11 ᠰᠠᠷ᠎ᠠ᠎ᠶ᠋ᠢᠨ 27 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠥᠬᠢᠭᠦᠯᠦᠨ ᠱᠠᠩᠨᠠᠬᠤ ᠶᠡᠬᠡ ᠬᠤᠷᠠᠯ ᠬᠥᠬᠡᠡᠡᠣᠲᠠ᠎ᠳᠤ ᠬᠤᠷᠠᠯᠳᠤᠵᠤ᠂ ᠪᠦᠬᠦ᠌ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠪᠱᠢᠯᠳᠠ ᠪᠣᠯᠤᠨ ᠴᠢᠨᠠᠷ ᠰᠠᠢᠲᠠᠢ ᠬᠥᠭ᠌ᠵᠢᠯᠲᠡ᠎ᠳᠦ ᠲᠤᠪᠤᠢ᠌ᠮ᠎ᠠ ᠬᠤᠪᠢ ᠨᠡᠮᠡᠷᠢ ᠦᠵᠡᠭᠦᠯᠦᠭ᠌ᠰᠡᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠳᠠᠨ ᠪᠣᠯᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ᠎ᠢ ᠬᠥᠬᠢᠭᠦᠯᠦᠨ ᠰᠠᠢᠱᠢᠶᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠤᠬᠠᠶ ᠴᠢᠬᠤᠯᠠ ᠥᠭᠦᠯᠡᠯᠲᠡ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠠᠸ᠋ᠭ᠎ᠠ ᠰᠠᠨᠠᠭ᠎ᠠ ᠡᠷᠡᠯᠬᠡᠭ ᠵᠣᠷᠢᠭ᠎ᠢ ᠪᠣᠶ ᠪᠣᠯᠭᠠᠨ᠂ ᠱᠢᠨ᠎ᠡ᠎ᠶ᠋ᠢ ᠡᠭᠦᠳᠬᠦ᠌ ᠢᠲᠡᠭᠡᠯ᠎ᠢᠶᠡᠨ ᠨᠡᠮᠡᠭ᠌ᠳᠡᠭᠦᠯᠵᠦ᠍᠂ ᠥᠷᠯᠥᠭᠡ ᠦᠳᠡᠰᠢ᠎ᠶ᠋ᠢ ᠲᠡᠮᠡᠴᠡᠨ᠂ ᠪᠦᠯᠬᠦᠮᠳᠡᠨ ᠲᠡᠮᠡᠴᠡᠵᠦ᠍᠂ ᠱᠢᠨ᠎ᠡ᠎ᠶ᠋ᠢ ᠡᠭᠦᠳᠬᠦ᠌ ᠮᠠᠶᠢᠭ᠎ᠤᠨ ᠥᠪᠥᠷ ᠮᠣᠩᠭᠣᠯ᠎ᠢ ᠲᠦᠷᠭᠡᠳᠭᠡᠨ ᠪᠥᠲᠥᠭᠡᠨ ᠪᠠᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭᠯᠡᠬᠦ᠌᠎ᠳᠦ ᠨᠠᠩ ᠪᠠᠲᠤ ᠪᠠᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠯ᠎ᠢ ᠬᠠᠩᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃


ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠤᠷᠠᠯ᠎ᠢ ᠡᠷᠭᠢᠯᠡᠵᠡᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠬᠣᠯᠪᠣᠭ᠍ᠳᠠᠯ ᠪᠦᠬᠦᠢ ᠤᠳᠤᠷᠢᠳᠭᠤ ᠨᠥᠬᠥᠳ ᠬᠤᠷᠠᠯ᠎ᠳᠤ ᠣᠷᠣᠯᠴᠠᠵᠠᠢ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠰᠦᠨ ᠵᠢᠶᠦ᠋ᠨ ᠴᠢᠩ 《2024 ᠣᠨ᠎ᠤ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠬᠢᠭᠦᠯᠦᠯ ᠱᠠᠨᠭᠨᠠᠯ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠍ᠲᠠᠭᠠᠯ》᠎ᠢ ᠤᠩᠱᠢᠨ ᠨᠡᠢᠲᠡᠯᠡᠵᠦ᠍᠂ ᠸᠠᠩ ᠸᠧᠶ ᠵᠥᠩ ᠵᠡᠷᠭᠡ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ᠎ᠡᠴᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠳᠠᠪᠱᠢᠯᠲᠠ᠎ᠶ᠋ᠢᠨ ᠣᠨᠴᠠ ᠲᠠᠰ᠎ᠤᠨ ᠱᠠᠩᠨᠠᠯ᠎ᠤᠨ ᠨᠢᠭᠡᠳᠦᠭᠡᠷ ᠪᠡᠶᠡᠯᠡᠭᠦᠯᠦᠭᠴᠢ ᠵᠠᠩ ᠫᠸᠩ ᠵᠢᠤᠢ ᠵᠢᠴᠢ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠱᠠᠩᠨᠠᠯ᠂ ᠮᠡᠷᠭᠡᠵᠢᠯ᠎ᠦᠨ ᠡᠭᠦᠳᠦᠯᠲᠡ᠎ᠶ᠋ᠢᠨ ᠱᠠᠩᠨᠠᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠳᠠᠪᠱᠢᠯᠲᠠ᠎ᠶ᠋ᠢᠨ ᠱᠠᠩᠨᠠᠯ᠂ ᠵᠠᠯᠠᠭᠤᠴᠤᠳ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠱᠠᠩᠨᠠᠯ᠂ ᠣᠯᠠᠨ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠠᠮᠲᠤᠷᠠᠯᠴᠠᠭᠠᠨ᠎ᠤ ᠱᠠᠩᠨᠠᠯ ᠭᠥᠷᠳᠡᠭ᠌ᠰᠡᠨ ᠲᠥᠯᠥᠭᠡᠯᠡᠭ᠌ᠴᠢ᠎ᠳᠦ ᠱᠠᠩᠨᠠᠯ ᠭᠠᠷᠳᠠᠭᠤᠯᠪᠠ᠃ ᠵᠠᠩ ᠫᠸᠩ ᠵᠢᠤᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳ᠎ᠢ ᠲᠥᠯᠥᠭᠡᠯᠡᠨ ᠦᠭᠡ ᠬᠡᠯᠡᠪᠡ᠃




ᠸᠠᠩ ᠸᠧᠢ ᠵᠦᠩ ᠶᠠᠷᠢᠶᠠᠨ᠎ᠳᠠᠭᠠᠨ ᠤᠢ᠍ᠢᠷ᠎ᠠ᠎ᠶ᠋ᠢᠨ ᠵᠢᠯ᠎ᠦᠨ ᠲᠤᠷᠱᠢᠬᠢ ᠪᠦᠬᠦ᠌ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠢᠯ᠎ᠤᠨ ᠣᠯᠤᠭ᠍ᠰᠠᠨ ᠱᠢᠨ᠎ᠡ ᠠᠬᠢᠴᠠ ᠱᠢᠨ᠎ᠡ ᠦᠷ᠎ᠡ ᠪᠦᠲᠦᠮᠵᠢ᠎ᠶ᠋ᠢ ᠭᠦᠢᠴᠡᠳ ᠨᠤᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ᠎ᠪᠡᠷ ᠱᠢᠨ᠎ᠡ᠎ᠪᠡᠷ ᠰᠣᠩᠭᠣᠭ᠍ᠳᠠᠭ᠍ᠰᠠᠨ ᠵᠠᠩ ᠫᠸᠩ ᠵᠢᠤᠢ ᠨᠥᠬᠥᠷ᠂ ᠯᠦ᠍ ᠵᠠᠨ ᠶᠤᠸᠠᠨ ᠨᠥᠬᠥᠷ ᠪᠣᠯᠤᠨ ᠪᠦᠬᠦ᠌ ᠱᠠᠩᠨᠠᠯ ᠬᠦᠷᠳᠡᠭ᠌ᠰᠡᠳᠲᠦ ᠬᠠᠯᠠᠭᠤᠨ ᠪᠠᠶᠠᠷ ᠬᠦᠷᠭᠡᠵᠦ᠍᠂ ᠪᠦᠬᠦ᠌ ᠣᠷᠣᠨ᠎ᠤ ᠥᠷᠭᠡᠨ ᠤᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳ᠎ᠲᠤ ᠡᠷᠬᠢᠮ ᠳᠡᠭᠡᠳᠦ ᠬᠦᠨᠳᠦᠳᠭᠡᠯ ᠳᠡᠪᠱᠢᠭᠦᠯᠪᠡ᠃ ᠲᠡᠷᠡ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ᠎ᠵᠢᠨ᠎ᠫᠢᠩ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠶ᠋ᠢᠨ ᠦᠨᠳᠦᠷᠴᠡ᠎ᠡᠴᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠂ ᠥᠨᠳᠥᠷ ᠲᠦᠪᠱᠢᠨ᠎ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠪᠡᠶᠡᠯᠡᠭᠦᠯᠬᠦ᠌᠎ᠶᠢᠨ ᠲᠣᠭᠣᠷᠢᠨ᠎ᠳᠤ ᠠᠯᠢ ᠤᠯᠠᠨ ᠴᠢᠬᠤᠯᠠ ᠥᠭᠦᠯᠡᠯᠲᠡ ᠬᠢᠪᠡ᠃ ᠶᠡᠷᠦᠩᠬᠡᠢ ᠱᠦᠵᠢ ᠰᠢ᠎ᠵᠢᠨ᠎ᠫᠢᠩ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠢᠯ᠎ᠢ ᠮᠠᠰᠢ ᠠᠩᠬᠠᠷᠴᠤ᠌᠂ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠲᠠᠯᠪᠢᠬᠤ ᠪᠦᠷᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠶᠠᠷᠢᠵᠤ᠂ ᠴᠢᠬᠤᠯᠠ ᠱᠠᠭᠠᠷᠳᠠᠯᠭ᠎ᠠ ᠳᠤᠷᠠᠳᠤᠭ᠍ᠰᠠᠨ ᠮᠦᠷᠲᠡᠭᠡᠨ ᠪᠠᠰᠠ ᠴᠢᠩ ᠰᠡᠳᠭᠢᠯ᠎ᠦᠨ ᠬᠦᠰᠡᠯ ᠨᠠᠢᠳᠠᠯᠭ᠎ᠠ ᠲᠠᠯᠪᠢᠵᠤ᠂ ᠪᠢᠳᠡᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠬᠤ᠎ᠳᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃ ᠪᠢᠳᠡ ᠭᠦᠨᠵᠡᠭᠡᠢ ᠰᠤᠷᠤᠯᠴᠠᠨ ᠣᠢᠯᠠᠭᠠᠵᠤ᠂ ᠨᠡᠩ ᠴᠢᠩᠭ᠎ᠠ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠪᠤᠳᠤᠯ᠎ᠢᠶᠠᠷ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠳᠦ ᠨᠡᠩ ᠶᠡᠬᠡ ᠱᠢᠪᠲᠤᠯᠤᠯᠲᠠ ᠭᠠᠷᠭᠠᠬᠤ᠎ᠶ᠋ᠢ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》᠎ᠢ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠬᠦ᠌ ᠬᠡᠷᠡᠭ᠌ᠲᠡᠢ ᠭᠡᠪᠡ᠃
ᠸᠠᠩ ᠸᠧᠶ ᠵᠥᠩ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠥᠭ᠌ᠵᠢᠯᠲᠡ᠎ᠶ᠋ᠢᠨ ᠬᠤᠷᠳᠤᠴᠠ ᠨᠢ ᠠᠵᠤ ᠠᠬᠤᠶ᠎ᠶ᠋ᠢᠨ ᠨᠡᠮᠡᠭ᠌ᠳᠡᠯ᠎ᠦᠨ ᠬᠤᠷᠳᠤᠴᠠ᠎ᠡᠴᠡ ᠬᠣᠴᠣᠷᠴᠤ᠌ ᠪᠠᠢᠭ᠎ᠠ ᠪᠣᠯᠬᠣᠷ ᠠᠵᠤ ᠦᠶ᠋ᠯᠡᠰ᠎ᠦᠨ ᠣᠯᠠᠩᠬᠢ ᠨᠢ ᠠᠩᠬᠠᠨ᠎ᠤ ᠱᠠᠲᠤᠨ᠎ᠳᠠᠭᠠᠨ ᠵᠤᠬᠰᠤᠨᠭᠭᠤᠢᠷᠠᠵᠤ ᠪᠤᠢ᠃ ᠣᠳᠣᠬᠠᠨ᠎ᠳᠤ᠂ ᠱᠢᠨ᠎ᠡ ᠨᠢᠭᠡᠨ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠭᠠᠯ ᠪᠠ ᠠᠵᠤ ᠦᠢᠯᠡᠰ᠎ᠦᠨ ᠬᠤᠪᠢᠰᠤᠯᠲᠠ ᠨᠢᠰᠭᠦ ᠮᠡᠲᠦ ᠲᠦᠷᠭᠡᠨ ᠬᠥᠭ᠌ᠵᠢᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠢᠨ ᠴᠥᠮ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢ ᠶᠡᠬᠡᠪᠡᠷ ᠠᠳᠭᠤᠵᠤ᠂ ᠱᠢᠨ᠎ᠡ ᠮᠡᠷᠭᠡᠵᠢᠯ ᠱᠢᠨ᠎ᠡ ᠦᠢᠯᠡᠳᠬᠦᠨ ᠱᠢᠨ᠎ᠡ ᠤᠷ᠎ᠠ ᠮᠡᠷᠭᠡᠰᠢᠯ ᠭᠠᠵᠠᠷ ᠰᠠᠢ ᠦᠭᠡᠢ ᠴᠡᠴᠡᠭ᠌ᠯᠡᠨ ᠳᠡᠯᠭᠡᠷᠡᠵᠦ᠍᠂ ᠰᠢᠨᠡᠴᠢᠯᠡᠭᠳᠡᠨ ᠰᠤᠯᠢᠭᠳᠠᠬᠤ ᠨᠢ ᠤᠯᠠᠮ᠎ᠡᠴᠡ ᠤᠯᠠᠮ ᠲᠦᠷᠭᠡᠳᠴᠦ᠍ ᠪᠠᠢᠨ᠎ᠠ᠃ ᠤᠷᠢᠳᠤ ᠡᠮᠦᠨ᠎ᠡ ᠪᠠᠢᠭ᠎ᠠ ᠦᠭᠡᠢ ᠬᠤᠷᠴᠠ ᠱᠢᠷᠦᠭᠦᠨ ᠥᠷᠢᠰᠥᠯᠳᠦᠭᠡᠨ᠎ᠦ ᠪᠠᠢᠳᠠᠯ ᠪᠠ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠭᠦᠯᠬᠦ ᠲᠤᠯᠭᠠᠮ ᠱᠠᠭᠠᠷᠳᠠᠯᠭ᠎ᠠ᠎ᠶ᠋ᠢᠨ ᠡᠮᠦᠨ᠎ᠡ᠂ ᠪᠢᠳᠡ ᠱᠢᠨ᠎ᠡ᠎ᠶ᠋ᠢ ᠡᠭᠦᠳᠬᠦ᠌ ᠦᠭᠡᠢ ᠪᠠᠢᠵᠦ ᠪᠣᠯᠬᠤ ᠦᠭᠡᠢ᠂ ᠱᠢᠨ᠎ᠡ᠎ᠶ᠋ᠢ ᠡᠭᠦᠳᠬᠦ᠌ ᠤᠳᠠᠭᠠᠱᠢᠷᠠᠵᠤ ᠴᠤ᠌ ᠪᠣᠯᠬᠤ ᠦᠭᠡᠢ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶᠢᠨ ᠥᠪᠥᠷ ᠮᠣᠩᠭᠣᠯ᠎ᠤᠨ ᠬᠥᠭ᠌ᠵᠢᠯᠲᠡ᠎ᠳᠦ ᠦᠵᠡᠭᠦᠯᠬᠦ᠌ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ᠂ ᠬᠦᠷᠦᠯᠴᠡᠬᠦ᠌ ᠥᠬᠡᠶ ᠲᠠᠯ᠎ᠠ᠎ᠪᠠᠨ ᠵᠥᠪ᠎ᠢᠶᠡᠷ ᠲᠠᠨᠢᠨ᠂ ᠵᠥᠷᠢᠶ᠎ᠡ᠎ᠪᠡᠨ ᠮᠡᠳᠡᠷᠡᠵᠦ᠍᠂ ᠲᠦᠭ᠌ᠰᠢᠭᠦᠷᠢᠲᠦ ᠰᠡᠳᠭᠢᠯᠭᠡ ᠪᠠ ᠲᠤᠯᠭᠠᠮ ᠪᠣᠳᠣᠯ᠎ᠢᠶᠠᠨ ᠤᠯᠠᠮ ᠴᠢᠨᠠᠭ᠍ᠰᠢᠳᠠ ᠴᠢᠩᠭᠠᠳᠭᠠᠵᠤ᠂ ᠴᠠᠭ ᠮᠦᠴᠡ᠎ᠶᠢ ᠠᠯᠳᠠᠯ ᠦᠭᠡᠢ᠎ᠪᠠᠷ ᠱᠢᠨ᠎ᠡ᠎ᠶ᠋ᠢ ᠡᠭᠦᠳᠬᠦ᠌᠎ᠶ᠋ᠢ ᠰᠦᠪᠡᠭ᠌ᠴᠢᠯᠡᠨ᠂ ᠱᠢᠨ᠎ᠡ᠎ᠶ᠋ᠢ ᠡᠭᠦᠳᠬᠦ᠌᠎ᠶ᠋ᠢ ᠠᠳᠭᠤᠵᠤ᠂ ᠱᠢᠨ᠎ᠡ᠎ᠶ᠋ᠢ ᠡᠭᠦᠳᠬᠦ᠌᠎ᠶ᠋ᠢ ᠦᠨᠡᠨ ᠬᠦ᠌ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠭᠤᠤᠯ ᠬᠥᠳᠡᠯᠭᠡᠬᠦ᠌ ᠬᠦᠴᠦᠨ ᠪᠣᠯᠭᠠᠬᠤ ᠬᠡᠷᠡᠭ᠌ᠲᠡᠶ ᠭᠡᠵᠤ ᠵᠢᠭᠠᠵᠤ ᠭᠠᠷᠭᠠᠪᠠ᠃
ᠸᠠᠩ ᠸᠧᠢ ᠵᠦᠩ᠂ ᠥᠪᠥᠷ ᠮᠣᠩᠭᠣᠯ᠎ᠳᠤ ᠠᠪᠴᠤ᠌ ᠬᠡᠯᠡᠪᠡᠯ᠂ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ᠎ᠳᠤ ᠪᠡᠶ᠎ᠡ᠎ᠪᠡᠨ ᠭᠣᠯᠣᠵᠤ ᠭᠤᠲᠤᠷᠠᠭ᠍ᠰᠠᠨᠤ ᠬᠡᠷᠡᠭ ᠦᠭᠡᠢ ᠪᠦᠭᠡᠳ ᠪᠠᠰᠠ ᠣᠮᠣᠷᠬᠠᠭ᠍ᠯᠠᠨ ᠪᠠᠷᠳᠠᠮᠨᠠᠵᠤ ᠪᠣᠯᠬᠤ ᠦᠭᠡᠢ᠃ ᠬᠢᠬᠦ ᠶᠤᠰᠤᠳᠠᠢ ᠠᠵᠢᠯ᠎ᠢ ᠵᠠᠪᠠᠯ ᠬᠢᠵᠦ᠍᠂ ᠬᠢᠵᠦ ᠪᠤᠯᠬᠤ ᠦᠭᠡᠢ ᠵᠦᠢᠯ᠎ᠢ ᠤᠭᠲᠦ ᠬᠢᠬᠦ᠌ ᠦᠭᠡᠢ ᠪᠠᠢᠬᠤ᠎ᠶ᠋ᠢ ᠪᠠᠷᠢᠮᠲᠠᠯᠠᠵᠤ᠂ ᠳᠠᠪᠠᠭᠤᠯᠢᠭ ᠬᠦᠷᠢᠶ᠎ᠡ ᠪᠣᠯᠤᠨ ᠠᠵᠤ ᠦᠢᠯᠡᠰ᠎ᠦᠨ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠦᠬᠦ᠌ ᠶᠠᠪᠤᠴᠠ᠎ᠳᠤ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠲᠦᠷᠭᠡᠳᠭᠡᠨ ᠪᠠᠢᠭᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠬᠥᠭ᠌ᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃ ᠬᠡᠷᠡᠭ᠌ᠴᠡᠭᠡ᠎ᠪᠡᠷ ᠤᠳᠤᠷᠢᠳᠤᠮᠵᠢ ᠪᠤᠯᠭᠠᠬᠤ᠎ᠶ᠋ᠢ ᠲᠤᠪᠤᠢ᠌ᠯᠭᠠᠵᠤ᠂ ᠬᠡᠷᠡᠭ᠌ᠯᠡᠭᠡᠨ᠎ᠦ ᠰᠠᠭᠤᠷᠢ ᠰᠤᠳᠤᠯᠭᠠᠨ᠎ᠢ ᠪᠣᠳᠠᠲᠠᠢᠵᠢᠭᠤᠯᠵᠤ᠂ ᠨᠡᠩ ᠤᠯᠠᠨ 《0 ᠡᠴᠡ 1 ᠬᠦᠷᠬᠦ᠌》 ᠤᠤᠭᠠᠯ ᠡᠭᠦᠳᠦᠯᠲᠡ᠎ᠶ᠋ᠢᠨ ᠦᠷ᠎ᠡ ᠪᠦᠲᠦᠭᠡᠯ ᠭᠠᠷᠭᠠᠬᠤ᠎ᠪᠠᠷ ᠴᠢᠷᠮᠠᠢᠬᠤ ᠬᠡᠷᠡᠭ᠌ᠲᠡᠢ᠃ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠶ᠋ᠢ ᠴᠢᠩᠭᠠᠳᠭᠠᠵᠤ᠂ ᠬᠦᠴᠦ᠍᠎ᠪᠡᠨ ᠲᠥᠪᠯᠡᠷᠡᠭᠦᠯᠦᠨ ᠱᠢᠨ᠎ᠡ ᠡᠨᠧᠷᠭᠢ᠂ ᠬᠣᠪᠣᠷ ᠱᠢᠷᠣᠢ᠂ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠂ ᠡᠪᠡᠰᠦᠨ᠎ᠦ ᠦᠢᠯᠡᠰ᠂ ᠰᠦ᠎ᠶ᠋ᠢᠨ ᠦᠢᠯᠡᠰ ᠵᠡᠷᠭᠡ ᠳᠠᠪᠠᠭᠤᠯᠢᠭ ᠠᠵᠤ ᠦᠢᠯᠡᠰ᠎ᠲᠦ ᠲᠤᠯᠭᠠᠷᠠᠵᠤ ᠪᠠᠢᠭ᠎ᠠ 《ᠪᠣᠭᠣᠮᠢ》᠎ᠶᠢᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ 《ᠵᠣᠬᠢᠶᠠᠮᠠᠯ ᠤᠶᠤᠨ ᠴᠢᠳᠠᠪᠤᠷᠢ +》᠂ ᠤᠢᠷ᠎ᠠ ᠤᠭᠲᠠᠷᠭᠤᠢ᠎ᠶᠢᠨ ᠠᠵᠤ ᠠᠬᠤᠢ᠂ ᠠᠮᠢᠳᠤ ᠪᠣᠳᠠᠰ᠎ᠤᠨ ᠦᠢᠯᠡᠳᠭᠡᠯ᠂ ᠪᠣᠬᠢᠷᠲᠤᠯ ᠦᠭᠡᠢ ᠪᠤᠳᠤᠯᠳᠠ᠎ᠶᠢᠨ ᠬᠦᠴᠦᠨ᠂ ᠤᠰᠤᠲᠥ᠋ᠷᠥᠭ᠌ᠴᠢ ᠡᠨᠧᠷᠭᠢ᠂ ᠡᠨᠧᠷᠭᠢ ᠬᠠᠳᠠᠭᠠᠯᠠᠬᠤ ᠵᠡᠷᠭᠡ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠲᠦᠷᠭᠡᠳᠬᠡᠨ ᠪᠣᠢᠵᠢᠭᠤᠯᠤᠨ ᠪᠤᠵᠠᠭᠠᠢᠷᠠᠭᠤᠯᠬᠤ ᠬᠡᠷᠡᠭ᠌ᠲᠡᠢ᠃ ᠳᠠᠭᠠᠭᠤᠯᠤᠭᠴᠢ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠶ᠋ᠢ ᠲᠦᠷᠦᠭᠦᠯᠡᠨ ᠵᠣᠬᠢᠶᠠᠨ ᠪᠠᠢᠭᠤᠯᠵᠦ᠂ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠷᠥᠯ ᠵᠦᠶ᠋ᠯ᠎ᠢ ᠳᠠᠭᠠᠭᠠᠨ ᠡᠭᠦᠷᠭᠡᠯᠡᠵᠦ᠍᠂ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ᠎ᠤ ᠭᠦᠨᠵᠡᠭᠡᠶ ᠠᠭᠤᠰᠤᠯᠴᠠᠯ᠎ᠢ ᠠᠬᠢᠭᠤᠯᠬᠤ ᠬᠡᠷᠡᠭᠳᠡᠢ᠃ ᠱᠢᠨ᠎ᠡ ᠡᠨᠧᠷᠭᠢ ᠵᠡᠷᠭᠡ ᠳᠠᠪᠠᠭᠤᠯᠢᠭ᠎ᠲᠤ ᠰᠠᠭᠤᠷᠢᠯᠠᠨ ᠠᠬᠤᠶ ᠦᠵᠡᠭᠳᠡᠯ᠎ᠤᠨ ᠠᠭᠤᠳᠠᠯᠠᠯᠲᠠᠶ᠋ᠢ ᠴᠢᠩᠭᠠᠳᠭᠠᠵᠤ᠂ ᠨᠠᠩ ᠣᠯᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠲᠤᠷᠱᠢᠯᠲᠠ᠎ᠶ᠋ᠢᠨ ᠲᠠᠰᠤᠭ᠎ᠡᠴᠡ ᠦᠶ᠋ᠯᠡᠳᠪᠦᠷᠢᠯᠡᠯ᠎ᠦᠨ ᠱᠤᠭᠤᠮ ᠲᠡᠢᠰᠢ ᠬᠤᠪᠢᠷᠠᠭᠤᠯᠬᠤ᠎ᠶ᠋ᠢ ᠠᠬᠢᠭᠤᠯᠬᠤ ᠬᠡᠷᠡᠭ᠌ᠲᠡᠶ᠃ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢ ᠬᠦᠳᠦᠯᠦᠨ ᠵᠢᠯᠣᠭᠣᠳᠴᠤ᠌ ᠪᠠᠢᠭᠠᠳ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠢᠯᠭᠡᠭᠡᠨ᠎ᠦ ᠱᠢᠨ᠎ᠡ᠎ᠶ᠋ᠢ ᠡᠭᠦᠳᠴᠦ᠍᠂ ᠬᠦᠯᠢᠴᠡᠩᠭᠦᠢ ᠬᠦᠷᠦᠨᠭ᠌ᠭᠡ᠎ᠶ᠋ᠢ ᠬᠥᠭ᠌ᠵᠢᠭᠦᠯᠦᠨ ᠪᠤᠵᠠᠭᠠᠢᠷᠠᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠠᠵᠤ ᠦᠢᠯᠡᠰ᠂ ᠮᠥᠩᠭᠥᠨ ᠭᠦᠢᠯᠭᠡᠭᠡᠨ᠎ᠦ ᠰᠠᠢ᠌ᠨ ᠣᠷᠴᠢᠯ᠎ᠢ ᠠᠬᠢᠭᠤᠯᠬᠤ ᠬᠡᠷᠡᠭ᠌ᠲᠡᠢ ᠭᠡᠵᠤ ᠵᠢᠭᠠᠵᠤ ᠭᠠᠷᠭᠠᠪᠠ᠃
ᠸᠠᠩ ᠸᠧᠢ ᠵᠦᠩ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠤᠬ᠍ᠴᠠᠵᠢᠭᠤᠯᠬᠤ ᠥᠭᠡᠷᠡᠴᠢᠯᠡᠯᠲᠡ᠂ ᠨᠢᠭᠡ ᠴᠤᠬ᠍ᠴᠠᠵᠢᠭᠤᠯᠬᠤ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠠᠢ᠌ᠨ ᠰᠠᠢᠬᠠᠨ ᠱᠢᠨ᠎ᠡ᠎ᠶ᠋ᠢ ᠡᠭᠦᠳᠬᠦ᠌ ᠣᠷᠴᠢᠨ ᠨᠦᠭᠦᠴᠡᠯ᠎ᠢ ᠬᠦᠴᠦᠯᠡᠨ ᠪᠤᠢ ᠪᠣᠯᠭᠠᠬᠤ ᠬᠡᠷᠡᠭ᠌ᠲᠡᠢ᠃ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠥᠨᠳᠥᠷᠯᠢᠭ᠎ᠢ ᠴᠣᠭ᠍ᠴᠠᠯᠠᠬᠤ᠂ ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠡᠨᠧᠷᠭᠢ ᠣᠯᠭᠣᠬᠤ ᠢᠨᠵᠧᠨᠧᠷᠢᠩ᠎ᠢ ᠰᠠᠢᠲᠤᠷ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠡᠷᠡᠭ᠌ᠴᠡᠭᠡ ᠱᠠᠭᠠᠷᠳᠠᠯᠭ᠎ᠠ᠎ᠪᠠᠷ ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠭᠡᠨ᠎ᠦ ᠰᠠᠯᠠᠭ᠎ᠠ᠎ᠶᠢᠨ ᠲᠣᠬᠢᠷᠠᠭᠤᠯᠤᠯᠲᠠ ᠪᠠ ᠴᠢᠳᠠᠪᠤᠷᠢᠲᠠᠨ ᠬᠥᠮᠦᠵᠢᠭᠦᠯᠬᠦ᠌ ᠵᠠᠭ᠍ᠪᠤᠷ᠎ᠢ ᠬᠥᠲᠥᠯᠥᠨ ᠳᠠᠭᠠᠭᠤᠯᠤᠨ ᠱᠢᠯᠢᠳᠡᠭ᠌ᠵᠢᠭᠦᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠰᠤᠷᠭᠠᠨ ᠬᠥᠮᠦᠵᠢᠯ᠎ᠦᠨ ᠬᠠᠮᠵᠢᠯᠴᠠᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ ᠨᠠᠩ ᠶᠡᠬᠡ ᠦᠷ᠎ᠡ ᠪᠦᠲᠦᠮᠵᠢ ᠤᠯᠬᠤ ᠬᠡᠷᠡᠭ᠌ᠲᠡᠶ᠃ ᠲᠦᠷᠦᠯ ᠵᠦᠢᠯ᠂ ᠴᠢᠳᠠᠪᠤᠷᠢᠲᠠᠨ᠂ ᠪᠡᠯᠡ ᠮᠥᠩᠭᠥ᠌ ᠵᠡᠷᠭᠡ ᠲᠠᠯ᠎ᠠ᠎ᠡᠴᠡ ᠭᠠᠷᠳᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠬᠦ᠌ ᠬᠡᠷᠡᠭ᠌ᠲᠡᠢ᠃ 《ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠵᠦ᠍᠂ ᠴᠢᠳᠠᠪᠤᠷᠢᠲᠠᠨ᠎ᠢ ᠲᠠᠳᠠᠬᠤ ᠬᠥᠮᠦᠵᠢᠭᠦᠯᠬᠦ᠌ ᠬᠡᠷᠡᠭ᠌ᠯᠡᠬᠦ᠌ ᠦᠯᠡᠳᠡᠭᠡᠬᠦ᠌ ᠡᠯ᠎ᠡ ᠵᠦᠢᠯ᠎ᠦᠨ ᠠᠵᠢᠯ᠎ᠢ ᠨᠢᠮᠪᠠᠢ ᠰᠠᠢᠲᠤᠷ ᠬᠢᠵᠦ᠍᠂ ᠴᠢᠳᠠᠪᠤᠷᠢᠲᠠᠨ᠎ᠤ 《ᠬᠥᠭ᠌ᠵᠢᠯᠲᠡ》᠎ᠪᠠᠷ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ 《ᠮᠠᠨᠳᠤᠯᠳᠠ》᠎ᠶᠢ ᠠᠬᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠪᠠ᠃
ᠸᠠᠩ ᠸᠧᠢ ᠵᠦᠩ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠬᠦ᠌ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢᠨ ᠤᠳᠤᠷᠢᠳᠭᠤ ᠪᠠ ᠵᠣᠬᠢᠶᠠᠨ ᠪᠠᠢᠭᠤᠯᠬᠤ ᠬᠠᠷᠢᠭᠤᠴᠠᠯᠭ᠎ᠠ ᠪᠡᠨ ᠡᠭᠦᠷᠭᠡᠯᠡᠵᠦ᠍᠂ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯᠳ᠋ᠡᠬᠢ ᠣᠷᠣᠭᠤᠯᠤᠯᠲᠠ᠎ᠶ᠋ᠢᠨ ᠨᠡᠮᠡᠭ᠌ᠳᠡᠯ᠎ᠦᠨ ᠲᠣᠭ᠍ᠲᠡᠴᠡ᠎ᠶ᠋ᠢ ᠰᠠᠢᠲᠤᠷ ᠨᠠᠢᠳᠠᠪᠤᠷᠢᠵᠢᠭᠤᠯᠵᠤ᠂ ᠠᠵᠤ ᠠᠬᠤᠢᠯᠠᠯ ᠴᠢᠨᠠᠭ᠍ᠰᠢᠯᠠᠭᠠᠳ ᠪᠥᠬᠥ᠌ ᠨᠡᠢᠭᠡᠮᠦᠨᠬᠢᠨᠢ ᠬᠥᠲᠥᠯᠥᠨ ᠵᠢᠯᠣᠭᠣᠳᠴᠤ᠌ ᠪᠠᠢᠭᠠᠳ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢ ᠨᠡᠮᠡᠭ᠌ᠳᠡᠭᠦᠯᠬᠦ᠌ ᠬᠡᠷᠡᠭ᠌ᠲᠡᠶ᠃ ᠨᠡᠢᠲᠡᠯᠢᠭ ᠵᠢᠱ᠌ᠢᠶ᠎ᠡ᠎ᠶ᠋ᠢᠨ ᠤᠬᠠᠭᠤᠯᠭ᠎ᠠ᠎ᠶ᠋ᠢ ᠥᠷᠭᠡᠨ᠎ᠢᠶᠡᠷ ᠥᠷᠨᠢᠭᠦᠯᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠨᠡᠨᠴᠢ ᠢᠲᠡᠭᠡᠮᠵᠢ ᠪᠠ ᠡᠷᠳᠡᠮ ᠱᠢᠨᠵᠢᠯᠡᠭᠡᠨ᠎ᠦ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠱᠢᠨ᠎ᠡ᠎ᠶ᠋ᠢ ᠡᠭᠦᠳᠬᠦ᠌ ᠰᠣᠶᠣᠯ᠎ᠢ ᠶᠡᠬᠡᠪᠡᠷ ᠪᠣᠢᠵᠢᠭᠤᠯᠬᠤ ᠬᠡᠷᠡᠭ᠌ᠲᠡᠢ᠃ ᠬᠥᠭ᠌ᠵᠢᠭ᠌ᠰᠡᠨ ᠭᠠᠵᠠᠷ ᠣᠷᠣᠨ᠎ᠯᠤᠭ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠨᠠᠩ ᠣᠯᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠥᠪᠥᠷ ᠮᠣᠩᠭᠣᠯ᠎ᠳᠤ ᠲᠡᠳᠡᠨ ᠠᠪᠴᠢᠷᠠᠵᠤ ᠪᠣᠳᠠᠲᠠᠶ᠎ᠳᠤ ᠨᠠᠢᠳᠠᠪᠤᠷᠢᠵᠢᠭᠤᠯᠤᠨ ᠤᠨᠳᠤᠤᠰᠢᠭᠤᠯᠬᠤ ᠬᠡᠷᠡᠭ᠌ᠲᠡᠶ᠃ ᠥᠷᠭᠡᠨ ᠣᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠨ ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠂ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠪᠤᠲᠠᠲᠠᠢ᠎ᠳᠦ ᠬᠦᠨᠵᠡᠭᠡᠢᠷᠡᠨ ᠥᠭᠦᠯᠡᠯ᠎ᠢᠶᠡᠨ ᠪᠢᠴᠢᠵᠦ᠍᠂ ᠪᠥᠬᠥ᠌ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ 《ᠲᠤᠯᠭᠠᠭᠤᠷᠢ》᠂ 《ᠬᠤᠰᠢᠭᠤᠴᠢ》 ᠪᠣᠯᠬᠤ ᠬᠡᠷᠡᠭ᠌ᠲᠡᠶ ᠭᠡᠵᠤ ᠴᠢᠬᠤᠯᠠᠴᠢᠯᠠᠪᠠ᠃
ᠬᠤᠷᠠᠯ᠎ᠢ ᠸᠢᠳᠢᠣ᠋ ᠬᠡᠯᠪᠡᠷᠢ᠎ᠪᠡᠷ ᠬᠤᠷᠠᠯᠳᠤᠭᠤᠯᠵᠤ᠂ ᠡᠯ᠎ᠡ ᠠᠢᠮᠠᠭ ᠬᠤᠳᠠ ᠪᠣᠯᠤᠨ ᠮᠠᠨᠵᠤᠤᠷ ᠬᠤᠳᠠ᠂ ᠡᠷᠢᠶᠡᠨ ᠬᠤᠳᠠ᠎ᠳᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠵᠠᠢ᠃