ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠸᠠᠩ ᠸᠧᠢ ᠵᠦᠩ  ᠪᠦᠦ ᠭᠠᠩ ᠬᠤᠸᠠ ᠷᠦᠨ ᠪᠦᠯᠦᠭᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠸᠠᠩ ᠱᠢᠶᠠᠩ ᠮᠢᠩ ᠶᠡᠷᠦᠩᠬᠡᠢ ᠳᠠᠭᠠᠭᠠᠮᠠᠯ ᠸᠠᠩ ᠼᠦᠢ ᠵᠢᠶᠦ᠋ᠨ᠎ᠲᠡᠶ ᠠᠭᠤᠯᠵᠠᠪᠠ
ᠨᠡᠶ᠋ᠢᠲᠡᠯᠡᠭᠰᠡᠨ ᠴᠠᠭ᠄ 2025-11-26

11 ᠰᠠᠷ᠎ᠠ᠎ᠶ᠋ᠢᠨ 25᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠡᠡᠣᠲᠠ᠎ᠳᠤ ᠬᠤᠸᠠ ᠷᠦᠨ ᠪᠦᠯᠦᠭᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠸᠠᠩ ᠱᠢᠶᠠᠩ ᠮᠢᠩ᠂ ᠶᠡᠷᠦᠩᠬᠡᠶ ᠳᠠᠭᠠᠭᠠᠮᠠᠯ ᠸᠠᠩ ᠼᠦᠢ ᠵᠢᠶᠦ᠋ᠨ᠎ᠨᠡᠷ᠎ᠲᠡᠶ ᠠᠭᠤᠯᠵᠠᠪᠠ᠃

ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠸᠠᠩ ᠱᠢᠶᠠᠩ ᠮᠢᠩ᠂ ᠸᠠᠩ ᠼᠦᠢ ᠵᠢᠶᠦ᠋ᠨ᠎ᠨᠡᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠣᠷᠳᠣ ᠬᠤᠭᠤᠴᠠᠭᠠᠨ᠎ᠤ ᠲᠤᠷᠰᠢ ᠬᠤᠸᠠ ᠷᠦᠨ ᠪᠦᠯᠦᠭᠯᠡᠯ᠎ᠦᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠦᠵᠡᠭᠦᠯᠦᠭ᠌ᠰᠡᠨ ᠢᠳᠡᠪᠬᠢᠲᠡᠶ ᠬᠤᠪᠢ ᠨᠡᠮᠡᠷᠢ᠎ᠳᠦ ᠲᠠᠯᠠᠷᠬᠠᠵᠤ ᠪᠠᠢᠬᠤ᠎ᠪᠠᠨ ᠢᠯᠡᠳᠭᠡᠭ᠌ᠰᠡᠨ ᠪᠥᠭᠡᠳ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠣᠳᠣᠬᠠᠨ᠎ᠳᠤ ᠪᠢᠳᠡ ᠶᠠᠭ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ᠎ᠵᠢᠨ ᠪᠥᠬᠥᠳᠡ ᠬᠤᠷᠠᠯ᠎ᠤᠨ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠨᠠᠷᠢᠨ ᠬᠢᠨᠠᠮᠠᠭᠠᠶ ᠲᠥᠯᠥᠪᠵᠢᠭᠦᠯᠵᠦ ᠪᠠᠢᠨ᠎ᠠ᠃ ᠬᠤᠸᠠ ᠷᠦᠨ ᠪᠦᠯᠦᠭᠯᠡᠯ᠎ᠦᠨ ᠲᠤᠬᠠᠢᠯᠠᠭ᠍ᠰᠠᠨ ᠠᠵᠢᠯ᠎ᠤᠨ ᠪᠠᠢᠷᠢᠱᠢᠯ ᠥᠷᠭᠡᠨ᠂ ᠶᠡᠷᠦᠩᠬᠡᠢᠯᠡᠭ᠌ᠰᠡᠨ ᠪᠣᠳᠠᠲᠤ ᠬᠦᠴᠦᠨ ᠴᠢᠩᠭ᠎ᠠ᠂ ᠢᠷᠡᠭᠡᠳᠦᠢ᠎ᠶ᠋ᠢᠨ ᠬᠥᠭ᠌ᠵᠢᠯᠲᠡ᠎ᠶ᠋ᠢᠨ ᠭᠣᠣᠯᠳᠠᠯᠭ᠎ᠠ ᠥᠪᠥᠷ ᠮᠣᠩᠭᠣᠯ᠎ᠤᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠴᠢᠭᠯᠡᠯ᠎ᠲᠡᠶ ᠳᠡᠭᠡᠳᠦ ᠬᠡᠮᠵᠢᠶ᠎ᠡ᠎ᠪᠡᠷ ᠨᠡᠢᠴᠡᠵᠦ᠍ ᠪᠠᠢᠨ᠎ᠠ᠃ ᠬᠤᠸᠠ ᠷᠦᠨ ᠪᠦᠯᠦᠭᠯᠡᠯ ᠴᠢᠳᠠᠪᠤᠷᠢᠲᠠᠨ᠂ ᠮᠡᠷᠭᠡᠵᠢᠯ᠂ ᠪᠠᠯᠠ ᠮᠥᠩᠭᠥ᠌᠂ ᠠᠵᠤ ᠦᠶ᠋ᠯᠡᠰ᠎ᠦᠨ ᠢᠵᠢ ᠪᠥᠷᠢᠳᠦᠭᠦᠯᠬᠦ᠌ ᠵᠢᠴᠢ ᠬᠠᠮᠢᠶᠠᠷᠤᠯᠲᠠ᠎ᠶ᠋ᠢᠨ ᠱᠢᠨ᠎ᠡ᠎ᠶ᠋ᠢ ᠡᠭᠦᠳᠬᠦ᠌ ᠵᠡᠷᠭᠡ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠬᠡᠷᠡᠯᠴᠢ ᠴᠡᠨᠡᠭ᠎ᠢᠶᠡᠷ ᠡᠯᠡᠰᠦ᠎ᠶ᠋ᠢ ᠵᠠᠰᠠᠬᠤ᠂ ᠰᠠᠯᠬᠢᠨ ᠬᠦᠴᠦᠨ ᠭᠡᠷᠡᠯᠴᠢ ᠴᠡᠨᠡᠭ᠎ᠤᠰᠤᠲᠦ᠋ᠷᠦᠭᠴᠢ ᠨᠦᠭᠡᠴᠡ᠂ ᠲᠣᠮᠣ ᠬᠡᠷᠡᠭᠯᠡᠭᠡ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠬᠦᠷᠢᠶᠡᠨ᠎ᠳᠦ ᠮᠠᠨ᠎ᠤ ᠣᠷᠣᠨ᠎ᠳᠠᠬᠢ ᠲᠥᠷᠥᠯ ᠵᠦᠶ᠋ᠯ᠎ᠦᠨ ᠪᠠᠢᠷᠢᠱᠢᠭᠤᠯᠤᠯᠲᠠ ᠪᠣᠯᠤᠨ ᠪᠠᠯᠠ ᠮᠥᠩᠭᠥ᠎ᠶᠢᠨ ᠣᠷᠣᠭᠤᠯᠤᠯᠲᠠ᠎ᠶᠢᠨ ᠡᠷᠴᠢᠮ᠎ᠢᠶᠡᠨ ᠴᠢᠨᠠᠭ᠍ᠰᠢᠳᠠ ᠴᠢᠩᠭᠠᠷᠠᠭᠤᠯᠵᠤ᠂ ᠥᠪᠥᠷ ᠮᠣᠩᠭᠣᠯ᠎ᠤᠨ ᠠᠵᠤ ᠠᠬᠤᠢᠯᠠᠯ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠬᠦ᠌᠎ᠶ᠋ᠢ ᠬᠦᠰᠡᠵᠦ᠍ ᠪᠠᠢᠨ᠎ᠠ᠃ ᠪᠢᠳᠠ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠦᠬᠦ᠌ ᠬᠦᠴᠦᠨ᠎ᠢᠶᠡᠷ᠎ᠢᠶᠡᠨ ᠱᠢᠯᠢᠳᠡᠭ᠌ᠵᠢᠭᠦᠯᠵᠦ᠍᠂ ᠬᠤᠸᠠ ᠷᠦᠨ ᠪᠦᠯᠦᠭᠯᠡᠯ᠎ᠢ ᠪᠠᠭ᠍ᠲᠠᠭᠠᠭ᠍ᠰᠠᠨ ᠥᠷᠭᠡᠨ ᠤᠯᠠᠨ ᠠᠵᠤ ᠠᠬᠤᠢᠯᠠᠯ᠎ᠤᠨ ᠥᠪᠥᠷ ᠮᠣᠩᠭᠣᠯ᠎ᠳᠠᠬᠢ ᠬᠥᠭ᠌ᠵᠢᠯᠲᠡ᠎ᠳᠦ ᠦᠢᠯᠡᠴᠢᠯᠡᠭᠡᠨ᠎ᠦ ᠪᠠᠲᠤᠯᠠᠭ᠎ᠠ ᠬᠠᠩᠭᠠᠨ᠎ᠠ ᠭᠡᠪᠡ᠃

ᠸᠠᠩ ᠱᠢᠶᠠᠩ ᠮᠢᠩ᠂ ᠸᠠᠩ ᠼᠦᠢ ᠵᠢᠶᠦ᠋ᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠬᠤᠸᠠ ᠷᠦᠨ ᠪᠦᠯᠦᠭᠯᠡᠯ᠎ᠳᠦ ᠦᠵᠡᠭᠦᠯᠦᠭ᠌ᠰᠡᠨ ᠬᠦᠴᠦᠲᠡᠢ ᠳᠡᠮᠵᠢᠯᠭᠡ᠎ᠳᠦ ᠲᠠᠯᠠᠷᠬᠠᠵᠤ᠂ ᠠᠵᠤ ᠠᠬᠤᠢᠯᠠᠯ᠎ᠤᠨ ᠥᠪᠥᠷ ᠮᠣᠩᠭᠣᠯ᠎ᠳᠠᠬᠢ ᠪᠡᠯᠡ ᠣᠷᠣᠭᠤᠯᠤᠯᠲᠠ᠎ᠶ᠋ᠢᠨ ᠬᠠᠮᠲᠤᠷᠠᠯᠴᠠᠭᠠᠨ᠎ᠤ ᠠᠬᠢᠴᠠ ᠪᠣᠯᠤᠨ ᠳᠠᠷᠠᠭᠠᠴᠢ᠎ᠶ᠋ᠢᠨ ᠠᠯᠬᠤᠮ᠎ᠤᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠲᠠᠨᠢᠯᠴᠠᠭᠤᠯᠪᠠ᠃ ᠸᠠᠩ ᠱᠢᠶᠠᠩ ᠮᠢᠩ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ ᠬᠤᠸᠠ ᠷᠦᠨ ᠪᠦᠯᠦᠭᠯᠡᠯ ᠪᠣᠯᠤᠨ ᠥᠪᠥᠷ ᠮᠣᠩᠭᠣᠯ ᠡᠯᠪᠡᠭ ᠪᠠᠶᠠᠯᠢᠭ ᠬᠠᠮᠲᠤᠷᠠᠯᠴᠠᠭᠠᠨ᠎ᠤ ᠦᠷ᠎ᠡ ᠪᠦᠲᠦᠭᠡᠯ ᠤᠯᠪᠠ᠃ 《ᠠᠷᠪᠠᠨ ᠲᠠᠪᠤᠳᠤᠭᠠᠷ ᠲᠠᠪᠤᠨ ᠵᠢᠯ》᠎ᠳᠤ ᠬᠠᠨᠳᠤᠭᠤᠯᠤᠨ᠂ ᠬᠤᠸᠠ ᠷᠦᠨ ᠪᠦᠯᠦᠭᠯᠡᠯ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠲᠡᠶ ᠰᠠᠨᠠᠭᠠᠴᠢᠯᠠᠭ᠎ᠠ᠎ᠡᠴᠡ᠎ᠪᠠᠨ ᠵᠣᠯᠭᠠᠭᠤᠯᠵᠤ᠂ ᠲᠣᠰ ᠪᠡᠶ᠎ᠡ᠎ᠶ᠋ᠢᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠱᠢᠨ᠎ᠡ ᠡᠨᠧᠷᠭᠢ᠎ᠶ᠋ᠢ ᠨᠡᠭᠡᠭᠡᠨ ᠠᠱᠢᠭ᠍ᠯᠠᠬᠤ᠂ ᠬᠣᠲᠠ᠎ᠶ᠋ᠢᠨ ᠪᠥᠲᠥᠭᠡᠨ ᠪᠠᠢᠭᠤᠯᠤᠯᠲᠠ ᠡᠵᠡᠩᠨᠡᠯᠲᠡ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠬᠦᠷᠢᠶᠡᠨ᠎ᠳᠦ ᠪᠠᠯᠠ ᠣᠷᠣᠭᠤᠯᠤᠯᠲᠠ᠎ᠶ᠋ᠢᠨ ᠡᠷᠴᠢᠮ᠎ᠢᠶᠡᠨ ᠤᠯᠠᠮ ᠴᠢᠨᠠᠭ᠍ᠰᠢᠳᠠ ᠴᠢᠩᠭᠠᠷᠠᠭᠤᠯᠵᠤ᠂ ᠨᠠᠩ ᠣᠯᠠᠨ ᠲᠥᠷᠥᠯ ᠵᠦᠶ᠋ᠯ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠪᠣᠯᠤᠨ᠎ᠠ ᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠱᠢᠨ ᠣᠷᠣᠯᠴᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ