11 ᠰᠠᠷ᠎ᠠ᠎ᠶᠢᠨ 2᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠥᠩ ᠲᠦᠩᠯᠢᠶᠣᠣ ᠬᠣᠲᠠ᠎ᠳᠤ ᠬᠦᠷᠴᠦ᠂ ᠢᠳᠡᠭᠡᠨ ᠪᠤᠯᠪᠠᠰᠤᠷᠠᠭᠤᠯᠬᠤ᠂ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠂ ᠲᠤᠨᠤᠭᠯᠠᠯ ᠦᠢᠯᠡᠳᠬᠦ ᠵᠡᠷᠭᠡ ᠠᠵᠤ ᠦᠢᠯᠡᠰ᠎ᠦᠨ ᠬᠥᠭᠵᠢᠯᠲᠡ᠎ᠶᠢᠨ ᠪᠠᠢᠳᠠᠯ᠎ᠢ ᠪᠠᠢᠴᠠᠭᠠᠨ ᠰᠤᠳᠤᠯᠪᠠ᠃ ᠲᠡᠷᠡ᠂ ᠲᠦᠩᠯᠢᠶᠣᠣ ᠬᠣᠲᠠ᠎ᠶᠢᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠢᠨ᠎ᠡ ᠴᠠᠭ ᠦᠶ᠎ᠡ᠎ᠶᠢᠨ ᠵᠡᠭᠦᠨ ᠬᠣᠢᠲᠤ ᠣᠷᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ ᠲᠤᠬᠠᠢ ᠨᠠᠮ᠎ᠤᠨ ᠲᠥᠪ ᠬᠣᠷᠢᠶ᠎ᠠ᠎ᠶᠢᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠶᠣᠰᠣᠭᠠᠷ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠪᠠ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》ᠵᠢ ᠪᠦᠲᠦᠭᠡᠨ ᠪᠠᠶ᠋ᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠳᠠᠪᠠᠭᠤᠯᠢᠭ᠋᠎ᠢᠶᠠᠨ ᠪᠠᠳᠠᠷᠠᠭᠤᠯᠵᠦ ᠴᠢᠷᠮᠠᠢᠨ ᠪᠣᠭᠣᠮᠲᠠ ᠰᠢᠪᠲᠤᠯᠵᠤ᠂ ᠴᠢᠨᠠᠷ ᠰᠠᠢᠲᠠᠢ ᠬᠥᠭᠵᠢᠯᠲᠡ ᠳᠤᠮᠳᠠ ᠰᠢᠨ᠎ᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃


ᠸᠠᠩ ᠸᠧᠢ ᠵᠥᠩ ᠲᠦᠩᠯᠢᠶᠣᠣ᠎ᠶᠢᠨ ᠮᠧᠶ ᠬᠤᠸᠠ ᠠᠮᠢᠳᠤ ᠪᠣᠳᠠᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠳᠤ ᠬᠦᠷᠴᠦ᠂ ᠦᠢᠯᠡᠳᠬᠦᠨ᠎ᠦ ᠦᠢᠯᠡᠳᠪᠦᠷᠢᠯᠡᠯ᠎ᠦᠨ ᠱᠤᠭᠤᠮ᠎ᠢ ᠨᠠᠷᠢᠨ ᠬᠢᠨᠠᠮᠠᠭᠠᠢ ᠪᠠᠢᠴᠠᠭᠠᠨ ᠦᠵᠡᠵᠦ᠂ ᠮᠡᠷᠭᠡᠵᠢᠯ᠎ᠦᠨ ᠰᠤᠳᠤᠯᠤᠨ ᠨᠡᠭᠡᠭᠡᠯᠲᠡ᠂ ᠲᠥᠷᠥᠯ ᠵᠦᠢᠯ᠎ᠦᠨ ᠪᠠᠢᠷᠢᠰᠢᠭᠤᠯᠤᠯᠲᠠ᠂ ᠭᠠᠳᠠᠭᠠᠳᠤ ᠭᠠᠷᠭᠠᠯᠳᠠ ᠵᠡᠷᠭᠡ ᠪᠠᠢᠳᠠᠯ᠎ᠢ ᠨᠢ ᠨᠠᠷᠢᠯᠢᠬ ᠣᠢᠯᠠᠭᠠᠪᠠ᠂ ᠲᠡᠷᠡ ᠠᠵᠤ ᠠᠬᠤᠢᠯᠠᠯ᠎ᠢ ᠬᠥᠭᠵᠢᠯᠲᠡ᠎ᠶᠢᠨ ᠢᠲᠡᠭᠡᠯ᠎ᠢᠶᠡᠨ ᠪᠠᠲᠤᠳᠬᠠᠵᠤ᠂ ᠤᠷ᠎ᠠ ᠮᠡᠷᠭᠡᠰᠢᠯ᠎ᠦᠨ ᠥᠭᠡᠷᠡᠴᠢᠯᠡᠯᠲᠡ᠂ ᠲᠣᠨᠣᠭᠯᠠᠯ᠎ᠤᠨ ᠰᠢᠨᠡᠴᠢᠯᠡᠯᠲᠡ ᠪᠣᠯᠣᠨ ᠦᠢᠯᠡᠳᠬᠦᠨ᠎ᠦ ᠰᠤᠳᠤᠯᠤᠨ ᠨᠡᠭᠡᠭᠡᠯᠲᠡ᠎ᠶᠢ ᠴᠢᠩᠭᠠᠳᠬᠠᠵᠤ᠂ ᠠᠵᠤ ᠦᠢᠯᠡᠰ᠎ᠦᠨ ᠳᠡᠭᠡᠳᠦ ᠳᠡᠰᠵᠢᠯᠳᠠ᠂ ᠣᠶᠤᠨᠴᠢᠯᠠᠯᠲᠠ᠂ ᠪᠣᠬᠢᠷᠲᠤᠯ ᠥᠬᠡᠢ ᠬᠦᠭᠵᠢᠯᠳᠡ ᠲᠡᠢᠰᠢ ᠤᠷᠤᠭᠰᠢᠯᠠᠬᠤ᠎ᠶᠢ ᠠᠬᠢᠭᠤᠯᠬᠤ ᠬᠡᠷᠡᠭᠲᠡᠢ ᠭᠡᠵᠦ ᠵᠣᠷᠢᠭ᠍ᠵᠢᠭᠤᠯᠪᠠ᠃ ᠲᠦᠩᠯᠢᠶᠣᠣ᠎ᠶᠢᠨ ᠮᠢᠬᠠᠨ᠎ᠤ ᠦᠬᠡᠷ᠎ᠦᠨ ᠠᠵᠤ ᠦᠢᠯᠡᠰ᠎ᠦᠨ ᠬᠦᠷᠢᠶᠡᠯᠡᠩ᠎ᠳᠦ᠂ ᠸᠠᠩ ᠸᠧᠢ ᠵᠥᠩ ᠦᠬᠡᠷ᠎ᠦᠨ ᠮᠢᠬᠠᠨ᠎ᠤ ᠦᠨ᠎ᠡ ᠬᠠᠩᠰᠢ᠂ ᠮᠢᠬᠠᠨ᠎ᠤ ᠦᠬᠡᠷ᠎ᠦᠨ ᠡᠭᠦᠯᠳᠡᠷ᠂ ᠠᠵᠤ ᠠᠬᠤᠢᠯᠠᠯ᠎ᠤᠨ ᠦᠷ᠎ᠡ ᠠᠰᠢᠭ᠋ ᠵᠡᠷᠭᠡ ᠪᠠᠢᠳᠠᠯ᠎ᠢ ᠨᠢ ᠨᠠᠷᠢᠯᠢᠬ ᠠᠰᠠᠭᠤᠪᠠ᠃ ᠲᠡᠷᠡ᠂ ᠳᠠᠭᠠᠭᠤᠯᠤᠭ᠍ᠴᠢ ᠠᠵᠤ ᠠᠬᠤᠢᠯᠠᠯ᠎ᠤᠨ ᠵᠢᠱ᠌ᠢᠶ᠎ᠡ ᠦᠵᠡᠭᠦᠯᠦᠨ ᠳᠠᠢᠴᠢᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠮᠢᠬᠠᠨ᠎ᠤ ᠦᠬᠡᠷ᠎ᠦᠨ ᠠᠵᠤ ᠦᠢᠯᠡᠰ᠎ᠦᠨ ᠬᠡᠪᠴᠢᠶᠡᠵᠢᠭᠰᠡᠨ᠂ ᠪᠠᠷᠢᠮᠵᠢᠶᠠᠵᠢᠭ᠍ᠰᠠᠨ ᠦᠢᠯᠡᠳᠪᠦᠷᠢᠯᠡᠯ ᠡᠵᠡᠩᠨᠡᠯᠲᠡ᠎ᠶᠢ ᠠᠬᠢᠭᠤᠯᠵᠤ᠂《ᠬᠣᠷᠴᠢᠨ ᠦᠬᠡᠷ》᠎ᠤ᠋ᠨ ᠲᠥᠷᠥᠯ ᠲᠡᠮᠳᠡᠭ᠎ᠢ ᠴᠣᠭᠴᠠᠯᠠᠬᠤ᠎ᠶᠢ ᠰᠠᠢᠲᠤᠷ ᠠᠳᠬᠤᠵᠤ᠂ ᠮᠠᠯ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠠᠵᠤ ᠠᠬᠤᠢᠯᠠᠯ ᠪᠣᠯᠣᠨ ᠮᠠᠯᠴᠢᠨ ᠲᠠᠷᠢᠶᠠᠴᠢᠳ᠎ᠤᠨ ᠠᠰᠢᠭ᠋ ᠲᠤᠰᠠ᠎ᠶᠢᠨ ᠬᠣᠯᠪᠣᠭᠠᠨ᠎ᠤ ᠲᠣᠭᠲᠠᠴᠠ᠎ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠳ᠎ᠢ ᠬᠠᠪᠰᠤᠷᠤᠨ ᠠᠵᠤ ᠦᠢᠯᠡᠰ᠎ᠡᠴᠡ ᠨᠡᠩ ᠰᠠᠢᠳᠤᠷ ᠠᠰᠢᠭ᠋ ᠣᠯᠵᠠᠪᠤᠷᠢ ᠤᠯᠤᠭᠤᠯᠬᠤ ᠬᠡᠷᠡᠭᠲᠡᠢ ᠭᠡᠪᠡ᠃

ᠥᠪᠥᠷ ᠮᠣᠩᠭᠣᠯ᠎ᠤᠨ ᠵᠡᠭᠦᠨ ᠬᠡᠰᠡᠭ(ᠲᠦᠩᠯᠢᠶᠣᠣ)᠎ᠤ᠋ᠨ ᠳᠡᠭᠡᠳᠦ ᠲᠡᠰ᠎ᠤᠨ ᠬᠦᠨᠳᠦ ᠬᠡᠯᠪᠡᠷᠢ᠎ᠶᠢᠨ ᠰᠠᠭᠤᠷᠢ ᠲᠣᠨᠣᠭᠯᠠᠯ ᠦᠢᠯᠡᠳᠬᠦ ᠠᠵᠤ ᠦᠢᠯᠡᠰ᠎ᠦᠨ ᠰᠠᠭᠤᠷᠢᠨ᠎ᠳᠤ᠂ ᠸᠠᠩ ᠸᠧᠢ ᠵᠦᠩ ᠯᠦᠩ ᠮᠠ ᠪᠦᠯᠦᠭᠯᠡᠯ᠎ᠦᠨ ᠠᠵᠤ ᠦᠢᠯᠡᠰ᠎ᠦᠨ ᠲᠥᠯᠦᠪᠵᠢᠭᠦᠯᠭᠡ᠂ ᠦᠢᠯᠡᠳᠬᠦᠨ᠎ᠢ ᠰᠤᠳᠤᠯᠤᠨ ᠦᠢᠯᠡᠳᠬᠦ ᠵᠡᠷᠭᠡ ᠪᠠᠢᠳᠠᠯ᠎ᠤᠨ ᠲᠠᠨᠢᠯᠴᠠᠭᠤᠯᠭ᠎ᠠ᠎ᠶᠢ ᠰᠣᠨᠣᠰᠪᠠ᠃ ᠲᠡᠷᠡ᠂ ᠯᠦᠩ ᠮᠠ ᠪᠦᠯᠦᠭᠯᠡᠯ᠎ᠤᠨ ᠬᠢᠨ ᠬᠡᠷᠡᠭᠯᠡᠯᠳᠡ᠎ᠶᠢᠨ ᠪᠠᠢᠳᠠᠯ ᠦᠷᠭᠡᠨ ᠠᠭᠤᠳᠠᠮ ᠵᠡᠷᠭᠡ ᠳᠠᠪᠠᠭᠤᠯᠢᠭ᠋᠎ᠢᠶᠠᠨ ᠰᠠᠢᠲᠤᠷ ᠠᠰᠢᠭ᠍ᠯᠠᠨ᠂ ᠬᠡᠪᠴᠢᠶ᠎ᠠ᠎ᠪᠠᠨ ᠦᠷᠭᠦᠯᠵᠢᠯᠡᠨ ᠦᠷᠭᠡᠳᠭᠡᠵᠤ᠂ ᠠᠵᠤ ᠦᠢᠯᠡᠰ᠎ᠢᠶᠡᠨ ᠨᠠᠷᠢᠯᠢᠭ᠋ ᠬᠤᠪᠢᠶᠠᠷᠢᠯᠠᠵᠤ᠂ ᠮᠡᠷᠭᠡᠵᠢᠯ᠎ᠤᠨ ᠰᠤᠳᠤᠯᠤᠨ ᠨᠡᠭᠡᠭᠡᠯᠳᠡ᠎ᠶᠢ ᠴᠢᠩᠭᠠᠳᠬᠠᠨ᠂ ᠨᠠᠩ ᠶᠡᠬᠡ ᠬᠥᠭᠵᠢᠯᠲᠡ᠎ᠶᠢ ᠡᠷᠢᠯᠬᠢᠯᠡᠬᠦ ᠬᠡᠷᠡᠭᠲᠡᠢ᠃ ᠲᠦᠩᠯᠢᠶᠣᠣ ᠬᠤᠳᠠ ᠠᠵᠠ ᠲᠣᠬᠢᠶᠠᠯ᠎ᠢ ᠠᠮᠵᠢᠵᠤ᠂ ᠦᠢᠯᠡᠴᠢᠯᠡᠭᠡ᠎ᠶᠢ ᠰᠠᠢᠲᠤᠷ ᠬᠢᠵᠦ᠂ ᠪᠦᠬᠦ ᠠᠵᠤ ᠦᠢᠯᠡᠰ᠎ᠦᠨ ᠬᠡᠯᠬᠢᠶ᠎ᠡ᠎ᠶᠢᠨ ᠬᠥᠭᠵᠢᠯᠲᠡ᠎ᠶᠢ ᠪᠠᠷᠢᠮᠲᠠᠯᠠᠵᠤ ᠬᠡᠯᠬᠢᠶ᠎ᠠ᠎ᠶᠢᠨ ᠭᠤᠤᠯᠯᠠᠭᠴᠢ ᠠᠵᠤ ᠠᠬᠤᠢᠯᠠᠯ᠎ᠤᠨ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠤᠯᠳᠠ᠎ᠪᠠᠨ ᠴᠢᠩᠭᠠᠳᠬᠠᠬᠤ᠎ᠶᠢ ᠲᠡᠮᠵᠢᠵᠤ᠂ ᠦᠢᠯᠡᠳᠬᠦᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠠᠭᠤᠯᠤᠭᠳᠠᠴᠠ ᠪᠣᠯᠣᠨ ᠨᠡᠮᠡᠯᠲᠡ ᠦᠷᠳᠡᠭ᠎ᠢ ᠳᠡᠭᠡᠭᠰᠢᠯᠡᠭᠦᠯᠵᠦ᠂ ᠨᠡᠩ ᠤᠯᠠᠨ ᠡᠬᠢᠨ᠎ᠦ ᠪᠠ ᠡᠴᠦᠰ᠎ᠦᠨ ᠢᠵᠢ ᠪᠦᠷᠢᠳᠦᠭᠰᠡᠨ ᠠᠵᠤ ᠠᠬᠤᠢᠯᠠᠯ᠎ᠢ ᠲᠠᠳᠠᠨ ᠴᠤᠭᠯᠠᠭᠤᠯᠵᠤ᠂ ᠨᠡᠯᠢᠶᠡᠳ ᠴᠢᠩᠭ᠎ᠠ ᠥᠷᠢᠰᠦᠯᠳᠦᠬᠦ ᠳᠠᠪᠠᠭᠤᠯᠢᠭ᠋᠎ᠲᠠᠢ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ ᠠᠵᠤ ᠦᠢᠯᠡᠰ᠎ᠦᠨ ᠪᠦᠯᠦᠭᠵᠢᠯ᠎ᠢ ᠴᠣᠭᠴᠠᠯᠠᠬᠤ ᠬᠡᠷᠡᠭᠲᠡᠢ ᠭᠡᠪᠡ᠃
ᠪᠠᠢᠴᠠᠭᠠᠨ ᠰᠤᠳᠤᠯᠬᠤ ᠳᠤᠮᠳᠠ᠂ ᠸᠠᠩ ᠸᠧᠢ ᠵᠥᠩ ᠲᠦᠩᠯᠢᠶᠣᠣ ᠬᠣᠲᠠ᠎ᠶᠢᠨ ᠠᠵᠢᠯ᠎ᠢ ᠨᠤᠲᠠᠯᠠᠵᠤ᠂ ᠲᠦᠩᠯᠢᠶᠣᠣ ᠬᠣᠲᠠ᠎ᠶᠢᠨ ᠬᠢᠨᠢ ᠪᠥᠬᠥ ᠣᠷᠣᠨ᠎ᠤ ᠠᠵᠤ ᠠᠬᠤᠢ᠎ᠶᠢᠨ ᠪᠠᠢᠳᠠᠯ᠎ᠤᠨ ᠵᠠᠳᠠᠯᠤᠯᠲᠠ᠎ᠶᠢᠨ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂《ᠵᠢᠷᠠᠨ ᠡᠳᠦᠷ᠎ᠤᠨ ᠰᠢᠢᠳᠪᠦᠷᠢᠲᠦ ᠳᠠᠢᠯᠠᠯᠳᠤᠭᠠᠨ ᠬᠢᠬᠦ》ᠡᠷᠴᠢ ᠵᠣᠷᠢᠭ᠋᠎ᠢᠶᠠᠨ ᠭᠦᠢᠴᠡᠳ ᠪᠠᠳᠠᠷᠠᠭᠤᠯᠵᠤ᠂ ᠠᠷᠠᠯᠵᠢᠶᠠᠴᠢᠨ ᠤᠷᠢᠬᠤ᠎ᠶᠢ ᠶᠡᠬᠡ᠎ᠪᠠᠷ ᠠᠳᠬᠤᠵᠤ᠂ ᠲᠥᠷᠥᠯ ᠵᠦᠢᠯ᠎ᠢ ᠶᠡᠬᠡᠪᠡᠷ ᠠᠳᠬᠤᠵᠤ᠂ ᠪᠡᠯᠡ ᠣᠷᠣᠭᠤᠯᠤᠯᠲᠠ᠎ᠶᠢ ᠶᠡᠬᠡᠪᠡᠷ ᠠᠳᠬᠤᠵᠤ᠂ ᠪᠥᠬᠥ ᠵᠢᠯ᠎ᠦᠨ ᠡᠯ᠎ᠡ ᠵᠦᠢᠯ᠎ᠦᠨ ᠬᠠᠷᠠᠯᠲᠠ ᠡᠭᠦᠷᠭᠡ᠎ᠪᠡᠨ ᠴᠢᠷᠮᠠᠢᠨ ᠪᠡᠶᠡᠯᠡᠭᠦᠯᠵᠦ᠂《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠡᠭᠦᠯ ᠬᠤᠷᠢᠶᠠᠬᠤ ᠠᠵᠢᠯ᠎ᠢ ᠰᠠᠢᠳᠤᠷ ᠬᠢᠵᠤ᠂ 《ᠠᠷᠪᠠᠨ ᠲᠠᠪᠤᠳᠤᠭᠠᠷ ᠲᠠᠪᠤᠨ ᠵᠢᠯ》᠎ᠢ ᠰᠠᠢᠲᠤᠷ ᠡᠬᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠮᠧᠩ ᠰᠢᠶᠠᠨ ᠳ᠋ᠦᠩ᠂ ᠬᠤᠸᠠᠩ ᡁᠢ ᠴᠢᠶᠠᠩ᠂ ᠢᠦᠢ ᠯᠢ ᠰᠢᠨ ᠣᠷᠣᠯᠴᠠᠵᠠᠢ᠃