ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ ᠲᠥᠯᠥᠭᠡᠯᠡᠭ᠌ᠴᠢᠳ᠎ᠦᠨ ᠪᠦᠯᠬᠦᠮ ᠪᠡᠭᠡᠵᠢᠩ᠎ᠳᠦ ᠬᠦᠷᠴᠦ᠍ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ ᠠᠵᠢᠯ᠎ᠢ ᠵᠣᠯᠭᠠᠭᠤᠯᠬᠤ᠎ᠶ᠋ᠢᠨ ᠬᠠᠮᠲᠤ ᠰᠤᠷᠤᠯᠴᠠᠵᠤ ᠱᠢᠨᠵᠢᠯᠡᠨ ᠪᠠᠢᠴᠠᠭᠠᠪᠠ   ᠶᠢᠨ ᠯᠢ  ᠶᠢᠨ ᠶᠦᠩ  ᠯᠢ ᠱᠢᠤ ᠯᠢᠩ  ᠸᠧᠢ ᠱᠢᠶᠤᠤ ᠳ᠋ᠦᠩ  ᠸᠠᠩ ᠸᠧᠢ ᠵᠦᠩ  ᠪᠦᠦ ᠭᠠᠩ  ᠵᠠᠩ ᠶᠠᠨ ᠺᠦᠨ ᠣᠷᠣᠯᠴᠠᠵᠠᠢ
ᠨᠡᠶ᠋ᠢᠲᠡᠯᠡᠭᠰᠡᠨ ᠴᠠᠭ᠄ 2025-11-05

11 ᠰᠠᠷ᠎ᠠ᠎ᠶ᠋ᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠶ ᠵᠥᠩ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠪᠦᠯᠬᠦᠮ ᠳᠠᠭᠠᠭᠤᠯᠤᠨ ᠪᠡᠭᠡᠵᠢᠩ ᠬᠣᠲᠠ᠎ᠳᠤ ᠬᠦᠷᠴᠦ᠍ ᠠᠵᠢᠯ ᠵᠤᠯᠭᠠᠭᠤᠯᠬᠤ᠎ᠶ᠋ᠢᠨ ᠬᠠᠮᠲᠤ ᠰᠤᠷᠤᠯᠴᠠᠵᠤ ᠱᠢᠨᠵᠢᠯᠡᠨ ᠪᠠᠢᠴᠠᠭᠠᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠪᠠ᠃ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠭᠡᠱᠢᠭᠦᠨ᠂ ᠪᠡᠭᠡᠵᠢᠩ ᠬᠤᠳᠠ᠎ᠶ᠋ᠢᠨ ᠨᠠᠮ᠎ᠤᠨ ᠬᠣᠷᠢᠶ᠎ᠠ᠎ᠶᠢᠨ ᠱᠦᠵᠢ ᠶᠢᠨ ᠯᠢ᠂ ᠪᠡᠭᠡᠵᠢᠩ ᠬᠤᠳᠠ᠎ᠶ᠋ᠢᠨ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠬᠤᠳᠠ᠎ᠶ᠋ᠢᠨ ᠳᠠᠷᠤᠭ᠎ᠠ ᠶᠢᠨ ᠶᠦᠩ᠂ ᠪᠡᠭᠡᠵᠢᠩ ᠬᠤᠳᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠡᠷᠬᠢᠯᠡᠭ᠌ᠴᠢ ᠯᠢ ᠱᠢᠤ ᠯᠢᠩ᠂ ᠪᠡᠭᠡᠵᠢᠩ ᠬᠤᠳᠠ᠎ᠶ᠋ᠢᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠧᠢ ᠱᠢᠶᠤᠤ ᠳ᠋ᠦᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠣᠯᠪᠣᠭ᠍ᠳᠠᠯ ᠪᠦᠬᠦᠢ ᠠᠵᠢᠯᠯᠠᠭ᠎ᠠ᠎ᠳᠤ ᠣᠷᠣᠯᠴᠠᠪᠠ᠃ 

ᠱᠢᠨᠵᠢᠯᠡᠨ ᠪᠠᠢᠴᠠᠭᠠᠬᠤ ᠬᠤᠭᠤᠴᠠᠭᠠᠨ᠎ᠳᠤ᠂ ᠬᠣᠶᠠᠷ ᠲᠠᠯ᠎ᠠ᠎ᠪᠠᠷ᠎ᠢᠶᠠᠨ ᠰᠠᠨᠠᠯ᠎ᠢᠶᠠᠨ ᠭᠦᠨᠵᠡᠭᠡᠶ ᠰᠣᠯᠢᠯᠴᠠᠪᠠ᠃ ᠶᠢᠨ ᠯᠢ ᠥᠪᠥᠷ ᠮᠣᠩᠭᠣᠯ᠎ᠡᠴᠡ ᠪᠡᠭᠡᠵᠢᠩ᠎ᠳᠤ ᠬᠠᠯᠠᠮᠵᠢᠯᠠᠯ ᠳᠡᠮᠵᠢᠯᠭᠡ ᠦᠵᠡᠭᠦᠯᠦᠭᠰᠡᠬᠡᠷ ᠢᠷᠡᠭᠰᠡᠨ᠎ᠳᠤ ᠲᠠᠯᠠᠷᠬᠠᠵᠤ ᠪᠠᠢᠬᠤ᠎ᠪᠠᠨ ᠢᠯᠡᠳᠭᠡᠪᠡ᠃ ᠲᠡᠷᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠡᠴᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠬᠤ ᠲᠤᠬᠠᠶ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠬᠦ᠌᠂ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠬᠤ ᠲᠠᠯ᠎ᠠ ᠪᠡᠷ ᠲᠥᠯᠥᠪᠵᠢᠭᠦᠯᠭᠡ᠎ᠶ᠋ᠢᠨ ᠡᠭᠦᠷᠭᠡ᠎ᠶ᠋ᠢ ᠲᠣᠳᠣᠷᠬᠠᠢᠯᠠᠵᠤ᠂ ᠪᠢᠳᠡᠨ᠎ᠦ ᠵᠡᠭᠦᠨ ᠪᠠᠷᠠᠭᠤᠨ ᠣᠷᠣᠨ᠎ᠤ ᠬᠠᠮᠵᠢᠯᠴᠠᠭᠠᠨ᠎ᠤ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ᠌᠎ᠳᠦ ᠠᠵᠢᠯᠯᠠᠭᠠᠨ᠎ᠤ ᠵᠦᠭ᠌ᠯᠡᠭᠦᠷ ᠬᠠᠩᠭᠠᠪᠠ᠃ ᠪᠡᠭᠡᠵᠢᠩ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠩ ᠶᠡᠬᠡ ᠡᠷᠴᠢᠮ᠂ ᠨᠠᠩ ᠣᠨᠣᠪᠴᠢᠲᠠᠶ ᠠᠷᠭ᠎ᠠ ᠬᠡᠮᠵᠢᠶ᠎ᠡ᠂ ᠨᠠᠩ ᠴᠢᠩᠭ᠎ᠠ ᠰᠤᠷᠲᠠᠯ᠎ᠢᠶᠠᠷ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠰᠡᠭᠦᠯ ᠬᠤᠷᠢᠶᠠᠬᠤ ᠠᠵᠢᠯ᠎ᠢ ᠪᠥᠬᠥ᠌ ᠲᠠᠯ᠎ᠠ᠎ᠪᠠᠷ ᠰᠠᠢᠲᠤᠷ ᠠᠳᠭᠤᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠤ ᠬᠠᠮᠵᠢᠯᠴᠠᠭᠠᠨ᠎ᠤ ᠡᠭᠦᠷᠭᠡ᠎ᠶ᠋ᠢ ᠰᠠᠢᠲᠤᠷ ᠤᠬᠠᠭᠠᠯᠠᠨ ᠲᠥᠯᠥᠪᠯᠡᠵᠦ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠬᠦᠴᠦᠯᠡᠨ ᠪᠡᠬᠢᠵᠢᠭᠦᠯᠦᠨ ᠥᠷᠭᠡᠳᠭᠡᠵᠦ᠍᠂ ᠥᠪᠥᠷ ᠮᠣᠩᠭᠣᠯ᠎ᠤᠨ ᠳᠣᠲᠣᠭᠠᠳᠤ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢ ᠬᠦᠴᠦᠯᠡᠨ ᠳᠡᠭᠡᠭ᠌ᠰᠢᠯᠡᠭᠦᠯᠵᠦ᠍᠂ ᠣᠯᠠᠨ ᠲᠦᠮᠡᠨ᠎ᠦ ᠠᠮᠢᠳᠤᠷᠠᠯ᠎ᠤᠨ ᠲᠦᠪᠱᠢᠨ᠎ᠢ ᠪᠠᠲᠤᠯᠠᠨ ᠰᠠᠢᠵᠢᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ ᠲᠠᠰᠤᠷᠠᠯᠲᠠ ᠥᠬᠡᠶ ᠨᠠᠩ ᠶᠡᠬᠡ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠡᠭᠦᠳᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ᠃ ᠬᠣᠶᠠᠷ ᠭᠠᠵᠠᠷ᠎ᠤᠨ ᠬᠢᠨ ᠲᠤᠰ ᠲᠤᠰ᠎ᠤᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠬᠣᠣᠰ ᠴᠢᠭ᠌ᠯᠡᠯ᠎ᠢᠶᠡᠷ ᠬᠦᠴᠦᠨ ᠣᠯᠭᠣᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠂ ᠬᠠᠮᠲᠤ᠎ᠪᠠᠷ ᠬᠥᠭ᠌ᠵᠢᠬᠦ᠌᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌᠎ᠶ᠋ᠢ ᠭᠠᠷ ᠬᠣᠯᠪᠣᠨ ᠠᠬᠢᠭᠤᠯᠬᠤ᠎ᠶ᠋ᠢ ᠬᠦᠰᠡᠵᠦ᠍ ᠪᠠᠢᠨ᠎ᠠ᠃ ᠠᠷᠢᠭᠤᠨ ᠴᠡᠪᠡᠷ ᠥᠨᠳᠥᠷ ᠪᠦᠲᠦᠮᠵᠢᠲᠡᠶ ᠡᠨᠧᠷᠭᠢ᠎ᠶ᠋ᠢᠨ ᠪᠠᠲᠤᠯᠠᠭ᠎ᠠ᠎ᠶ᠋ᠢᠨ ᠱᠢᠰᠲ᠋ᠸᠮ᠎ᠢ ᠬᠠᠮᠲᠤ᠎ᠪᠠᠷ ᠪᠠᠢᠭᠤᠯᠵᠤ᠂ ᠥᠪᠥᠷ ᠮᠣᠩᠭᠣᠯ᠎ᠤᠨ ᠪᠣᠬᠢᠷᠲᠤᠯ ᠥᠬᠡᠶ ᠴᠠᠬᠢᠯᠭᠠᠨ᠎ᠢ ᠪᠡᠭᠡᠵᠢᠩ᠎ᠳᠦ ᠣᠷᠣᠭᠤᠯᠬᠤ ᠵᠠᠮ ᠱᠤᠭᠤᠮ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠢᠳᠡᠭᠡᠨ᠎ᠦ ᠠᠮᠤᠷ ᠲᠦᠪᠱᠢᠨ ᠲᠣᠭ᠍ᠲᠠᠭᠤᠨ ᠬᠠᠩᠭᠠᠯᠭ᠎ᠠ᠎ᠶ᠋ᠢ ᠬᠠᠮᠲᠤ᠎ᠪᠠᠷ ᠪᠠᠲᠤᠯᠠᠵᠤ᠂ ᠤᠭ ᠭᠠᠷᠤᠯᠲᠠ᠎ᠶ᠋ᠢᠨ ᠭᠠᠵᠠᠷ᠎ᠡᠴᠡ ᠪᠡᠭᠡᠵᠢᠩ᠎ᠳᠦ ᠬᠦᠷᠬᠦ ᠵᠠᠮ ᠱᠤᠭᠤᠮ᠎ᠤᠨ ᠪᠦᠬᠦ᠌ ᠬᠡᠯᠬᠢᠶ᠎ᠠ᠎ᠶᠢᠨ ᠶᠠᠰᠤ ᠴᠢᠨᠠᠷ᠎ᠤᠨ ᠡᠵᠡᠮᠳᠡᠯ᠎ᠢ ᠴᠢᠩᠭᠠᠳᠭᠠᠨ᠎ᠠ᠃ ᠪᠣᠬᠢᠷᠲᠤᠯ ᠦᠭᠡᠢ ᠪᠤᠳᠤᠯᠲᠠ᠎ᠶᠢᠨ ᠬᠦᠴᠦᠨ᠎ᠢ ᠵᠣᠯᠭᠠᠭᠤᠯᠤᠨ ᠬᠠᠮᠵᠢᠯᠴᠠᠭᠤᠯᠬᠤ᠎ᠶ᠋ᠢ ᠬᠠᠮᠲᠤ᠎ᠪᠠᠷ ᠴᠢᠩᠭᠠᠳᠭᠠᠵᠤ᠂ 《ᠪᠡᠭᠡᠵᠢᠩ᠎ᠤᠨ ᠳ᠋ᠠᠢᠲ᠋ᠠ᠎ᠶᠢ ᠦᠪᠦᠷ ᠮᠤᠩᠭᠤᠯ᠎ᠳᠤ ᠪᠤᠳᠤᠬᠤ》 ᠭᠣᠣᠯᠳᠠᠯᠭ᠎ᠠ᠎ᠲᠠᠶ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠡ᠃ ᠰᠣᠶᠣᠯ ᠵᠢᠭᠤᠯᠴᠢᠯᠠᠯ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠬᠠᠮᠲᠤ᠎ᠪᠠᠷ ᠠᠬᠢᠭᠤᠯᠵᠤ᠂ ᠤᠮᠠᠷᠠᠲᠤ ᠬᠢᠯᠢ᠎ᠶ᠋ᠢᠨ ᠰᠣᠶᠣᠯ᠂ ᠨᠡᠢᠰᠯᠡᠯ᠎ᠦᠨ ᠰᠣᠶᠣᠯ᠎ᠢ ᠨᠡᠩ ᠰᠠᠢᠲᠤᠷ ᠳᠡᠯᠭᠡᠨ ᠦᠵᠡᠭᠦᠯᠦᠨ᠎ᠡ᠃ ᠴᠢᠳᠠᠪᠤᠷᠢᠲᠠᠨ᠎ᠢ ᠰᠣᠯᠢᠯᠴᠠᠬᠤ ᠠᠷᠭ᠎ᠠ ᠵᠠᠮ᠎ᠢ ᠬᠠᠮᠲᠤ᠎ᠪᠠᠷ ᠥᠷᠭᠡᠳᠭᠡᠵᠦ᠍᠂ ᠺᠠᠳ᠋ᠷ ᠴᠢᠳᠠᠪᠤᠷᠢᠲᠠᠨ᠎ᠢ ᠰᠣᠩᠭᠣᠨ ᠲᠣᠮᠢᠯᠠᠬᠤ ᠦᠢᠯᠡᠳᠦᠯ ᠴᠢᠳᠠᠪᠤᠷᠢ᠎ᠶ᠋ᠢ ᠱᠢᠰᠲ᠋ᠧᠮ᠎ᠲᠡᠶ᠎ᠪᠡᠷ ᠳᠡᠭᠡᠭ᠌ᠰᠢᠯᠡᠭᠦᠯᠦᠨ᠎ᠡ ᠭᠡᠪᠡ᠃

ᠸᠠᠩ ᠸᠧᠢ ᠵᠦᠩ᠂ 29 ᠵᠢᠯ᠎ᠦᠨ ᠲᠤᠷᠰᠢ᠂ ᠪᠡᠭᠡᠵᠢᠩ ᠬᠤᠳᠠ ᠰᠤᠷᠭᠠᠨ ᠬᠥᠮᠦᠵᠢᠯ᠂ ᠡᠮᠴᠢᠯᠡᠭᠡ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠰ᠂ ᠴᠢᠳᠠᠪᠤᠷᠢᠲᠠᠨ᠂ ᠪᠡᠯᠡ ᠮᠥᠩᠭᠥ᠌ ᠵᠡᠷᠭᠡ ᠬᠦᠷᠢᠶᠡᠨ᠎ᠳᠦ ᠥᠪᠥᠷ ᠮᠣᠩᠭᠣᠯ᠎ᠳᠤ ᠪᠦᠬᠦ᠌ ᠲᠠᠯ᠎ᠠ᠎ᠶ᠋ᠢᠨ ᠬᠠᠪᠰᠤᠷᠤᠯᠭ᠎ᠠ ᠳᠡᠮᠵᠢᠯᠭᠡ ᠦᠵᠡᠭᠦᠯᠵᠡᠢ᠂ ᠡᠭᠦᠨ᠎ᠳᠦ ᠪᠢᠳᠡ ᠲᠠᠯᠠᠷᠬᠠᠵᠤ ᠪᠠᠢᠬᠤ᠎ᠪᠠᠨ ᠢᠯᠡᠳᠭᠡᠵᠦ᠍ ᠪᠠᠢᠨ᠎ᠠ᠃ ᠶᠡᠷᠦᠩᠬᠡᠶ ᠱᠦᠵᠢ ᠰᠢ᠎ᠵᠢᠨ᠎ᠫᠢᠩ᠎ᠦᠨ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠬᠦ᠌ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭᠠᠨ᠎ᠤ ᠵᠢᠯᠣᠭᠣᠳᠣᠯᠭ᠎ᠠ ᠳᠤᠤᠷ᠎ᠠ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠣᠳᠣᠬᠠᠨ᠎ᠳᠤ᠂ ᠥᠪᠥᠷ ᠮᠣᠩᠭᠣᠯ ᠶᠠᠭ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂《ᠨᠢᠭᠡ ᠪᠡᠬᠢᠯᠡᠯᠲᠡ》ᠶ᠋ᠢ ᠪᠥᠲᠥᠭᠡᠨ ᠪᠠᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠵᠠᠮ᠎ᠢ ᠲᠦᠷᠭᠡᠨ ᠨᠡᠭᠡᠭᠡᠵᠦ᠍ ᠪᠠᠢᠨ᠎ᠠ᠃ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠬᠦ᠌᠎ᠳᠦ ᠪᠡᠭᠡᠵᠢᠩ ᠬᠤᠲᠠ᠎ᠶ᠋ᠢᠨ ᠬᠦᠴᠦᠲᠡᠢ ᠳᠡᠮᠵᠢᠯᠭᠡ᠎ᠡᠴᠡ ᠰᠠᠯᠵᠤ ᠴᠢᠳᠠᠬᠤ ᠦᠭᠡᠢ᠃ ᠪᠡᠭᠡᠵᠢᠩ ᠬᠣᠲᠠ᠎ᠶ᠋ᠢᠨ ᠬᠢᠨ 《ᠠᠷᠪᠠᠨ ᠲᠠᠪᠤᠳᠤᠭᠠᠷ ᠲᠠᠪᠤᠨ ᠵᠢᠯ》᠎ᠤᠨ ᠬᠥᠭ᠌ᠵᠢᠯᠲᠡ᠎ᠶ᠋ᠢ ᠲᠥᠯᠥᠪᠵᠢᠭᠦᠯᠬᠦ᠌᠎ᠲᠡᠶ ᠤᠶᠠᠯᠳᠤᠭᠤᠯᠤᠨ᠂ ᠬᠠᠮᠵᠢᠯᠴᠠᠬᠤ ᠣᠷᠣᠨ ᠪᠦᠰᠡ᠎ᠪᠡᠨ ᠥᠷᠭᠡᠳᠭᠡᠬᠦ᠌᠂ ᠬᠠᠮᠵᠢᠯᠴᠠᠬᠤ ᠬᠦᠷᠢᠶ᠎ᠡ ᠬᠡᠪᠴᠢᠶ᠎ᠡ᠎ᠪᠡᠨ ᠥᠷᠭᠡᠳᠭᠡᠬᠦ᠎ᠶᠢ ᠠᠬᠢᠭᠤᠯᠵᠤ᠂ ᠪᠢᠳᠡᠨ᠎ᠢ ᠬᠠᠪᠰᠤᠷᠤᠨ ᠱᠢᠨ᠎ᠡ ᠡᠨᠧᠷᠭᠢ᠎ᠶ᠋ᠢ ᠭᠠᠳᠠᠭ᠍ᠰᠢ ᠬᠦᠷᠭᠡᠬᠦ᠌ ᠵᠠᠮ ᠱᠤᠭᠤᠮ᠂ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ᠎ᠤ ᠲᠤᠤᠷ ᠪᠠ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢᠭᠤᠯᠤᠯᠲᠠ ᠵᠡᠷᠭᠡ ᠠᠵᠢᠯ᠎ᠢ ᠰᠠᠢᠲᠤᠷ ᠬᠢᠬᠦ᠌᠎ᠶ᠋ᠢ ᠬᠦᠰᠡᠵᠦ᠍ ᠪᠠᠢᠨ᠎ᠠ᠃ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠤ ᠳᠠᠪᠠᠭᠤᠯᠢᠭ᠎ᠢᠶᠠᠨ ᠪᠠᠳᠠᠷᠠᠭᠤᠯᠵᠤ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠬᠣᠪᠣᠷ ᠱᠢᠷᠣᠶ᠎ᠶ᠋ᠢᠨ ᠠᠵᠤ ᠦᠶ᠋ᠯᠡᠰ᠂ ᠪᠣᠬᠢᠷᠲᠤᠯ ᠥᠬᠡᠶ ᠪᠤᠳᠤᠯᠲᠠ᠎ᠶᠢᠨ ᠬᠦᠴᠦᠨ᠂ ᠮᠠᠯ ᠠᠵᠤ ᠠᠬᠤᠶ᠎ᠲᠠᠷᠢᠶᠠᠯᠠᠩ ᠎ᠦᠷ᠎ᠠ᠎ᠶᠢᠨ ᠦᠶ᠋ᠯᠡᠰ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠪᠤᠯᠪᠠᠰᠤᠷᠠᠭᠤᠯᠬᠤ ᠵᠡᠷᠭᠡ ᠬᠦᠷᠢᠶᠡᠨ᠎ᠳᠡᠬᠢ ᠳᠡᠮᠵᠢᠯᠭᠡ᠎ᠪᠡᠨ ᠴᠢᠩᠭᠠᠳᠭᠠᠵᠤ᠂ ᠪᠢᠳᠡᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠎ᠳᠤ ᠬᠦᠴᠦᠨ ᠨᠡᠮᠡᠷᠢᠯᠡᠬᠦ᠎ᠶᠢ ᠬᠦᠰᠡᠵᠤ ᠪᠠᠢᠨ᠎ᠠ᠃ ᠥᠪᠥᠷ ᠮᠣᠩᠭᠣᠯ ᠡᠬᠢ ᠪᠠᠶᠠᠯᠢᠭ ᠪᠠ ᠣᠷᠣᠨ ᠪᠠᠢᠷᠢ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ ᠪᠡᠭᠡᠵᠢᠩ ᠬᠣᠲᠠ᠎ᠳᠤ ᠪᠣᠬᠢᠷᠲᠤᠯ ᠥᠬᠡᠶ ᠴᠠᠬᠢᠯᠭᠠᠨ ᠪᠠ ᠴᠢᠨᠠᠷ ᠰᠠᠢᠲᠠᠶ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠢᠯᠡᠭᠦᠬᠡᠨ ᠬᠦᠷᠭᠡᠵᠦ᠍᠂ ᠵᠢᠭᠤᠯᠴᠢᠯᠠᠯ᠎ᠤᠨ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠴᠢᠳᠠᠯ᠎ᠤᠨ ᠬᠢᠷᠢ᠎ᠪᠡᠷ᠎ᠢᠶᠡᠨ ᠨᠡᠢᠰᠯᠡᠯ᠎ᠳᠦ ᠬᠤᠪᠢ ᠨᠡᠮᠡᠷᠢ ᠦᠵᠡᠭᠦᠯᠦᠨ᠎ᠡ ᠭᠡᠪᠡ᠃

ᠲᠣᠰ ᠤᠳᠠᠭᠠᠨ᠎ᠤ ᠰᠤᠷᠤᠯᠴᠠᠯᠭ᠎ᠠ ᠱᠢᠨᠵᠢᠯᠡᠨ ᠪᠠᠢᠴᠠᠭᠠᠯᠲᠠ᠎ᠶᠢᠨ ᠴᠠᠭ ᠪᠠᠴᠢᠮ ᠪᠤᠯᠪᠠᠴᠤ ᠠᠭᠤᠯᠭ᠎ᠠ  ᠪᠠᠶᠠᠯᠢᠭ ᠪᠠᠢᠯ᠎ᠠ᠃ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ ᠲᠥᠯᠥᠭᠡᠯᠡᠭ᠌ᠴᠢᠳ᠎ᠦᠨ ᠪᠦᠯᠬᠦᠮ ᠡᠩ ᠲᠡᠷᠢᠭᠦᠨ᠎ᠳᠦ ᠪᠡᠭᠡᠵᠢᠩ ᠬᠣᠲᠠ᠎ᠶ᠋ᠢᠨ ᠲᠠᠷᠢᠶᠠᠯᠠᠩ ᠣᠶ ᠱᠢᠭᠤᠶ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠳᠦ ᠬᠦᠷᠴᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠤ ᠲᠠᠨᠢᠯᠴᠠᠭᠤᠯᠭ᠎ᠠ᠎ᠶ᠋ᠢ ᠰᠣᠨᠣᠰᠴᠤ᠌᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠦᠵᠡᠭᠦᠯᠭᠡ᠎ᠶ᠋ᠢ ᠪᠠᠢᠴᠠᠭᠠᠨ ᠦᠵᠡᠵᠦ᠍᠂ ᠤᠶᠤᠨᠴᠢ ᠲᠠᠷᠢᠶᠠᠯᠠᠩ᠎ᠤᠨ ᠲᠠᠯᠠᠪᠠᠶ᠎ᠶ᠋ᠢᠨ ᠪᠥᠲᠥᠭᠡᠨ ᠪᠠᠢᠭᠤᠯᠤᠯᠲᠠ ᠪᠣᠯᠤᠨ ᠮᠠᠯ ᠪᠡᠯᠴᠢᠭᠡᠷ᠎ᠦᠨ ᠲᠡᠩᠴᠡᠭᠦᠷᠢ᠎ᠶ᠋ᠢ ᠣᠶᠤᠨᠴᠢ᠎ᠪᠠᠷ ᠬᠢᠨᠠᠨ ᠬᠡᠮᠵᠢᠬᠦ ᠪᠠᠢᠳᠠᠯ᠎ᠢ ᠨᠠᠷᠢᠯᠢᠬ ᠣᠢᠯᠠᠭᠠᠪᠠ᠃ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠪᠡᠭᠡᠵᠢᠩ᠎ᠦᠨ ᠪᠠᠭ᠎ᠠ ᠨᠡᠭᠦᠷᠡᠰᠦᠲᠥ᠋ᠷᠥᠭ᠌ᠴᠢᠲᠦ ᠴᠡᠪᠡᠷ ᠡᠨᠧᠷᠭᠢ᠎ᠶ᠋ᠢᠨ ᠰᠤᠳᠤᠯᠭᠠᠨ᠎ᠤ ᠬᠦᠷᠢᠶᠡᠯᠡᠩ᠎ᠳᠦ᠂ ᠲᠥᠯᠥᠭᠡᠯᠡᠭ᠌ᠴᠢᠳ᠎ᠦᠨ ᠪᠦᠯᠬᠦᠮ ᠲᠤᠬᠠᠶ᠎ᠶ᠋ᠢᠨ ᠭᠠᠵᠠᠷ᠎ᠲᠤᠨᠢ ᠪᠠᠭ᠎ᠠ ᠨᠡᠭᠦᠷᠡᠰᠦᠲᠥ᠋ᠷᠥᠭ᠌ᠴᠢᠲᠦ ᠱᠢᠨ᠎ᠡ ᠮᠠᠲ᠋ᠧᠷᠢᠶᠠᠯ᠎ᠤᠨ ᠰᠤᠳᠤᠯᠤᠨ ᠨᠡᠭᠡᠭᠡᠯᠳᠠ ᠪᠠ ᠬᠡᠷᠡᠭ᠌ᠯᠡᠭᠡᠨ᠎ᠤ ᠪᠠᠢᠳᠠᠯ᠎ᠢ ᠣᠢᠯᠠᠭᠠᠪᠠ᠃ ᠲᠥᠯᠥᠭᠡᠯᠡᠭ᠌ᠴᠢᠳ᠎ᠦᠨ ᠪᠦᠯᠬᠦᠮ ᠪᠠᠰᠠ ᠱᠢᠶᠤᠤ ᠮᠢ ᠭᠠᠷ ᠤᠲᠠᠰᠤᠨ᠎ᠤ ᠣᠶᠤᠨᠳᠤ ᠦᠶ᠋ᠯᠡᠳᠪᠦᠷᠢ᠎ᠳᠦ ᠬᠦᠷᠴᠦ᠍ ᠣᠶᠤᠨᠳᠤ ᠦᠶ᠋ᠯᠡᠳᠭᠡᠯ᠎ᠦᠨ ᠪᠠᠢᠳᠠᠯ᠎ᠢ ᠣᠢᠯᠠᠭᠠᠪᠠ᠃ ᠲᠥᠯᠥᠭᠡᠯᠡᠭ᠌ᠴᠢᠳ᠎ᠦᠨ ᠪᠦᠯᠬᠦᠮ ᠵᠠᠮ ᠲᠤᠵᠢ ᠦᠵᠡᠵᠦ ᠰᠣᠨᠣᠰᠤᠨ᠂ ᠭᠦᠨ ᠰᠡᠩᠬᠡᠷᠡᠭᠦᠯᠦᠯ ᠣᠯᠵᠤ᠂ ᠤᠯᠠᠨ ᠵᠦᠢᠯ᠎ᠢ ᠰᠤᠷᠤᠯᠴᠠᠨ ᠤᠢᠯᠠᠭᠠᠪᠠ᠃ ᠣᠯᠠᠨ᠎ᠢᠶᠠᠷ᠎ᠢᠶᠠᠨ᠂ ᠲᠣᠰ ᠤᠳᠠᠭ᠎ᠠ᠎ᠶ᠋ᠢᠨ ᠰᠤᠷᠤᠯᠴᠠᠯᠭ᠎ᠠ ᠱᠢᠨᠵᠢᠯᠡᠨ ᠪᠠᠢᠴᠠᠭᠠᠯᠲᠠ᠎ᠳᠦ ᠲᠡᠷᠢᠭᠦᠨ᠎ᠦ ᠲᠤᠷᠱᠢᠯᠭ᠎ᠠ᠎ᠶ᠋ᠢ ᠰᠤᠷᠤᠯᠴᠠᠵᠤ᠂ ᠠᠵᠢᠯ᠎ᠤᠨ ᠰᠡᠳᠭᠢᠴᠡ᠎ᠪᠡᠨ ᠥᠷᠭᠡᠳᠭᠡᠪᠡ᠂ ᠲᠠᠷᠠᠭᠠᠴᠢ᠎ᠶ᠋ᠢᠨ ᠠᠯᠬᠤᠮ᠎ᠳᠤ ᠦᠷᠭᠦᠯᠵᠢᠯᠡᠨ ᠵᠠᠮ ᠨᠡᠭᠡᠭᠡᠨ ᠱᠢᠨ᠎ᠡ᠎ᠶ᠋ᠢ ᠡᠭᠦᠳᠴᠦ᠍᠂ ᠡᠯ᠎ᠡ ᠲᠠᠯ᠎ᠠ᠎ᠶ᠋ᠢᠨ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ ᠭᠡᠵᠦ᠍ ᠢᠯᠡᠳᠭᠡᠵᠡᠭᠡᠪᠡ᠃

ᠪᠡᠭᠡᠵᠢᠩ ᠬᠣᠲᠠ᠎ᠶ᠋ᠢᠨ ᠤᠳᠤᠷᠢᠳᠤᠯᠭ᠎ᠠ ᠵᠣᠣ ᠯᠸᠢ᠂ ᠸᠧᠨ ᠰᠢᠶᠠᠨ᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠱᠢᠨ᠂ ᠳᠠᠢᠴᠢᠨ᠂ ᠲᠠᠩ ᠢ᠂ ᠵᠠᠩ ᠪᠠᠶ ᠴᠧᠩ ᠪᠣᠯᠤᠨ ᠬᠣᠯᠪᠣᠭ᠍ᠳᠠᠯ ᠪᠥᠬᠥᠶ ᠠᠢᠮᠠᠭ ᠬᠣᠲᠠ᠂ ᠰᠠᠯᠠᠭ᠎ᠠ ᠮᠥᠴᠢᠷ ᠪᠠᠢᠭᠤᠯᠭ᠎ᠠ ᠨᠢᠭᠡᠴᠢ᠎ᠶ᠋ᠢᠨ ᠭᠤᠤᠯ ᠬᠠᠷᠢᠭᠤᠴᠠᠯᠭᠠᠲᠠᠨ ᠨᠥᠬᠥᠳ ᠠᠵᠢᠯᠯᠠᠭ᠎ᠠ᠎ᠳᠤ ᠣᠷᠣᠯᠴᠠᠵᠠᠶ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ