ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠸᠠᠩ ᠸᠧᠢ ᠵᠦᠩ ᠪᠦᠦ ᠭᠠᠩ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠭ᠍ᠰᠠᠨ ᠥᠪᠥᠷ ᠮᠣᠩᠭᠣᠯ᠎ᠤᠨ ᠲᠠᠮᠢᠷᠴᠢᠨ ᠰᠤᠷᠭᠠᠭ᠍ᠴᠢ᠎ᠶ᠋ᠢᠨ ᠲᠥᠯᠥᠭᠡᠯᠡᠭ᠌ᠴᠢ ᠪᠠ ᠪᠦᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ 《ᠬᠤᠤᠰ ᠲᠡᠷᠢᠭᠦᠨ》᠎ᠦ ᠲᠥᠯᠥᠭᠡᠯᠡᠭ᠌ᠴᠢ᠎ᠲᠠᠶ ᠠᠭᠤᠯᠵᠠᠪᠠ
ᠨᠡᠶ᠋ᠢᠲᠡᠯᠡᠭᠰᠡᠨ ᠴᠠᠭ᠄ 2025-11-28

11 ᠰᠠᠷ᠎ᠠ᠎ᠶ᠋ᠢᠨ 27᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠳᠤ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠭ᠍ᠰᠠᠨ ᠥᠪᠥᠷ ᠮᠣᠩᠭᠣᠯ᠎ᠤᠨ ᠲᠠᠮᠢᠷᠴᠢᠨ᠂ ᠰᠤᠷᠭᠠᠭ᠍ᠴᠢ᠎ᠶ᠋ᠢᠨ ᠲᠥᠯᠥᠭᠡᠯᠡᠭ᠌ᠴᠢ ᠪᠣᠯᠤᠨ ᠪᠦᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ《ᠬᠤᠤᠰ ᠲᠡᠷᠢᠭᠦᠨ》᠎ᠦ ᠲᠥᠯᠥᠭᠡᠯᠡᠭ᠌ᠴᠢ᠎ᠲᠡᠶ ᠠᠭᠤᠯᠵᠠᠵᠤ᠂ ᠤᠯᠠᠨ᠎ᠤ ᠱᠢᠯᠢᠳᠡᠭ ᠠᠮᠵᠢᠯᠲᠠ ᠣᠯᠤᠭ᠍ᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠬᠤ᠎ᠪᠠᠨ ᠢᠯᠡᠳᠭᠡᠵᠦ᠂ ᠪᠦᠬᠦ᠌ ᠣᠷᠣᠨ᠎ᠤ ᠥᠷᠭᠡᠨ ᠤᠯᠠᠨ ᠪᠡᠶ᠎ᠡ᠎ᠶ᠋ᠢᠨ ᠲᠠᠮᠢᠷ᠎ᠤᠨ ᠠᠵᠢᠯᠳᠠᠨ ᠪᠣᠯᠤᠨ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠦᠢᠯᠡᠰ᠎ᠢ ᠬᠠᠯᠠᠮᠵᠢᠯᠠᠨ ᠳᠡᠮᠵᠢᠭ᠌ᠰᠡᠨ ᠡᠯ᠎ᠡ ᠡᠲᠡᠭᠡᠳ᠎ᠦᠨ ᠬᠥᠮᠦᠰ᠎ᠲᠦ ᠴᠢᠩ ᠰᠡᠳᠭᠢᠯ᠎ᠦᠨ ᠮᠡᠨᠳᠦᠴᠢᠯᠡᠯ ᠳᠡᠪᠱᠢᠭᠦᠯᠵᠦ᠍᠂ ᠴᠢᠩ ᠰᠡᠳᠭᠢᠯ᠎ᠡᠴᠡ᠎ᠪᠡᠨ ᠲᠠᠯᠠᠷᠬᠠᠵᠤ ᠪᠠᠢᠬᠤ᠎ᠪᠠᠨ ᠢᠯᠡᠳᠭᠡᠪᠡ᠃

ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ᠂ ᠮᠠᠨ᠎ᠤ ᠣᠷᠣᠨ᠎ᠤ ᠲᠠᠮᠢᠷᠴᠢᠳ 5 ᠠᠯᠲᠠᠨ ᠮᠧᠳᠠᠯ᠂ 4 ᠮᠥᠩᠭᠥᠨ ᠮᠧᠳᠠᠯ᠂ 12 ᠬᠦᠷᠡᠯ ᠮᠧᠳᠠᠯ ᠣᠯᠵᠤ᠂ ᠤᠯᠠᠨ ᠲᠦᠷᠦᠯ ᠵᠦᠢᠯ ᠲᠡᠦᠬᠡᠲᠦ ᠴᠢᠨᠠᠷᠲᠠᠢ ᠱᠢᠪᠲᠤᠯᠤᠯᠲᠠ᠎ᠲᠠᠶ ᠪᠣᠯᠵᠠᠢ᠃ ᠪᠥᠬᠥ᠌ ᠤᠯᠤᠰ᠎ᠤᠨ ᠣᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠲᠡᠷᠢᠭᠦᠨ᠎ᠦ ᠨᠢᠭᠡᠴᠢ ᠲᠡᠷᠢᠭᠦᠨ᠎ᠦ ᠬᠤᠪᠢ ᠬᠥᠮᠦᠨ᠂ ᠪᠥᠬᠥ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠱᠢᠰᠲ᠋ᠧᠮ᠎ᠦᠨ ᠲᠡᠷᠢᠭᠦᠨ᠎ᠦ ᠬᠠᠮᠲᠤ ᠲᠡᠷᠢᠭᠦᠨ᠎ᠦ ᠬᠤᠪᠢ ᠬᠥᠮᠦᠨ᠎ᠢ ᠬᠥᠬᠢᠭᠦᠯᠦᠨ ᠰᠠᠢᠱᠢᠶᠠᠬᠤ ᠶᠡᠬᠡ ᠬᠤᠷᠠᠯ ᠳᠡᠭᠡᠷ᠎ᠡ᠂ ᠮᠠᠨ᠎ᠤ ᠣᠷᠣᠨ᠎ᠤ ᠪᠡᠶ᠎ᠡ᠎ᠶ᠋ᠢᠨ ᠲᠠᠮᠢᠷ᠎ᠤᠨ ᠹᠷᠣᠨᠲ᠎ᠤᠨ 56 ᠲᠡᠷᠢᠭᠦᠨ᠎ᠦ ᠨᠢᠭᠡᠴᠢ (ᠬᠠᠮᠲᠤ)᠂ 46 ᠲᠡᠷᠢᠭᠦᠨ᠎ᠦ ᠬᠤᠪᠢ ᠬᠥᠮᠦᠨ ᠤᠯᠤᠰ᠎ᠤᠨ ᠬᠥᠬᠢᠭᠦᠯᠦᠯ ᠰᠠᠢᠱᠢᠶᠠᠯ᠎ᠢ ᠭᠥᠷᠳᠡᠪᠡ᠃ ᠠᠭᠤᠯᠵᠠᠯᠲᠠ᠎ᠶ᠋ᠢᠨ ᠳᠤᠮᠳᠠ᠂ ᠸᠠᠩ ᠸᠧᠢ ᠵᠦᠩ ᠤᠯᠠᠨ᠎ᠢ ᠢᠷᠠᠭᠤ ᠠᠯᠳᠠᠷ᠎ᠢᠶᠠᠨ ᠨᠠᠨᠳᠢᠩᠨᠠᠵᠤ᠂ ᠴᠢᠷᠮᠠᠢᠭ᠍ᠰᠠᠨ ᠳᠡᠭᠡᠷ᠎ᠡ᠎ᠪᠡᠨ ᠴᠢᠷᠮᠠᠢᠵᠤ᠂ ᠤᠷᠤᠯᠳᠤᠭᠠᠨ᠎ᠳᠤ ᠣᠷᠣᠯᠴᠠᠭ᠍ᠰᠠᠨ ᠲᠤᠷᠱᠢᠯᠭ᠎ᠠ᠎ᠪᠠᠨ ᠨᠠᠷᠢᠨ ᠬᠢᠨᠠᠮᠠᠭᠠᠢ ᠳ᠋ᠦᠩᠨᠡᠵᠦ᠍᠂ ᠤᠷᠤᠯᠳᠤᠭᠠᠨ᠎ᠳᠤ ᠪᠡᠯᠡᠳᠭᠡᠬᠦ᠌ ᠪᠣᠯᠪᠠᠰᠤᠷᠠᠯ᠎ᠢᠶᠡᠨ ᠱᠢᠨᠵᠢᠯᠡᠬᠦ᠌ ᠤᠬᠠᠭᠠᠨᠴᠢ᠎ᠪᠠᠷ ᠰᠠᠢᠲᠤᠷ ᠬᠢᠵᠦ᠍᠂ ᠡᠯ᠎ᠡ ᠵᠦᠢᠯ᠎ᠦᠨ ᠤᠷᠤᠯᠳᠤᠭᠠᠨ᠎ᠳᠤ ᠣᠷᠣᠯᠴᠠᠬᠤ ᠡᠭᠦᠷᠭᠡ᠎ᠶ᠋ᠢ ᠰᠠᠢᠲᠤᠷ ᠪᠡᠶᠡᠯᠡᠭᠦᠯᠵᠦ᠍᠂ ᠨᠡᠩ ᠶᠡᠬᠡ ᠱᠢᠨ᠎ᠡ ᠠᠮᠵᠢᠯᠲᠠ ᠤᠯᠬᠤ᠎ᠪᠠᠷ ᠴᠢᠷᠮᠠᠢᠭᠠᠷᠠᠢ ᠭᠡᠵᠦ᠍ ᠵᠣᠷᠢᠭ᠍ᠵᠢᠭᠤᠯᠪᠠ᠃ ᠲᠡᠷᠡ ᠬᠣᠯᠪᠣᠭ᠍ᠳᠠᠯ ᠪᠥᠬᠥᠶ ᠲᠠᠯ᠎ᠠ᠎ᠶ᠋ᠢᠨ᠎ᠬᠢᠨ᠎ᠢ ᠬᠥᠬᠢᠭᠦᠯᠦᠨ ᠰᠠᠢᠱᠢᠶᠠᠬᠤ ᠠᠵᠢᠯ᠎ᠢ ᠨᠠᠷᠢᠨ ᠬᠢᠨᠠᠮᠠᠭᠠᠶ ᠰᠠᠢᠲᠤᠷ ᠬᠢᠵᠦ᠍᠂ ᠤᠬᠠᠭᠤᠯᠤᠨ ᠮᠡᠳᠡᠭᠡᠯᠡᠬᠦ᠌ ᠡᠷᠴᠢᠮ᠎ᠢᠶᠡᠨ ᠴᠢᠩᠭᠠᠷᠠᠭᠤᠯᠵᠤ᠂ ᠪᠥᠬᠥ᠌ ᠣᠷᠣᠨ᠎ᠤ ᠥᠷᠭᠡᠨ ᠣᠯᠠᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠪᠡᠶ᠎ᠡ᠎ᠶ᠋ᠢᠨ ᠲᠠᠮᠢᠷ᠎ᠤᠨ ᠲᠠᠮᠢᠷᠴᠢᠳ᠎ᠢᠶᠠᠷ ᠳᠠᠭᠤᠷᠢᠶᠠᠯ ᠪᠣᠯᠭᠠᠵᠤ᠂ ᠠᠵᠢᠯ ᠬᠢᠵᠦ᠍ ᠦᠶ᠋ᠯᠡᠰ ᠪᠤᠰᠭᠠᠬᠤ ᠴᠣᠭ ᠰᠦᠯᠳᠡ᠎ᠶ᠋ᠢ ᠴᠢᠨᠠᠭ᠍ᠰᠢᠳᠠ ᠬᠥᠭ᠌ᠵᠢᠭᠡᠵᠦ᠍᠂ ᠡᠯ᠎ᠡ ᠠᠵᠢᠯ ᠲᠥᠷᠥᠯ᠎ᠳᠦ ᠱᠢᠯᠢᠳᠡᠭ ᠠᠮᠵᠢᠯᠲᠠ ᠪᠦᠲᠦᠮᠵᠢ ᠣᠯᠵᠤ᠂ 《ᠠᠯᠲᠠᠨ ᠮᠧᠳᠠᠯ》ᠤᠯᠬᠤ᠎ᠪᠠᠷ ᠴᠢᠷᠮᠠᠢᠬᠤ ᠬᠡᠷᠡᠭ᠌ᠲᠡᠶ ᠭᠡᠵᠦ᠍ ᠱᠠᠭᠠᠷᠳᠠᠪᠠ᠃

ᠸᠠᠩ ᠸᠧᠢ ᠵᠦᠩ᠂ ᠪᠢᠳᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠪᠡᠶ᠎ᠡ᠎ᠶ᠋ᠢᠨ ᠲᠠᠮᠢᠷ᠎ᠤᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠪᠦᠬᠦ᠌ ᠤᠯᠤᠰ᠎ᠤᠨ ᠤᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠲᠡᠷᠢᠭᠦᠨ᠎ᠦ ᠨᠢᠭᠡᠴᠢ᠂ ᠲᠡᠷᠢᠭᠦᠨ᠎ᠦ ᠬᠤᠪᠢ ᠬᠥᠮᠦᠨ᠎ᠦ ᠲᠥᠯᠥᠭᠡᠯᠡᠭ᠌ᠴᠢ ᠪᠣᠯᠤᠨ ᠪᠦᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠱᠢᠰᠲ᠋ᠧᠮ᠎ᠦᠨ ᠲᠡᠷᠢᠭᠦᠨ᠎ᠦ ᠬᠠᠮᠲᠤ᠂ ᠲᠡᠷᠢᠭᠦᠨ᠎ᠦ ᠬᠤᠪᠢ ᠬᠥᠮᠦᠨ᠎ᠦ ᠲᠥᠯᠥᠭᠡᠯᠡᠭ᠌ᠴᠢ᠎ᠲᠡᠶ ᠠᠭᠤᠯᠵᠠᠬᠤ ᠦᠶ᠎ᠡ᠎ᠶ᠋ᠢᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠦᠬᠦ᠌ ᠣᠷᠣᠨ᠎ᠤ ᠪᠡᠶ᠎ᠡ᠎ᠶ᠋ᠢᠨ ᠲᠠᠮᠢᠷ᠎ᠤᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠨᠡᠩ ᠰᠠᠢᠲᠤᠷ ᠠᠬᠢᠭᠤᠯᠵᠤ᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠎ᠳᠤ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ᠃ ᠥᠪᠡᠷ᠎ᠦᠨ ᠴᠢᠳᠠᠪᠦᠷᠢ ᠪᠠ ᠳᠠᠪᠠᠭᠤᠯᠢᠭ᠎ᠢᠶᠠᠨ ᠤᠯᠠᠮ ᠨᠢᠭᠡ ᠠᠯᠬᠤᠮ ᠰᠠᠢᠲᠤᠷ ᠪᠠᠳᠤᠳᠬᠠᠨ ᠰᠠᠢᠳᠤᠷ ᠪᠠᠳᠠᠷᠠᠭᠤᠯᠵᠤ᠂ ᠲᠠᠮᠢᠷᠴᠢᠳ᠎ᠢ ᠱᠢᠯᠢᠨ ᠬᠥᠮᠦᠵᠢᠭᠦᠯᠬᠦ᠌ ᠪᠠ ᠤᠷᠤᠯᠳᠤᠭᠠᠨ᠎ᠳᠤ ᠪᠡᠯᠡᠳᠭᠡᠬᠦ᠌ ᠤᠷᠤᠯᠳᠤᠭᠠᠨ᠎ᠳᠤ ᠤᠷᠤᠯᠴᠠᠬᠤ ᠠᠵᠢᠯ᠎ᠢ ᠰᠠᠢᠲᠤᠷ ᠬᠢᠵᠦ᠍᠂ ᠨᠢᠳᠤᠷᠭᠠᠨ ᠲᠡᠮᠡᠴᠡᠭᠡᠨ᠂ ᠪᠠᠷᠢᠯᠳᠤᠭᠠᠨ᠂ ᠵᠢᠦᠳᠣᠣ᠂ ᠪᠤᠢᠺᠤ ᠪᠥᠮᠪᠥᠭᠡ ᠵᠡᠷᠭᠡ ᠪᠤᠰᠤᠳ᠎ᠠᠴᠠ ᠲᠠᠪᠠᠭᠤᠯᠢᠭ ᠲᠥᠷᠥᠯ ᠵᠦᠢᠯ᠎ᠢ ᠪᠦᠬᠦ᠌ ᠤᠯᠤᠰ᠎ᠤᠨ ᠲᠡᠷᠢᠭᠦᠨ᠎ᠦ ᠪᠠᠢᠷᠢᠨ᠎ᠳᠤ ᠪᠠᠢᠯᠭᠠᠬᠤ ᠬᠡᠷᠡᠭ᠌ᠲᠡᠢ᠃ ᠠᠷᠠᠳ ᠲᠦᠮᠡᠨ᠎ᠢᠶᠡᠷ ᠭᠣᠣᠯ ᠪᠣᠯᠭᠠᠭ᠍ᠰᠠᠨ ᠪᠡᠶ᠎ᠡ᠎ᠶ᠋ᠢᠨ ᠲᠠᠮᠢᠷ᠎ᠤᠨ ᠦᠢᠯᠡᠰ᠎ᠢ ᠶᠡᠬᠡ᠎ᠪᠡᠷ ᠬᠥᠭ᠌ᠵᠢᠭᠦᠯᠵᠦ᠍᠂ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠦᠨ᠂ ᠡᠯᠪᠡᠭ ᠪᠠᠶᠠᠯᠢᠭ᠂ ᠢᠯᠡ ᠲᠣᠳᠣ ᠣᠨᠴᠠᠯᠢᠭ᠎ᠲᠠᠶ ᠤᠯᠠᠨ ᠲᠦᠮᠡᠨᠴᠢ ᠴᠢᠨᠠᠷᠲᠠᠢ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠢ ᠵᠣᠬᠢᠶᠠᠨ ᠪᠠᠢᠭᠤᠯᠤᠨ ᠥᠷᠨᠢᠭᠦᠯᠬᠦ᠌ ᠬᠡᠷᠡᠭ᠌ᠲᠡᠢ᠃ ᠡᠯ᠎ᠡ ᠲᠦᠷᠦᠯ᠎ᠦᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠠᠵᠢᠯᠯᠠᠭ᠎ᠠ᠎ᠶ᠋ᠢ ᠢᠳᠡᠪᠬᠢᠲᠡᠢ ᠳᠠᠭᠠᠭᠠᠴᠢᠯᠠᠨ ᠡᠷᠬᠢᠯᠡᠵᠦ᠍᠂ ᠪᠡᠶ᠎ᠡ᠎ᠶ᠋ᠢᠨ ᠲᠠᠮᠢᠷ᠎ᠤᠨ ᠦᠢᠯᠡᠰ ᠬᠢᠭᠡᠳ ᠰᠣᠶᠣᠯ᠂ ᠵᠢᠭᠤᠯᠴᠢᠯᠠᠯ᠂ ᠬᠤᠳᠠᠯᠳᠤᠭ᠎ᠠ ᠯᠤᠭ᠎ᠠ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠤᠷᠤᠯᠳᠤᠭᠠᠨ᠎ᠤ ᠠᠵᠤ ᠠᠬᠤᠢ ᠪᠠ ᠪᠡᠶ᠎ᠡ᠎ᠶ᠋ᠢᠨ ᠲᠠᠮᠢᠷ᠎ᠤᠨ ᠠᠵᠤ ᠦᠢᠯᠡᠰ᠎ᠦᠨ ᠥᠷᠨᠢᠩᠭᠦᠢ ᠬᠥᠭ᠌ᠵᠢᠯᠲᠡ᠎ᠶ᠋ᠢ ᠨᠡᠩ ᠰᠠᠢᠲᠤᠷ ᠠᠬᠢᠭᠤᠯᠬᠤ ᠬᠡᠷᠡᠭ᠌ᠲᠡᠢ ᠭᠡᠵᠡᠢ᠃

ᠵᠤᠤ ᠱᠢᠤᠸᠠᠨ᠂ ᠳ᠋ᠸ ᠶᠦᠨ ᠽᠸ᠂ ᠬᠠᠰᠠᠷ ᠤᠷᠢᠳ ᠬᠣᠵᠢᠳ ᠦᠭᠡ ᠬᠡᠯᠡᠵᠦ᠂ ᠤᠷᠤᠯᠳᠤᠭᠠᠨ᠎ᠳᠤ ᠣᠷᠣᠯᠴᠠᠭ᠍ᠰᠠᠨ ᠥᠩᠭᠡᠷᠡᠯᠲᠡ ᠪᠣᠯᠤᠨ ᠤᠷᠤᠯᠳᠤᠭᠠᠨ᠎ᠳᠤ ᠪᠡᠯᠡᠳᠭᠡᠭ᠌ᠰᠡᠨ ᠲᠦᠷᠦᠭ᠌ᠳᠡᠯ᠎ᠢᠶᠡᠨ ᠬᠤᠪᠢᠶᠠᠯᠴᠠᠪᠠ᠃ ᠠᠭᠤᠯᠵᠠᠯᠲᠠ ᠳᠠᠭᠤᠰᠤᠭ᠍ᠰᠠᠨ᠎ᠤ ᠳᠠᠷᠠᠭ᠎ᠠ᠂ ᠸᠠᠩ ᠸᠧᠢ ᠵᠦᠩ᠂ ᠪᠦᠦ ᠭᠠᠩ᠎ᠨᠠᠷ ᠲᠠᠮᠢᠷᠴᠢᠨ᠂ ᠰᠤᠷᠭᠠᠭ᠍ᠴᠢ᠎ᠵᠢᠨ ᠲᠥᠯᠥᠭᠡᠯᠡᠭ᠌ᠴᠢ ᠪᠣᠯᠤᠨ ᠪᠦᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ 《ᠬᠤᠤᠰ ᠲᠡᠷᠢᠭᠦᠨ》᠎ᠦ ᠲᠥᠯᠥᠭᠡᠯᠡᠭ᠌ᠴᠢ᠎ᠲᠡᠶ ᠬᠠᠮᠲᠤ᠎ᠶ᠋ᠢᠨ ᠰᠡᠭᠦᠳᠡᠷ ᠲᠠᠲᠠᠭᠤᠯᠵᠤ ᠳᠤᠷᠠᠰᠭᠠᠯ ᠦᠯᠡᠳᠡᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠱᠢᠨ᠂ ᠰᠦᠨ ᠵᠢᠶᠦ᠋ᠨ ᠴᠢᠩ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ