡᠷᠭᠡᠢᠯᠡᠵᠤ ᠰᠦᠩ ᠬᠠᠯᠢᠶ᠎ᠠ᠎ᠶᠢ ᠰᠡᠷᠭᠡᠢᠯᠡᠬᠦ᠌ ᠵᠡᠷᠭᠡ ᠭᠠᠮᠱᠢᠭ᠎ᠢ ᠪᠠᠭᠠᠰᠭᠠᠬᠤ ᠱᠢᠰᠲᠸᠮ᠎ᠢ ᠪᠦᠷᠢᠨᠱᠢᠬᠦᠯᠵᠤ᠂ ᠤᠰᠤᠨ᠎ᠦ ᠠᠮᠤᠷ ᠲᠦᠪᠱᠢᠨ᠎ᠢ ᠪᠦᠲᠦᠮᠵᠢᠲᠡᠢ ᠪᠠᠲᠤᠯᠠᠬᠤ᠂ ᠤᠰᠤᠨ᠎ᠦ ᠡᠬᠢ ᠪᠠᠶᠠᠯᠢᠭ᠎ᠢ ᠥᠨᠳᠥᠷ ᠪᠦᠲᠦᠮᠵᠢᠲᠡᠢ ᠠᠱᠢᠭ᠍ᠯᠠᠬᠤ᠂ ᠤᠰᠤᠨ᠎ᠤ ᠠᠮᠢ ᠠᠬᠤᠢ᠎ᠶ᠋ᠢ ᠢᠯᠡᠳᠲᠡ ᠰᠠᠢᠵᠢᠷᠠᠭᠤᠯᠬᠤ᠎ᠶ᠋ᠢ ᠪᠡᠶᠡᠯᠡᠭᠦᠯᠬᠦ᠌ ᠬᠡᠷᠡᠭ᠌ᠲᠡᠢ ᠭᠡᠪᠡ᠃ ᠤᠯᠠᠭᠠᠨᠰᠤᠬᠠᠢ ᠪᠣᠯ ᠬᠠᠲᠤᠨ ᠭᠤᠤᠯ᠎ᠤᠨ ᠰᠠᠪᠠ ᠭᠠᠵᠠᠷ᠎ᠤᠨ ᠬᠠᠮᠤᠭ᠎ᠤᠨ ᠶᠡᠬᠡ ᠨᠠᠭᠤᠷ ᠪᠦᠷᠢᠳᠦ ᠨᠤᠭᠤ ᠭᠠᠵᠠᠷ ᠪᠣᠯᠤᠨ᠎ᠠ᠃ ᠸᠠᠩ ᠸᠧᠶ ᠵᠥᠩ ᠡᠨᠳᠡ ᠠᠮᠢ ᠠᠬᠤᠶ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠭ᠍ᠰᠠᠨ ᠪᠠᠢᠳᠠᠯ᠎ᠢ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠦᠵᠡᠵᠦ᠍᠂ ᠲᠣᠭ᠍ᠲᠠᠯ ᠬᠦᠴᠦᠨ᠎ᠢᠶᠡᠨ ᠪᠠᠲᠤᠯᠠᠵᠤ᠂ ᠱᠢᠨᠵᠢᠯᠡᠬᠦ᠌ ᠤᠬᠠᠭᠠᠨᠴᠢ᠎ᠪᠠᠷ ᠵᠠᠰᠠᠵᠤ᠂ ᠱᠢᠰᠲ᠋ᠧᠮ᠎ᠲᠡᠶ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠨᠠᠩ ᠬᠦᠴᠦᠲᠡᠶ ᠠᠷᠭ᠎ᠠ ᠬᠡᠮᠵᠢᠶ᠎ᠡ᠎ᠪᠡᠷ ᠡᠨᠡ ᠬᠦ᠌ 《ᠪᠤᠭᠤᠮᠳᠠ᠎ᠶᠢᠨ ᠭᠠᠳᠠᠨᠠᠬᠢ ᠭᠡᠷᠡᠯᠲᠦ ᠰᠤᠪᠤᠳ》᠎ᠢ ᠰᠠᠢᠲᠤᠷ ᠰᠠᠬᠢᠨ ᠬᠠᠮᠠᠭᠠᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠤᠯᠠᠭᠠᠨᠰᠤᠬᠠᠢ᠎ᠶ᠋ᠢᠨ ᠡᠮᠦᠨ᠎ᠠ ᠡᠷᠭᠢ᠎ᠳᠡᠬᠢ ᠣᠲᠣ ᠦᠶ᠎ᠡ᠎ᠶ᠋ᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠣᠷᠢᠭ᠎ᠲᠤ ᠸᠠᠩ ᠸᠧᠶ ᠵᠥᠩ ᠬᠠᠮᠢᠶ᠎ᠠ ᠪᠥᠬᠥᠶ ᠬᠠᠷᠢᠭᠤᠴᠠᠯᠭᠠᠲᠠᠨ ᠨᠥᠬᠥᠳ᠎ᠲᠡᠶ ᠰᠠᠨᠠᠯ᠎ᠢᠶᠠᠨ ᠭᠦᠨᠵᠡᠭᠡᠶ ᠰᠣᠯᠢᠯᠴᠠᠵᠤ᠂ ᠲᠠᠷᠢᠶᠠᠯᠠᠩ᠎ᠤᠨ ᠤᠰᠤ ᠠᠷᠪᠢᠯᠠᠬᠤ ᠤᠰᠤᠯᠠᠯᠲᠠ᠎ᠶ᠋ᠢᠨ ᠮᠡᠷᠭᠡᠵᠢᠯ᠎ᠢ ᠱᠢᠨ᠎ᠡ᠎ᠶ᠋ᠢ ᠡᠭᠦᠳᠬᠦ᠌ ᠪᠠ ᠳᠡᠯᠭᠡᠷᠡᠭᠦᠯᠵᠦ᠍᠂ ᠲᠠᠷᠢᠮᠠᠯ᠎ᠤᠨ ᠦᠷ᠎ᠡ ᠠᠱᠢᠭ᠎ᠢ ᠬᠦᠴᠦᠯᠡᠨ ᠳᠡᠭᠡᠭ᠌ᠰᠢᠯᠡᠭᠦᠯᠵᠦ᠍᠂ ᠵᠢᠱ᠌ᠢᠶ᠎ᠡ ᠦᠵᠡᠭᠦᠯᠵᠦ᠍ ᠳᠠᠢᠴᠢᠯᠠᠬᠤ ᠦᠶ᠋ᠯᠡᠳᠦᠯ᠎ᠢ ᠨᠠᠩ ᠰᠠᠢᠲᠤᠷ ᠪᠠᠳᠠᠷᠠᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃

ᠬᠠᠩᠭᠢᠨ ᠬᠣᠢᠲᠤ ᠬᠣᠱᠢᠭᠤᠨ᠎ᠤ ᠡᠯ ᠳ᠋ᠤᠤ ᠴᠢᠶᠣᠤ ᠪᠠᠯᠭᠠᠰᠤᠨ᠎ᠤ ᠎ᠲᠠᠶ ᠶᠠᠩ ᠱᠧᠩ ᠲᠣᠰᠭᠣᠨ᠎ᠳᠤ ᠸᠠᠩ ᠸᠧᠢ ᠵᠦᠩ ᠬᠥᠳᠡᠭᠡ ᠲᠣᠰᠭᠣᠨ᠎ᠤ ᠠᠵᠤ ᠦᠢᠯᠡᠰ᠎ᠦᠨ ᠬᠥᠭ᠌ᠵᠢᠯᠲᠡ᠂ ᠤᠯᠠᠨ ᠲᠦᠮᠡᠨ᠎ᠦ ᠦᠢᠯᠡᠳᠪᠦᠷᠢᠯᠡᠯ ᠠᠮᠢᠳᠤᠷᠠᠯ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠂ ᠬᠥᠳᠡᠭᠡ ᠲᠣᠰᠭᠣᠨ᠎ᠦ ᠵᠠᠰᠠᠯᠲᠠ ᠵᠡᠷᠭᠡ ᠪᠠᠢᠳᠠᠯ᠎ᠢ ᠨᠠᠷᠢᠨ ᠣᠢᠯᠠᠭᠠᠵᠤ᠂ ᠲᠤᠬᠠᠢ᠎ᠶ᠋ᠢᠨ ᠭᠠᠵᠠᠷ᠎ᠤᠨ ᠲᠣᠰᠭᠣᠨ᠎ᠦ ᠠᠷᠠᠳ᠎ᠲᠠᠶ ᠵᠣᠭᠣᠭ᠍ᠳᠠᠵᠤ᠂ ᠣᠷᠣᠯᠭ᠎ᠠ᠎ᠶ᠋ᠢ ᠨᠢ ᠪᠤᠳᠤᠪᠠ᠃ ᠲᠡᠷᠡ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ᠎ᠢ ᠦᠨᠡᠨ ᠬᠦ᠌ ᠪᠠᠳᠠᠷᠠᠭᠤᠯᠵᠤ᠂ ᠭᠠᠵᠠᠷ ᠱᠢᠷᠣᠢ᠎ᠶ᠋ᠢᠨ ᠠᠱᠢᠭ᠍ᠯᠠᠯᠲᠠ᠎ᠶ᠋ᠢᠨ ᠦᠷ᠎ᠡ ᠪᠦᠲᠦᠮᠵᠢ ᠪᠣᠯᠤᠨ ᠬᠡᠷᠡᠭ᠌ᠯᠡᠭᠡᠨ᠎ᠦ ᠦᠷ᠎ᠡ ᠠᠱᠢᠭ᠎ᠢ ᠳᠡᠭᠡᠭ᠌ᠰᠢᠯᠡᠭᠦᠯᠵᠦ᠍᠂ ᠬᠥᠳᠡᠭᠡ ᠲᠣᠰᠭᠣᠨ᠎ᠤ ᠤᠨᠴᠠᠯᠢᠬ᠍ᠳᠤ ᠠᠵᠤ ᠦᠢᠯᠡᠰ᠎ᠢ ᠪᠣᠢᠵᠢᠭᠤᠯᠤᠨ ᠬᠥᠭ᠌ᠵᠢᠭᠦᠯᠵᠦ᠍᠂ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢ ᠦᠷᠭᠦᠯᠵᠢᠯᠡᠨ ᠪᠤᠵᠠᠭᠠᠢᠷᠠᠭᠤᠯᠵᠤ᠂ ᠨᠡᠩ ᠤᠯᠠᠨ ᠤᠯᠠᠨ ᠲᠦᠮᠡᠨ᠎ᠢ ᠲᠠᠢ᠌ᠴᠢᠯᠠᠨ ᠣᠷᠣᠯᠭ᠎ᠠ᠎ᠶ᠋ᠢ ᠨᠢ ᠨᠡᠮᠡᠭ᠌ᠳᠡᠭᠦᠯᠦᠨ ᠪᠠᠶᠠᠵᠢᠭᠤᠯᠬᠤ ᠬᠡᠷᠡᠭ᠌ᠲᠡᠢ᠃ ᠪᠠᠶᠠᠨᠨᠠᠭᠤᠷ ᠤᠯᠠᠮᠵᠢᠯᠠᠯᠲᠤ ᠮᠠᠯ ᠠᠵᠤ ᠠᠬᠤᠢ ᠲᠠᠷᠢᠶᠠᠯᠠᠩ᠎ᠤᠨ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶᠢ ᠠᠬᠢᠭᠤᠯᠬᠤ᠎ᠶ᠋ᠢ ᠲᠤᠪᠤᠢ᠌ᠮ᠎ᠠ ᠪᠠᠢᠷᠢᠨ᠎ᠳᠤ ᠲᠠᠯᠪᠢᠵᠤ᠂ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ᠂ ᠮᠠᠯ ᠠᠵᠤ ᠠᠬᠤᠢ ᠲᠠᠷᠢᠶᠠᠯᠠᠩ᠎ᠤᠨ ᠣᠳᠣᠬᠢᠴᠢᠯᠠᠯᠲᠠ᠎ᠶ᠋ᠢ ᠠᠬᠢᠭᠤᠯᠬᠤ᠂ ᠣᠷᠣᠱᠢᠨ ᠰᠠᠭᠤᠷᠢᠱᠢᠬᠤ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠬᠦ᠌᠂ ᠦᠨᠳᠦᠰᠦᠨ ᠱᠠᠲᠤᠨ᠎ᠤ ᠵᠠᠰᠠᠯᠲᠠ᠎ᠶ᠋ᠢ ᠴᠢᠩᠭᠠᠳᠭᠠᠬᠤ᠂ ᠪᠣᠯᠪᠠᠰᠤᠨ ᠨᠤᠲᠤᠭ᠎ᠤᠨ ᠰᠤᠷᠲᠠᠯ᠎ᠢ ᠪᠤᠢ ᠪᠣᠯᠭᠠᠬᠤ ᠵᠡᠷᠭᠡ ᠲᠠᠯ᠎ᠠ᠎ᠪᠠᠷ ᠨᠡᠩ ᠶᠡᠬᠡ ᠠᠮᠵᠢᠯᠲᠠ ᠭᠠᠷᠭᠠᠬᠤ ᠬᠡᠷᠡᠭ᠌ᠲᠡᠢ ᠭᠡᠵᠤ ᠬᠡᠯᠡᠪᠡ᠃

ᠤᠯᠤᠰ᠎ᠤᠨ ᠡᠵᠡᠩᠨᠡᠯᠳᠡ᠎ᠶᠢᠨ ᠱᠢᠨᠬᠤᠸᠠ ᠤᠢ ᠱᠢᠭᠤᠢ᠎ᠶ᠋ᠢᠨ ᠲᠠᠯᠠᠪᠠᠢ᠎ᠳᠤ ᠸᠠᠩ ᠸᠧᠢ ᠵᠦᠩ ᠤᠢ᠎ᠶ᠋ᠢᠨ ᠳᠤᠮᠳᠠᠬᠢ ᠵᠥᠷᠢᠭ ᠵᠠᠮ᠎ᠢᠶᠠᠷ ᠶᠠᠪᠤᠵᠤ᠂ ᠤᠢ ᠮᠣᠳᠣᠨ᠎ᠤ ᠤᠷᠭᠤᠴᠠ᠎ᠶ᠋ᠢᠨ ᠪᠠᠢᠳᠠᠯ᠎ᠢ ᠪᠠᠢᠴᠠᠭᠠᠨ ᠦᠵᠡᠬᠦ᠌᠎ᠶ᠋ᠢᠨ ᠳᠠᠭᠠᠤ ᠤᠢ ᠱᠢᠭᠤᠢ᠎ᠶ᠋ᠢᠨ ᠲᠠᠯᠠᠪᠠᠢ᠎ᠶ᠋ᠢᠨ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃ ᠲᠡᠷᠡ᠂ ᠶᠡᠷᠦᠩᠬᠡᠶ ᠱᠦᠵᠢ ᠰᠢ ᠎ᠶᠢᠨ ᠫᠢᠩ᠎ᠦᠨ ᠴᠢᠩ ᠰᠡᠳᠬᠢᠯ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠨᠤᠮᠢᠨ ᠤᠰᠤ ᠬᠦᠭᠡᠮᠳᠦᠭ ᠠᠭᠤᠯᠠ ᠪᠤᠯ ᠠᠯᠲᠠᠨ ᠠᠭᠤᠯᠠ ᠮᠥᠩᠭᠥᠨ ᠬᠠᠢᠷᠬᠠᠨ ᠮᠥᠨ ᠭᠡᠬᠦ᠌ ᠣᠢᠯᠠᠭᠠᠭ᠍ᠳᠠᠬᠤᠨ᠎ᠢ ᠪᠠᠲᠤ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠱᠢᠨᠵᠢᠯᠡᠬᠦ᠌ ᠤᠬᠠᠭᠠᠨᠴᠢ᠎ᠪᠠᠷ ᠣᠶ ᠮᠣᠳᠣ ᠰᠣᠩᠭᠣᠨ ᠳᠠᠷᠢᠵᠤ᠂ ᠬᠤᠢᠳᠤᠬᠢ ᠬᠤᠭᠤᠴᠠᠭᠠᠨ᠎ᠤ ᠬᠠᠮᠢᠶᠠᠷᠤᠯᠲᠠ ᠬᠠᠮᠠᠭᠠᠯᠠᠯᠲᠠ᠎ᠶ᠋ᠢ ᠴᠢᠩᠭᠠᠳᠭᠠᠵᠤ᠂ ᠬᠠᠷᠠᠯᠲᠠ᠎ᠪᠠᠨ ᠪᠠᠲᠤ ᠡᠵᠡᠮᠳᠡᠨ ᠱᠢᠷᠭᠠᠭᠤ ᠠᠵᠢᠯᠯᠠᠵᠤ ᠪᠣᠳᠠᠲᠠᠶ ᠠᠵᠢᠯᠯᠠᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ ᠵᠠᠰᠠᠭ᠍ᠰᠠᠨ ᠦᠷ᠎ᠡ ᠪᠦᠲᠦᠭᠡᠯ᠎ᠢ ᠲᠠᠰᠤᠷᠠᠯᠲᠠ ᠥᠬᠡᠶ ᠪᠡᠬᠢᠵᠢᠭᠦᠯᠦᠨ ᠥᠷᠭᠡᠳᠭᠡᠬᠦ᠌ ᠬᠡᠷᠡᠭ᠌ᠲᠡᠶ᠃ ᠣᠶ ᠎ᠳᠤᠳᠤᠷᠠᠬᠢ ᠠᠵᠤ ᠠᠬᠤᠶ᠎ᠶ᠋ᠢ ᠶᠡᠬᠡ᠎ᠪᠡᠷ ᠬᠥᠭ᠌ᠵᠢᠭᠦᠯᠵᠦ᠍᠂ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠠᠷᠠᠯᠵᠢᠶ᠎ᠠ᠎ᠶ᠋ᠢ ᠢᠳᠡᠪᠬᠢᠲᠡᠶ ᠰᠦᠪᠡᠭ᠌ᠴᠢᠯᠡᠨ ᠥᠷᠨᠢᠭᠦᠯᠵᠦ᠍᠂ ᠠᠮᠢ ᠠᠬᠤᠶ᠎ᠶ᠋ᠢᠨ ᠪᠦᠲᠦᠭᠡᠭ᠌ᠳᠡᠬᠦᠨ᠎ᠦ ᠥᠷᠲᠡᠭ᠎ᠢ ᠪᠡᠶᠡᠯᠡᠭᠦᠯᠬᠦ᠌ ᠲᠣᠭ᠍ᠲᠠᠴᠠ᠎ᠶ᠋ᠢ ᠤᠯᠠᠮ ᠨᠢᠭᠡ ᠠᠯᠬᠤᠮ ᠪᠦᠷᠢᠨᠱᠢᠬᠦᠯᠬᠦ᠌ ᠬᠡᠷᠡᠭ᠌ᠲᠡᠶ᠃ ᠪᠠᠶᠠᠨᠨᠠᠭᠤᠷ ᠨᠢᠭᠡ ᠯᠡ ᠠᠮᠢᠰᠭᠤᠭ᠎ᠠ᠎ᠪᠠᠷ᠂ ᠤᠷᠳᠤ ᠬᠤᠭᠤᠴᠠᠭ᠎ᠠ᠎ᠪᠠᠷ ᠵᠢᠳᠬᠦᠨ ᠴᠢᠷᠮᠠᠢᠵᠤ᠂ ᠬᠠᠲᠤᠨ ᠭᠤᠤᠯ᠎ᠤᠨ《ᠶᠡᠬᠡ ᠲᠤᠬᠤᠢ》᠎ᠶᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠲᠡᠮᠡᠴᠡᠨ ᠤᠯᠬᠤ ᠬᠡᠷᠡᠭ᠌ᠲᠡᠶ ᠭᠡᠵᠤ ᠬᠡᠯᠡᠪᠡ᠃

ᠹᠦ᠋ ᠴᠤᠸᠠᠨ ᠲᠡᠵᠢᠭᠡᠨ ᠦᠷᠡᠵᠢᠭᠦᠯᠬᠦ᠌ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠲᠠᠯ᠎ᠠ ᠨᠤᠲᠤᠭ᠎ᠤᠨ ᠱᠢᠨ ᠾᠧ ᠢᠳᠡᠭᠡᠨ᠂ ᠰᠠᠨ ᠷᠦᠢ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠪᠣᠯᠤᠨ ᠰᠠᠨ ᠫᠠᠩ ᠳ᠋ᠠᠨ ᠵᠡᠷᠭᠡ ᠺᠣᠮᠫᠠᠨᠢ᠎ᠳᠤ ᠸᠠᠩ ᠸᠧᠶ ᠵᠥᠩ ᠮᠢᠬᠠᠨ᠎ᠤ ᠬᠣᠨᠢ ᠪᠣᠯᠤᠨ ᠨᠡᠷᠡᠨ ᠬᠤᠸᠠᠷ᠎ᠤᠨ ᠠᠵᠤ ᠦᠶ᠋ᠯᠡᠰ᠎ᠦᠨ ᠳᠠᠷᠢᠵᠤ ᠲᠡᠵᠢᠭᠡᠵᠤ ᠡᠳ᠋ᠱᠢᠭᠦᠯᠦᠨ ᠪᠣᠷᠣᠯᠠᠭᠤᠯᠬᠤ ᠵᠡᠷᠭᠡ ᠪᠠᠢᠳᠠᠯ᠎ᠢ ᠣᠢᠯᠠᠭᠠᠵᠤ᠂ ᠠᠵᠤ ᠠᠬᠤᠢᠯᠠᠯ᠎ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠪᠤᠵᠠᠭᠠᠢᠷᠠᠭᠤᠯᠬᠤ᠎ᠶ᠋ᠢ ᠵᠣᠷᠢᠭ᠍ᠵᠢᠭᠤᠯᠵᠤ᠂ ᠮᠡᠷᠭᠡᠵᠢᠯ᠎ᠦᠨ ᠰᠤᠳᠤᠯᠤᠨ ᠨᠡᠭᠡᠭᠡᠯᠲᠡ᠎ᠶ᠋ᠢ ᠴᠢᠩᠭᠠᠳᠭᠠᠵᠤ᠂ ᠭᠤᠤᠯᠯᠠᠬᠤ ᠥᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠵᠦ᠍᠂ ᠲᠥᠷᠥᠯ ᠲᠡᠮᠳᠡᠭ᠎ᠦᠨ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠵᠦ᠍᠂ ᠠᠵᠢᠯ ᠲᠥᠷᠥᠯ᠎ᠦᠨ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ 《ᠪᠤᠬ᠎ᠠ ᠲᠡᠷᠭᠡ》 ᠪᠣᠯᠬᠤ ᠎ᠪᠠᠷ ᠴᠢᠷᠮᠠᠢᠭᠠᠷᠠᠢ ᠭᠡᠵᠤ ᠵᠤᠷᠢᠬᠵᠢᠭᠤᠯᠪᠠ᠃ ᠲᠡᠷᠡ᠂ ᠠᠷᠠᠳ᠎ᠤᠨ ᠡᠵᠡᠩᠨᠡᠯᠲᠡ ᠎ᠶ᠋ᠢᠨ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠶᠡᠬᠡ᠎ᠪᠡᠷ ᠳᠡᠮᠵᠢᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠬᠦᠴᠦᠯᠡᠨ ᠱᠢᠯᠢᠳᠡᠭ᠌ᠵᠢᠭᠦᠯᠵᠦ᠍᠂ ᠠᠵᠤ ᠠᠬᠤᠢᠯᠠᠯ᠎ᠤᠨ ᠲᠤᠰᠭᠠᠯ ᠴᠢᠩᠭ᠎ᠠ ᠪᠠᠢᠭ᠎ᠠ ᠡᠪᠡᠷᠰᠢᠶᠠᠯ ᠠᠰᠠᠭᠤᠳᠠᠯ ᠬᠦᠴᠢᠷ ᠠᠰᠠᠭᠤᠳᠠᠯ ᠲᠦᠭ᠌ᠵᠢᠷᠡᠯ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠵᠦ᠍᠂ ᠠᠵᠤ ᠠᠬᠤᠢᠯᠠᠯ᠎ᠤᠨ ᠬᠠᠤᠯᠢ ᠶᠣᠰᠣᠨ᠎ᠤ ᠡᠷᠬᠡ ᠠᠱᠢᠭ᠎ᠢ ᠪᠦᠲᠦᠮᠵᠢᠲᠡᠶ ᠬᠠᠮᠠᠭᠠᠯᠠᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠦᠷᠭᠦᠯᠵᠢᠯᠡᠨ ᠡᠷᠡᠭᠦᠯ᠎ᠢᠶᠡᠷ ᠴᠢᠨᠠᠷ ᠰᠠᠢᠲᠠᠶ ᠬᠥᠭ᠌ᠵᠢᠬᠦ᠌᠎ᠶ᠋ᠢ ᠪᠠᠲᠤᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠱᠢᠨ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ