9 ᠰᠠᠷ᠎ᠠ᠎ᠶ᠋ᠢᠨ ᠥᠪᠥᠷ ᠮᠣᠩᠭᠣᠯ᠂ ᠨᠠᠮᠤᠷ᠎ᠤᠨ ᠬᠤᠩᠭᠤᠷ ᠰᠠᠯᠬᠢ ᠰᠡᠷᠴᠢᠬᠢᠨᠡᠨ᠂ ᠦᠩᠭᠡ ᠦᠵᠡᠮᠵᠢ ᠭᠣᠢᠳᠠ ᠰᠠᠢᠬᠠᠨ᠃ 9 ᠰᠠᠷ᠎ᠠ᠎ᠶ᠋ᠢᠨ 10᠎ᠤ ᠡᠳᠦᠷ᠂ ᠬᠣᠶᠠᠳᠤᠭᠠᠷ ᠬᠤᠭᠤᠴᠠᠭᠠᠨ᠎ᠤ ᠤᠯᠠᠨ ᠤᠯᠤᠰ᠎ᠤᠨ ᠠᠷᠠᠳ᠎ᠤᠨ ᠪᠦᠯᠭᠦᠮ᠎ᠤᠨ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶᠢᠨ ᠰᠠᠨᠠᠭᠠᠴᠢᠯᠠᠭ᠎ᠠ᠎ᠶᠢ ᠬᠠᠮᠳᠦ᠎ᠪᠠᠷ ᠨᠠᠢᠳᠠᠪᠤᠷᠢᠵᠢᠭᠤᠯᠬᠤ ᠰᠣᠯᠢᠯᠴᠠᠭ᠎ᠠ᠎ᠶᠢᠨ ᠶᠡᠬᠡ ᠬᠤᠷᠠᠯ ᠬᠥᠬᠡᠬᠣᠲᠠ᠎ᠳᠤ ᠡᠬᠢᠯᠡᠵᠦ᠍᠂ ᠳᠤᠮᠳᠠᠳᠤ ᠭᠠᠳᠠᠭᠠᠳᠤ᠎ᠶ᠋ᠢᠨ ᠵᠣᠴᠢᠳ ᠨᠢᠭᠡ ᠲᠠᠩᠬᠢᠮ᠎ᠳᠤ ᠴᠤᠭ᠍ᠯᠠᠷᠠᠵᠤ᠂ ᠬᠤᠪᠢ ᠵᠠᠶᠠᠭ᠎ᠠ᠎ᠪᠠᠨ ᠬᠠᠮᠲᠤᠳᠭᠠᠵᠤ᠂ ᠬᠥᠭ᠌ᠵᠢᠯᠲᠡ᠎ᠶ᠋ᠢ ᠬᠠᠮᠲᠤ᠎ᠪᠠᠷ ᠡᠷᠢᠯᠬᠢᠯᠡᠬᠦ᠌ ᠴᠣ ᠱᠢᠨ᠎ᠡ ᠬᠠᠭᠤᠳᠠᠰᠤ᠎ᠶ᠋ᠢ ᠭᠠᠷ ᠬᠣᠯᠪᠣᠨ ᠪᠢᠴᠢᠭ᠌ᠯᠡᠨ᠎ᠠ᠃

9 ᠰᠠᠷ᠎ᠠ᠎ᠶ᠋ᠢᠨ 10᠎ᠤ ᠡᠳᠦᠷ᠂ ᠬᠣᠶᠠᠳᠤᠭᠠᠷ ᠬᠤᠭᠤᠴᠠᠭᠠᠨ᠎ᠤ ᠤᠯᠠᠨ ᠤᠯᠤᠰ᠎ᠤᠨ ᠠᠷᠠᠳ᠎ᠤᠨ ᠪᠦᠯᠭᠦᠮ᠎ᠤᠨ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶᠢᠨ ᠰᠠᠨᠠᠭᠠᠴᠢᠯᠠᠭ᠎ᠠ᠎ᠶᠢ ᠬᠠᠮᠳᠦ᠎ᠪᠠᠷ ᠨᠠᠢᠳᠠᠪᠤᠷᠢᠵᠢᠭᠤᠯᠬᠤ ᠰᠣᠯᠢᠯᠴᠠᠭ᠎ᠠ᠎ᠶᠢᠨ ᠶᠡᠬᠡ ᠬᠤᠷᠠᠯ ᠬᠥᠬᠡᠬᠣᠲᠠ᠎ᠳᠤ ᠡᠬᠢᠯᠡᠪᠡ᠃
ᠰᠤᠷᠪᠤᠯᠵᠢᠯᠠᠭᠴᠢ ᠮᠠ ᠵᠢᠶᠠᠨ ᠪᠢᠩ ᠰᠡᠬᠦᠳᠡᠷᠯᠡᠪᠡ
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠳᠡᠳ᠋ ᠬᠤᠷᠢᠶᠠᠨ ᠳᠠᠷᠤᠭ᠎ᠠ᠂ ᠳᠤᠮᠳᠠᠳᠤ ᠤᠯᠤᠰ᠎ᠤᠨ ᠠᠷᠠᠳ᠎ᠤᠨ ᠵᠣᠬᠢᠶᠠᠨ ᠪᠠᠢᠭᠤᠯᠤᠯᠲᠠ᠎ᠶ᠋ᠢᠨ ᠤᠯᠠᠨ ᠤᠯᠤᠰ᠎ᠤᠨ ᠰᠣᠯᠢᠯᠴᠠᠭ᠎ᠠ᠎ᠶ᠋ᠢ ᠠᠬᠢᠭᠤᠯᠬᠤ ᠨᠡᠢᠬᠡᠮᠯᠢᠭ᠎ᠤᠨ ᠳᠠᠷᠤᠭ᠎ᠠ ᠱᠢᠶᠤᠤ ᠵᠢᠶ᠍ᠸ ᠭᠣᠣᠯ ᠵᠤᠷᠢᠯᠳᠠᠳᠤ ᠶᠠᠷᠢᠶ᠎ᠠ ᠲᠠᠯᠪᠢᠪᠠ᠃ ᠪᠸᠨᠢᠨᠤ ᠤᠯᠤᠰ ᠠᠷᠠᠳ᠎ᠤᠨ ᠵᠥᠪᠯᠡᠯᠭᠡᠨ᠎ᠦ ᠬᠤᠷᠠᠯ᠎ᠤᠨ ᠳᠠᠷᠤᠭ᠎ᠠ ᠹᠯᠠᠸᠸᠨᠦ᠋᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠨᠠᠢ᠍ᠮᠠᠳᠤᠭᠠᠷ ᠬᠤᠭᠤᠴᠠᠭᠠᠨ᠎ᠤ ᠨᠠᠷᠢᠨ ᠪᠢᠴᠢᠭ᠎ᠦᠨ ᠳᠠᠷᠤᠭ᠎ᠠ ᠫᠠᠨ ᠵᠶ᠋ᠢ ᠸᠸᠨ᠂ ᠺᠠᠮᠪᠣᠵᠠ᠎ᠶ᠋ᠢᠨ ᠳᠡᠭᠡᠳᠦ ᠵᠥᠪᠯᠡᠯ᠎ᠦᠨ ᠨᠢᠭᠡᠳᠦᠭᠡᠷ ᠳᠡᠳ᠋ ᠲᠡᠷᠢᠭᠦᠯᠡᠭ᠌ᠴᠢ ᠦ᠋ ᠪᠦᠸᠸ ᠯᠢᠶᠸ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠡᠷᠬᠢᠯᠡᠭ᠌ᠴᠢ ᠰᠦᠨ ᠱᠤᠤ ᠴᠸᠩ ᠪᠠᠶᠠᠷ᠎ᠤᠨ ᠦᠭᠡ ᠬᠡᠯᠡᠵᠦ᠍᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠣᠷᠣᠯᠴᠠᠪᠠ᠃ ᠲᠥᠪ᠎ᠦᠨ ᠭᠠᠳᠠᠭᠠᠳᠤ᠎ᠲᠠᠶ ᠬᠤᠯᠪᠤᠭ᠎ᠠ ᠠᠪᠬᠤ ᠬᠡᠯᠲᠡᠰ᠎ᠦᠨ ᠳᠡᠳ᠋ ᠳᠠᠷᠤᠭ᠎ᠠ ᠯᠦ᠍ ᠺᠠᠩ ᠡᠬᠢᠯᠡᠯᠲᠡ᠎ᠶ᠋ᠢᠨ ᠶᠣᠰᠣᠯᠠᠯ᠎ᠢ ᠡᠷᠭᠢᠯᠡᠪᠡ᠃
ᠱᠢᠶᠤᠤ ᠵᠢᠶ᠍ᠸ᠂ ᠬᠥᠭ᠌ᠵᠢᠯᠲᠡ ᠪᠣᠯ ᠬᠥᠮᠦᠨ ᠲᠥᠷᠥᠯᠬᠢᠲᠡᠨ᠎ᠦ ᠨᠡᠢᠭᠡᠮ᠎ᠦᠨ ᠥᠨᠢᠳᠡ᠎ᠶ᠋ᠢᠨ ᠭᠣᠣᠯ ᠰᠡᠳᠦᠪ ᠮᠥᠨ᠂ ᠠᠷᠠᠳ ᠲᠦᠮᠡᠨ᠎ᠦ ᠵᠣᠯ ᠵᠢᠷᠭᠠᠯ᠎ᠢ ᠪᠡᠶᠡᠯᠡᠭᠦᠯᠬᠦ᠌᠎ᠶ᠋ᠢᠨ ᠵᠠᠩᠭᠢᠯᠠᠭ᠎ᠠ ᠮᠥᠨ᠂ ᠪᠠᠰᠠ ᠴᠤ᠌ ᠪᠦᠬᠦ᠌ ᠬᠥᠮᠦᠨ ᠲᠥᠷᠥᠯᠬᠢᠲᠡᠨ᠎ᠦ ᠬᠠᠮᠲᠤ᠎ᠶ᠋ᠢᠨ ᠦᠷᠳᠡᠭ ᠮᠥᠨ᠃ ᠲᠡᠷᠢᠭᠦᠯᠡᠭ᠌ᠴᠢ ᠰᠢ ᠵᠢᠨ ᠫᠢᠩ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠪᠣᠳᠠᠲᠤ ᠬᠡᠷᠡᠭ᠌ᠴᠡᠭᠡ ᠪᠣᠯᠤᠨ ᠠᠯᠤᠰ ᠬᠡᠳᠤ᠎ᠶ᠋ᠢᠨ ᠬᠠᠷᠠᠯᠲᠠ᠎ᠠᠴᠠ ᠪᠤᠳᠤᠯᠬᠢᠯᠠᠵᠤ᠂ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠎ᠶ᠋ᠢ ᠳᠤᠷᠠᠳᠴᠤ᠌᠂ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠴᠥᠭᠡᠳᠭᠡᠬᠦ᠌᠂ ᠠᠮᠤ ᠪᠤᠳᠠᠭᠠᠨ᠎ᠤ ᠠᠮᠤᠷ ᠲᠦᠪᠱᠢᠨ ᠵᠡᠷᠭᠡ ᠨᠠᠢ᠍ᠮᠠᠨ ᠶᠡᠬᠡ ᠭᠣᠣᠯᠳᠠᠯᠭ᠎ᠠ᠎ᠲᠠᠶ ᠬᠦᠷᠢᠶᠡᠨ᠎ᠳᠦ ᠬᠠᠮᠲᠤᠷᠠᠯᠴᠠᠭᠠᠨ᠎ᠤ ᠲᠦᠰᠦᠬᠡᠯᠡᠯ ᠪᠣᠯᠤᠨ ᠲᠥᠰᠦᠯ᠎ᠢ ᠳᠤᠷᠠᠳᠴᠤ᠌᠂ ᠤᠯᠠᠨ ᠤᠯᠤᠰ᠎ᠤᠨ ᠠᠷᠠᠳ᠎ᠤᠨ ᠪᠦᠯᠬᠦᠮ᠎ᠤᠨ ᠬᠢᠨ᠎ᠦ ᠬᠥᠭ᠌ᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠬᠦ᠌᠂ ᠬᠠᠮᠲᠤ᠎ᠪᠠᠷ ᠬᠥᠭ᠌ᠵᠢᠬᠦ᠌᠂ ᠬᠦᠭᠵᠢᠯᠳᠡ᠎ᠶᠢ ᠬᠠᠮᠲᠤ᠎ᠪᠠᠷ ᠡᠳ᠋ᠯᠡᠬᠦ᠌᠎ᠳᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃ ᠳᠤᠮᠳᠠᠳᠤ ᠤᠯᠤᠰ ᠢᠮᠠᠭ᠍ᠲᠠ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢ ᠠᠬᠢᠭᠤᠯᠬᠤ᠎ᠶᠢᠨ ᠪᠤᠳᠠᠳᠠᠢ ᠠᠵᠢᠯᠯᠠᠭᠴᠢ ᠮᠦᠨ᠂ ᠪᠦᠬᠦ᠌ ᠪᠥᠮᠪᠥᠷᠴᠡᠭ᠎ᠦᠨ ᠨᠠᠢᠳᠠᠪᠤᠷᠢᠵᠢᠭᠤᠯᠬᠤ ᠠᠵᠢᠯ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠢᠷᠡᠭᠡᠳᠦᠢ᠎ᠶ᠋ᠢ ᠪᠠᠷᠠᠯᠠᠬᠤᠶ᠎ᠠ᠂ ᠳᠤᠮᠳᠠᠳᠤ ᠤᠯᠤᠰ ᠥᠨᠳᠥᠷ ᠲᠦᠪᠱᠢᠨ ᠪᠦᠬᠦᠢ ᠭᠠᠳᠠᠭᠠᠳᠤ ᠨᠡᠬᠡᠬᠡᠯᠳᠡ᠎ᠪᠡᠨ ᠡᠷᠡᠰ ᠭᠤᠢᠪᠢᠰᠢ ᠦᠬᠡᠢ ᠥᠷᠭᠡᠳᠭᠡᠵᠦ᠍᠂ ᠡᠯ᠎ᠡ ᠤᠯᠤᠰ᠎ᠯᠤᠭ᠎ᠠ ᠠᠱᠢᠭ ᠲᠤᠰᠠ᠎ᠶ᠋ᠢᠨ ᠠᠭᠤᠰᠤᠯᠴᠠᠯ᠎ᠢᠶᠠᠨ ᠭᠦᠨᠵᠡᠭᠡᠢᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠬᠤᠪᠢᠶᠠᠯᠴᠠᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠤᠨ᠎ᠠ᠃ ᠪᠢᠳᠠ ᠳᠤᠷᠠᠲᠠᠶ᠎ᠠ ᠤᠯᠠᠨ ᠤᠯᠤᠰ᠎ᠤᠨ ᠠᠷᠠᠳ᠎ᠤᠨ ᠪᠦᠯᠬᠦᠮ᠎ᠤᠨ ᠬᠢᠨ᠎ᠲᠡᠶ ᠬᠠᠮᠲᠤ᠎ᠪᠠᠷ᠂ ᠲᠦᠷᠪᠡᠨ ᠶᠡᠬᠡ ᠪᠦᠬᠦ᠌ ᠪᠥᠮᠪᠥᠷᠴᠡᠭ᠎ᠦᠨ ᠰᠠᠨᠠᠭᠠᠴᠢᠯᠠᠭ᠎ᠠ᠎ᠶ᠋ᠢᠨ ᠵᠣᠷᠢᠭ ᠰᠠᠨᠠᠭ᠎ᠠ᠎ᠶ᠋ᠢ ᠦᠢᠯᠡᠳᠦᠯᠭᠡᠵᠢᠭᠦᠯᠵᠦ᠍᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠡᠷᠬᠡ ᠰᠦᠷ ᠪᠣᠯᠤᠨ ᠵᠢᠩᠬᠢᠨᠢ ᠤᠯᠠᠨ ᠲᠠᠯᠠᠲᠤ ᠦᠵᠡᠯ᠎ᠢ ᠬᠠᠮᠠᠭᠠᠯᠠᠬᠤ᠎ᠶ᠋ᠢ ᠪᠠᠷᠢᠮᠲᠠᠯᠠᠵᠤ᠂ 《ᠪᠦᠬᠦ ᠪᠥᠮᠪᠥᠷᠴᠡᠭ᠎ᠢᠶᠠᠷ ᠵᠢᠡᠨ ᠬᠠᠷᠢᠯᠴᠠᠨ ᠲᠤᠰᠠᠯᠠᠯᠴᠠᠬᠤ》᠎ᠶᠢ ᠪᠠᠷᠢᠮᠲᠠᠯᠠᠵᠤ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢ ᠲᠡᠭᠦᠯᠳᠡᠷᠵᠢᠭᠦᠯᠵᠦ᠍᠂ ᠬᠥᠭ᠌ᠵᠢᠯᠲᠡ᠎ᠶ᠋ᠢᠨ ᠣᠷᠴᠢᠨ ᠨᠦᠬᠦᠴᠡᠯ᠎ᠢ ᠬᠠᠮᠲᠤ᠎ᠪᠠᠷ ᠪᠤᠢ ᠪᠣᠯᠭᠠᠵᠤ᠂ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠵᠣᠯᠭᠠᠭᠤᠯᠵᠤ᠂ ᠬᠠᠮᠲᠤᠷᠠᠯᠴᠠᠭᠠᠨ᠎ᠤ ᠲᠣᠣᠷ᠎ᠢ ᠥᠷᠭᠡᠳᠭᠡᠵᠦ᠍᠂ ᠠᠷᠠᠳ᠎ᠤᠨ ᠰᠡᠳᠭᠢᠯ᠎ᠦᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠰᠠᠢ᠌ᠨ ᠰᠠᠢᠬᠠᠨ ᠳᠡᠯᠡᠬᠡᠢ ᠶᠢᠷᠲᠢᠨᠴᠦ᠍᠎ᠶ᠋ᠢ ᠪᠦᠳᠦᠭᠡᠨ ᠪᠠᠢᠭᠤᠯᠵᠤ᠂ ᠣᠳᠣᠬᠢᠴᠢᠯᠠᠯᠲᠠ᠎ᠶ᠋ᠢᠨ ᠦᠷ᠎ᠡ ᠪᠦᠲᠦᠭᠡᠯ᠎ᠢᠶᠡᠷ ᠡᠯ᠎ᠡ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠳᠤᠷ ᠠᠱᠢᠭ ᠬᠦᠷᠲᠡᠭᠡᠨ᠎ᠡ ᠭᠡᠵᠤ ᠵᠢᠭᠠᠵᠤ ᠭᠠᠷᠭᠠᠵᠠᠢ᠃
ᠹᠯᠠᠸᠸᠨᠦ᠋᠂ ᠪᠸᠨᠢᠨ ᠳᠤᠮᠳᠠᠳᠤ ᠬᠣᠶᠠᠷ ᠤᠯᠤᠰ᠎ᠤᠨ ᠤᠯᠠᠮᠵᠢᠯᠠᠯᠲᠤ ᠨᠥᠬᠥᠷᠯᠡᠯ ᠭᠦᠨ ᠵᠤᠵᠠᠭᠠᠨ᠂ ᠬᠥᠭ᠌ᠵᠢᠯᠲᠡ᠎ᠶ᠋ᠢᠨ ᠬᠠᠷᠠᠯᠲᠠ ᠳᠡᠭᠡᠳᠦ ᠬᠡᠮᠵᠢᠶ᠎ᠡ᠎ᠪᠡᠷ ᠨᠢᠭᠡᠳᠦᠯᠲᠡᠢ᠂ ᠤᠷᠳᠤ ᠬᠤᠭᠤᠴᠠᠭᠠᠨ᠎ᠤ ᠲᠤᠷᠰᠢ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠂ ᠪᠠᠭ᠍ᠲᠠᠭᠠᠮᠵᠢᠲᠤ ᠴᠢᠨᠠᠷ ᠲᠠᠢ ᠠᠵᠤ ᠠᠬᠤᠢ᠎ᠶ᠋ᠢᠨ ᠨᠡᠮᠡᠭ᠌ᠳᠡᠯ᠎ᠢ ᠠᠬᠢᠭᠤᠯᠬᠤ ᠵᠡᠷᠭᠡ ᠲᠠᠯ᠎ᠠ᠎ᠪᠠᠷ ᠰᠠᠢ᠌ᠨ ᠰᠠᠢᠬᠠᠨ ᠬᠠᠮᠲᠤᠷᠠᠯᠴᠠᠭᠠᠦᠷᠨᠢᠬᠦᠯᠦᠭᠰᠡᠨ ᠶᠤᠮ᠃ ᠲᠡᠷᠢᠭᠦᠯᠡᠭ᠌ᠴᠢ ᠰᠢ ᠵᠢᠨ ᠫᠢᠩ ᠲᠦᠷᠪᠡᠨ ᠶᠡᠬᠡ ᠪᠦᠬᠦ᠌ ᠪᠥᠮᠪᠥᠷᠴᠡᠭ᠎ᠦᠨ ᠰᠠᠨᠠᠭᠠᠴᠢᠯᠠᠭ᠎ᠠ᠎ᠶ᠋ᠢ ᠳᠤᠷᠠᠳᠴᠤ᠌᠂ ᠲᠣᠭ᠍ᠲᠠᠭᠤᠨ ᠪᠤᠰᠤ ᠳᠡᠯᠡᠬᠡᠢ ᠶᠢᠷᠲᠢᠨᠴᠦ᠍᠎ᠳᠦ ᠲᠣᠭ᠍ᠲᠠᠪᠤᠷᠢᠲᠤ ᠴᠢᠨᠠᠷ ᠪᠠ ᠲᠣᠭ᠍ᠲᠠᠭᠠᠯ᠎ᠳᠤ ᠴᠢᠨᠠᠷᠨᠡᠮᠡᠷᠢᠯᠡᠪᠡ᠃ ᠪᠧᠨᠢᠨ ᠡᠷᠡᠰ ᠲᠠᠮᠵᠢᠬᠦ ᠪᠦᠭᠡᠳ ᠳᠤᠮᠳᠠᠳᠤ ᠤᠯᠤᠰ᠎ᠯᠤᠭ᠎ᠠ ᠬᠠᠮᠲᠤ᠎ᠪᠠᠷ ᠪᠦᠬᠦ ᠪᠥᠮᠪᠥᠷᠴᠡᠭ᠎ᠦᠨ ᠦᠷᠬᠦᠯᠵᠢᠯᠡᠬᠦ ᠬᠥᠭ᠌ᠵᠢᠯᠲᠡ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠪᠡᠷ ᠬᠦᠴᠦᠯᠡᠨ ᠴᠢᠷᠮᠠᠢᠨ᠎ᠠ᠃ ᠡᠨᠡ ᠤᠳᠠᠭ᠎ᠠ᠎ᠶ᠋ᠢᠨ ᠶᠡᠬᠡ ᠬᠤᠷᠠᠯ᠎ᠢ ᠠᠮᠵᠢᠯᠲᠠ᠎ᠲᠠᠶ ᠡᠷᠬᠢᠯᠡᠬᠦ ᠨᠢ ᠯᠠᠪᠲᠠᠢ ᠬᠣᠶᠠᠷ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠬᠣᠶᠠᠷ ᠤᠯᠤᠰ᠎ᠤᠨ ᠡᠯ᠎ᠡ ᠬᠦᠷᠢᠶᠡᠨ᠎ᠳᠡᠬᠢ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠤᠯᠠᠮ ᠨᠢᠭᠡ ᠠᠯᠬᠤᠮ ᠨᠢᠭ᠍ᠲᠠᠷᠠᠭᠤᠯᠵᠤ᠂ ᠨᠡᠩ ᠤᠯᠠᠨ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭᠠᠨ᠎ᠤ ᠦᠷ᠎ᠡ ᠪᠦᠲᠦᠭᠡᠯ᠎ᠢᠶᠡᠷ ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠬᠦ᠌ ᠪᠣᠯᠤᠨ᠎ᠠ ᠭᠡᠪᠡ᠃
ᠫᠠᠨ ᠵᠶ᠋ᠢ ᠸᠸᠨ᠂ ᠳᠤᠮᠳᠠᠳᠤ ᠤᠯᠤᠰ ᠪᠣᠯ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢ ᠠᠬᠢᠭᠤᠯᠬᠤ ᠢᠳᠡᠪᠬᠢᠲᠡᠢ ᠰᠠᠨᠠᠭᠠᠴᠢᠯᠠᠭ᠍ᠴᠢ ᠪᠠ ᠦᠢᠯᠡᠳᠦᠯᠭᠡᠵᠢᠭᠦᠯᠦᠭ᠌ᠴᠢ ᠪᠤᠯᠤᠬᠰᠠᠭᠠᠷ ᠢᠷᠡᠵᠡᠢ᠃ ᠲᠡᠷᠢᠭᠦᠯᠡᠭ᠌ᠴᠢ ᠰᠢ ᠵᠢᠨ ᠫᠢᠩ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠎ᠶ᠋ᠢ ᠳᠤᠷᠠᠳᠴᠤ᠌᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠶ᠋ᠢᠨ ᠬᠠᠷᠠᠯᠲᠠ᠎ᠶ᠋ᠢ ᠲᠦᠷᠭᠡᠨ ᠨᠠᠢᠳᠠᠪᠤᠷᠢᠵᠢᠭᠤᠯᠬᠤ᠎ᠳᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠪᠡ᠃ ᠤᠯᠠᠨ ᠤᠯᠤᠰ᠎ᠤᠨ ᠠᠷᠠᠳ᠎ᠤᠨ ᠪᠦᠯᠬᠦᠮ ᠪᠤᠯ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢ ᠬᠠᠮᠲᠤ᠎ᠪᠠᠷ ᠪᠠᠢᠭᠤᠯᠬᠤ ᠴᠢᠬᠤᠯᠠ ᠬᠦᠴᠦᠨ ᠮᠥᠨ᠃ ᠤᠯᠠᠨ ᠤᠯᠤᠰ᠎ᠤᠨ ᠠᠷᠠᠳ᠎ᠦᠨ ᠪᠦᠯᠬᠦᠮ᠎ᠤᠨ ᠬᠢᠨ ᠮᠡᠳᠡᠯᠭᠡ᠎ᠶ᠋ᠢ ᠬᠠᠮᠲᠤ᠎ᠪᠠᠷ ᠡᠳ᠋ᠯᠡᠬᠦ᠌᠂ ᠤᠯᠠᠨ ᠲᠠᠯ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢ ᠪᠠᠢᠭᠤᠯᠬᠤ᠂ ᠠᠱᠢᠭ᠍ᠲᠠᠢ ᠣᠷᠴᠢᠨ ᠲᠣᠭᠣᠷᠢᠨ᠎ᠢ ᠰᠠᠨᠠᠭᠠᠴᠢᠯᠠᠬᠤ᠎ᠶᠢ ᠠᠬᠢᠭᠤᠯᠬᠤ ᠵᠡᠷᠭᠡ ᠲᠠᠯ᠎ᠠ᠎ᠪᠠᠷ ᠡᠷᠴᠢᠮ᠎ᠢᠶᠡᠨ ᠴᠢᠩᠭᠠᠷᠠᠭᠤᠯᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ 2030 ᠣᠨ᠎ᠤ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠥᠪᠯᠡᠬᠦ᠌ ᠵᠦᠢᠯ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ᠎ᠳᠤ ᠬᠦᠴᠦᠨ ᠨᠡᠮᠡᠷᠢᠯᠡᠬᠦ᠌᠎ᠶ᠋ᠢ ᠬᠦᠰᠡᠵᠦ᠍ ᠪᠠᠢᠨ᠎ᠠ ᠭᠡᠪᠡ᠃
ᠡᠸ᠋ ᠪᠥᠸᠧ ᠯᠢᠶᠸ᠂ ᠪᠢᠳᠡ ᠲᠡᠷᠢᠭᠦᠯᠡᠭ᠌ᠴᠢ ᠰᠢ᠎ᠶᠢᠨ ᠫᠢᠩ᠎ᠦᠨ ᠳᠤᠷᠠᠳᠤᠭ᠍ᠰᠠᠨ ᠪᠥᠬᠥ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠎ᠶ᠋ᠢ ᠵᠥᠪᠱᠢᠶᠡᠷᠡᠵᠦ᠍ ᠪᠠᠢᠬᠤ ᠪᠥᠭᠡᠳ ᠳᠡᠮᠵᠢᠨ᠎ᠠ᠂ ᠲᠣᠰ ᠰᠠᠨᠠᠭᠠᠴᠢᠯᠠᠭ᠎ᠠ᠎ᠨᠢ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ 2030 ᠣᠨ᠎ᠤ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠥᠪᠯᠡᠬᠦ᠌ ᠵᠦᠶ᠋ᠯ᠎ᠢ ᠬᠠᠮᠲᠤ᠎ᠪᠠᠷ ᠨᠠᠢᠳᠠᠪᠤᠷᠢᠵᠢᠭᠤᠯᠬᠤ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠵᠦ᠍ ᠪᠠᠢᠨ᠎ᠠ᠃ ᠣᠳᠣᠬᠠᠨ᠎ᠳᠤ᠂ ᠺᠠᠮᠪᠣᠵᠠ ᠶᠠᠭ《ᠲᠠᠪᠤᠨ ᠥᠨᠴᠥᠭ᠌ᠲᠦ ᠪᠠᠢᠯᠳᠤᠬᠤ ᠪᠤᠳᠤᠯᠭ᠎ᠠ》ᠵᠢ ᠬᠡᠷᠡᠭ᠌ᠵᠢᠭᠦᠯᠬᠦ᠌᠎ᠪᠡᠷ ᠳᠠᠮᠵᠢᠨ ᠠᠵᠤ ᠠᠬᠤᠢ᠎ᠶ᠋ᠢᠨ ᠨᠡᠮᠡᠭ᠌ᠳᠡᠯ᠎ᠢ ᠪᠦᠬᠦ᠌ ᠬᠦᠴᠦᠨ᠎ᠢᠶᠡᠷ᠎ᠢᠶᠡᠨ ᠠᠬᠢᠭᠤᠯᠵᠤ᠂ ᠨᠡᠢᠭᠡᠮ᠎ᠦᠨ ᠪᠠᠲᠤᠯᠠᠭ᠎ᠠ᠎ᠶ᠋ᠢ ᠴᠢᠩᠭᠠᠳᠭᠠᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠵᠦ᠍ ᠪᠠᠢᠨ᠎ᠠ᠃ ᠲᠤᠰ ᠤᠳᠠᠭ᠎ᠠ᠎ᠶ᠋ᠢᠨ ᠶᠡᠬᠡ ᠬᠤᠷᠠᠯ᠎ᠢᠶᠠᠷ ᠠᠵᠠ ᠲᠣᠬᠢᠶᠠᠯ ᠪᠣᠯᠭᠠᠵᠤ᠂ ᠡᠯ᠎ᠡ ᠲᠠᠯ᠎ᠠ᠎ᠶ᠋ᠢᠨ ᠬᠠᠮᠲᠤ᠎ᠶ᠋ᠢᠨ ᠴᠢᠷᠮᠠᠢᠯᠭ᠎ᠠ᠎ᠪᠠᠷ ᠳᠠᠮᠵᠢᠨ᠂ ᠤᠯᠠᠨ ᠲᠠᠯᠠᠲᠤ ᠦᠵᠡᠯ᠎ᠦᠨ ᠰᠠᠭᠤᠷᠢ᠎ᠶ᠋ᠢ ᠪᠡᠬᠢᠵᠢᠭᠦᠯᠵᠦ᠍᠂ ᠬᠠᠷᠢᠯᠴᠠᠨ ᠬᠦᠨᠳᠦᠳᠭᠡᠬᠦ᠌᠂ ᠡᠷᠬᠡ ᠮᠡᠳᠡᠯ᠎ᠢᠶᠡᠨ ᠬᠠᠮᠠᠭᠠᠯᠠᠬᠤ᠂ ᠲᠥᠪ ᠭᠣᠣᠯᠴᠢ᠎ᠶ᠋ᠢ ᠠᠬᠢᠭᠤᠯᠬᠤ ᠬᠠᠨᠢᠲᠠᠨ᠎ᠤ ᠬᠠᠷᠢᠯᠴᠠᠭ᠎ᠠ᠎ᠶ᠋ᠢ ᠪᠠᠢᠭᠤᠯᠬᠤ᠎ᠶ᠋ᠢ ᠬᠦᠰᠡᠵᠦ᠍ ᠪᠠᠢᠨ᠎ᠠ ᠭᠡᠪᠡ᠃
ᠰᠦᠨ ᠱᠤᠤ ᠴᠧᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠢ ᠲᠥᠯᠥᠭᠡᠯᠡᠨ ᠳᠤᠮᠳᠠᠳᠤ ᠭᠠᠳᠠᠭᠠᠳᠤ᠎ᠶ᠋ᠢᠨ ᠵᠣᠴᠢᠳ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠪᠡ᠃ ᠲᠡᠷᠡ᠂ ᠲᠡᠷᠢᠭᠦᠯᠡᠭ᠌ᠴᠢ ᠰᠢ᠎ᠶᠢᠨ ᠫᠢᠩ᠎ᠦᠨ ᠳᠤᠷᠠᠳᠤᠭ᠍ᠰᠠᠨ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ ᠨᠢ ᠳᠤᠮᠳᠠᠳᠤ ᠤᠯᠤᠰ᠎ᠤᠨ ᠬᠥᠭ᠌ᠵᠢᠯᠲᠡ ᠪᠣᠯᠤᠨ ᠳᠡᠯᠡᠬᠡᠢ᠎ᠶ᠋ᠢᠨ ᠬᠥᠭ᠌ᠵᠢᠯᠲᠡ᠎ᠶ᠋ᠢ ᠨᠢᠭ᠍ᠲᠠ ᠬᠠᠷᠢᠴᠠᠭ᠎ᠠ ᠲᠠᠢ ᠪᠤᠯᠭᠠᠵᠤ᠂ ᠳᠤᠮᠳᠠᠳᠤ ᠤᠯᠤᠰ᠎ᠤᠨ ᠲᠤᠰ ᠪᠡᠶ᠎ᠡ᠎ᠶ᠋ᠢᠨ ᠦᠢᠯᠡᠳᠦᠯᠭᠡ᠎ᠪᠡᠷ ᠥᠷᠭᠡᠨ ᠤᠯᠠᠨ ᠬᠥᠭ᠌ᠵᠢᠵᠦ᠍ ᠪᠠᠢᠭ᠎ᠠ ᠤᠯᠤᠰ᠎ᠤᠨ ᠣᠳᠣᠬᠢᠴᠢᠯᠠᠯᠲᠠ᠎ᠶ᠋ᠢᠨ ᠵᠠᠮ᠎ᠢᠶᠡᠨ ᠰᠦᠪᠡᠭ᠌ᠴᠢᠯᠡᠬᠦ᠌᠎ᠳᠦ ᠴᠣ ᠱᠢᠨ᠎ᠡ ᠰᠣᠩᠭᠣᠯᠲᠠ ᠬᠠᠩᠭᠠᠪᠠ᠃ ᠤᠢ᠍ᠢᠷ᠎ᠠ᠎ᠶ᠋ᠢᠨ ᠵᠢᠯ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠲᠡᠷᠢᠭᠦᠯᠡᠭ᠌ᠴᠢ ᠰᠢ᠎ᠶᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠎ᠶ᠋ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠴᠢᠩᠭ᠎ᠠ ᠠᠳᠭᠤᠵᠤ᠂ 《ᠵᠢᠷᠭᠤᠭ᠎ᠠ᠎ᠶ᠋ᠢ ᠪᠠᠷᠢᠮᠲᠠᠯᠠᠬᠤ》 ᠣᠢᠯᠠᠭᠠᠭ᠍ᠳᠠᠬᠤᠨ᠎ᠤ ᠵᠠᠷᠴᠢᠮ᠎ᠢ ᠳᠤᠮᠳᠠᠳᠤ ᠤᠯᠤᠰ᠎ᠤᠨ ᠤᠮᠠᠷᠠᠲᠤ᠎ᠶ᠋ᠢᠨ ᠡᠬᠡ ᠭᠠᠵᠠᠷ᠎ᠲᠤ ᠲᠤᠭᠤᠰᠢᠯᠠᠭᠤᠯᠤᠨ ᠨᠠᠢᠳᠠᠪᠤᠷᠢᠵᠢᠭᠤᠯᠵᠤ ᠦᠷ᠎ᠠ ᠪᠦᠳᠦᠮᠵᠢ ᠭᠠᠷᠭᠠᠬᠤ᠎ᠶᠢ ᠪᠦᠬᠦ᠌ ᠬᠦᠴᠦ᠍᠎ᠪᠡᠷ᠎ᠢᠶᠡᠨ ᠠᠬᠢᠭᠤᠯᠪᠠ᠃ ᠥᠪᠥᠷ ᠮᠣᠩᠭᠣᠯ ᠶᠠᠭ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠪᠥᠬᠥ᠌ ᠲᠠᠯ᠎ᠠ᠎ᠪᠠᠷ ᠠᠬᠢᠭᠤᠯᠵᠤ ᠪᠣᠶ᠂ ᠪᠢᠳᠡ ᠳᠤᠷᠠᠲᠠᠶ᠎ᠠ ᠣᠯᠠᠨ ᠤᠯᠤᠰ᠎ᠤᠨ ᠠᠷᠠᠳ᠎ᠤᠨ ᠪᠦᠯᠬᠦᠮ᠎ᠯᠦᠭᠡ ᠰᠣᠯᠢᠯᠴᠠᠭ᠎ᠠ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠣᠢᠯᠠᠭᠠᠯᠴᠠᠭ᠎ᠠ᠎ᠪᠠᠨ ᠨᠡᠮᠡᠭ᠌ᠳᠡᠭᠦᠯᠬᠦ᠌᠂ ᠨᠥᠬᠥᠷᠯᠡᠯ᠎ᠢᠶᠡᠨ ᠭᠦᠨᠵᠡᠭᠡᠢᠷᠡᠭᠦᠯᠬᠦ᠌ ᠳᠤᠮᠳᠠ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠬᠠᠮᠲᠤ᠎ᠪᠠᠷ ᠡᠳ᠋ᠯᠡᠵᠦ᠍᠂ ᠬᠥᠭ᠌ᠵᠢᠯ ᠴᠡᠴᠡᠭ᠌ᠯᠡᠯ᠎ᠦᠨ ᠢᠷᠡᠭᠡᠳᠦᠶ᠎ᠶ᠋ᠢ ᠬᠠᠮᠲᠤ᠎ᠪᠠᠷ ᠴᠣᠭ᠍ᠴᠠᠯᠠᠨ᠎ᠠ ᠭᠡᠪᠡ᠃
ᠡᠬᠢᠯᠡᠯᠲᠡ᠎ᠶ᠋ᠢᠨ ᠶᠣᠰᠣᠯᠠᠯ 《ᠵᠣᠴᠢᠨ ᠤᠭ᠍ᠲᠤᠬᠤ ᠪᠥᠵᠢᠭ》᠎ᠤᠨ ᠲᠤᠮᠳᠠ ᠬᠦᠰᠢᠭᠡ ᠪᠠᠨ ᠨᠡᠬᠡᠬᠡᠵᠤ᠂ ᠬᠤᠷᠠᠯ᠎ᠳᠤ ᠣᠷᠣᠯᠴᠠᠭ᠍ᠰᠠᠨ ᠵᠣᠴᠢᠳ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ 2030 ᠣᠨ᠎ᠤ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠥᠪᠯᠡᠬᠦ᠌ ᠵᠦᠶ᠋ᠯᠡᠰ᠎ᠢ ᠲᠤᠷᠠᠰᠬᠠᠬᠤ ᠸᠢᠳᠢᠣ᠋᠎ᠶ᠋ᠢ ᠰᠣᠨᠢᠷᠬᠠᠪᠠ᠃ ᠡᠬᠢᠯᠡᠯᠲᠡ᠎ᠶ᠋ᠢᠨ ᠶᠣᠰᠣᠯᠠᠯ ᠳᠡᠭᠡᠷ᠎ᠡ ᠪᠠᠰᠠ ᠭᠤᠤᠯ ᠰᠡᠳᠦᠪᠲᠦ ᠦᠵᠡᠭᠦᠯᠭᠡ ᠵᠢᠴᠢ ᠦᠷ᠎ᠡ ᠪᠦᠲᠦᠭᠡᠯ᠎ᠢ ᠨᠡᠢᠲᠡᠯᠡᠪᠡ᠃
ᠡᠬᠢᠯᠡᠯᠲᠡ᠎ᠶ᠋ᠢᠨ ᠶᠣᠰᠣᠯᠠᠯ ᠲᠡᠭᠦᠰᠦᠭ᠌ᠰᠡᠨ᠎ᠦ ᠳᠠᠷᠠᠭ᠎ᠠ᠂ ᠳᠤᠮᠳᠠᠳᠤ ᠭᠠᠳᠠᠭᠠᠳᠤ᠎ᠶ᠋ᠢᠨ ᠵᠣᠴᠢᠳ ᠪᠠᠭ᠎ᠠ ᠬᠡᠪᠴᠢᠶᠡᠨ᠎ᠤ ᠨᠠᠭᠠᠳᠤᠮ᠎ᠤᠨ ᠤᠨᠴᠠᠯᠢᠭ᠍ᠳᠤ ᠰᠣᠶᠣᠯ᠎ᠤᠨ ᠠᠵᠢᠯᠯᠠᠭ᠎ᠠ᠎ᠳᠤ ᠣᠷᠣᠯᠴᠠᠵᠤ᠂ ᠪᠦᠬᠡ ᠪᠠᠷᠢᠯᠳᠤᠬᠤ᠂ ᠮᠣᠷᠢ ᠤᠷᠤᠯᠳᠤᠬᠤ᠂ ᠰᠤᠷ ᠬᠠᠷᠪᠤᠬᠤ᠂ ᠮᠤᠷᠢᠨ ᠮᠡᠷᠭᠡᠵᠢᠯ ᠵᠡᠷᠭᠡ ᠠᠷᠠᠳ᠎ᠤᠨ ᠵᠠᠩ ᠦᠢᠯᠡ᠎ᠶ᠋ᠢᠨ ᠲᠣᠭ᠍ᠯᠠᠯᠲᠠ᠎ᠶ᠋ᠢ ᠰᠣᠨᠢᠷᠬᠠᠪᠠ᠃
ᠭᠷᠸᠨᠠᠳᠠᠶᠢᠨ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠢᠳ ᠮᠠ ᠶᠠᠨ᠂ ᠫᠠᠫᠦ᠋ᠶᠠ ᠱᠢᠨ᠎ᠡ ᠬᠢᠨ᠋ᠸᠶᠠ᠎ᠶᠢᠨ ᠫᠠᠨᠭᠦ᠋ ᠨᠠᠮ᠎ᠤᠨ ᠲᠡᠷᠢᠭᠦᠯᠡᠭ᠌ᠴᠢ ᠠᠢ᠌ᠯᠢᠵᠸᠯᠸᠢ·ᠰᠢᠨᠵᠢᠨ᠂ ᠮᠠᠯ᠎ᠢ᠎ᠶᠢᠨ ᠠᠹᠷᠢᠺᠠ ᠲᠢᠪ᠎ᠦᠨ ᠤᠯᠤᠰ᠎ᠤᠳ᠎ᠤᠨ ᠬᠣᠯᠪᠣᠭ᠎ᠠ᠎ᠶ᠋ᠢᠨ ᠠᠵᠤ ᠠᠬᠤᠢ ᠨᠡᠢᠭᠡᠮ ᠰᠣᠶᠣᠯ᠎ᠤᠨ ᠬᠡᠷᠡᠭ ᠡᠷᠬᠢᠯᠡᠭ᠌ᠴᠢᠳ᠎ᠦᠨ ᠬᠤᠷᠠᠯ᠎ᠤᠨ ᠲᠡᠷᠢᠭᠦᠯᠡᠭ᠌ᠴᠢ ᠯᠦᠶᠢᠰ·ᠱᠢᠰᠦᠢ᠍ᠧᠧᠺᠸ᠂ ᠸᠧᠨᠧᠽᠦᠢ᠍ᠧᠯᠠᠶ᠋ᠢᠨ ᠳᠤᠮᠳᠠᠳᠤ ᠤᠯᠤᠰ᠎ᠲᠤ ᠰᠠᠭᠤᠵᠤ ᠪᠠᠢᠭᠰᠠᠨ ᠤᠤᠯ᠎ᠤᠨ ᠡᠯᠴᠢᠨ ᠰᠠᠢᠳ ᠠᠢ᠌ᠷᠨᠠᠨᠳ᠋ᠸᠰ᠂ ᠳᠤᠮᠳᠠᠳᠤ ᠤᠯᠤᠰ᠎ᠤᠨ ᠠᠷᠠᠳ᠎ᠤᠨ ᠵᠣᠬᠢᠶᠠᠨ ᠪᠠᠢᠭᠤᠯᠤᠯᠲᠠ᠎ᠶ᠋ᠢᠨ ᠤᠯᠠᠨ ᠤᠯᠤᠰ᠎ᠤᠨ ᠰᠣᠯᠢᠯᠴᠠᠭ᠎ᠠ᠎ᠶ᠋ᠢ ᠠᠬᠢᠭᠤᠯᠬᠤ ᠨᠡᠢᠬᠡᠮᠯᠢᠭ᠎ᠤᠨ ᠳᠡᠳ᠋ ᠳᠠᠷᠤᠭ᠎ᠠ᠂ ᠪᠡᠭᠡᠵᠢᠩ ᠬᠤᠳᠠ᠎ᠶ᠋ᠢᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠼᠦᠢ ᠱᠤ᠌ ᠴᠢᠶᠠᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ᠂ ᠵᠠᠰᠠᠭ᠎ᠤᠨ ᠣᠷᠳᠣᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠬᠣᠯᠪᠣᠭ᠍ᠳᠠᠯ ᠪᠦᠬᠦᠢ ᠤᠳᠤᠷᠢᠳᠭᠤ ᠨᠥᠬᠥᠳ ᠠᠵᠢᠯᠯᠠᠭ᠎ᠠ᠎ᠳᠤ ᠣᠷᠣᠯᠴᠠᠵᠠᠢ᠃ ᠭᠠᠳᠠᠭᠠᠳᠤ᠎ᠶ᠋ᠢᠨ ᠬᠡᠰᠡᠭ ᠤᠯᠤᠰ ᠲᠦᠷᠦ᠍᠎ᠶ᠋ᠢᠨ ᠴᠢᠬᠤᠯᠠ ᠬᠥᠮᠦᠰ ᠪᠣᠯᠤᠨ ᠤᠤᠯ᠎ᠤᠨ ᠤᠯᠤᠰ ᠲᠦᠷᠦ᠍᠎ᠶ᠋ᠢᠨ ᠴᠢᠬᠤᠯᠠ ᠬᠥᠮᠦᠰ᠂ 《ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠎ᠶ᠋ᠢᠨ ᠨᠠᠢᠵᠠ᠎ᠶ᠋ᠢᠨ ᠳᠤᠭᠤᠢᠯᠠᠩ》᠎ᠤ᠋ᠨ ᠪᠦᠷᠢᠯᠳᠦᠬᠦᠨ ᠤᠯᠤᠰ ᠵᠢᠴᠢ ᠧᠦ᠋ᠷᠣᠫᠠ ᠠᠮᠧᠷᠢᠺᠠ᠎ᠶ᠋ᠢᠨ ᠬᠡᠰᠡᠭ ᠤᠯᠤᠰ᠎ᠤᠨ ᠨᠥᠯᠥᠭᠡᠯᠡᠬᠦ᠌ ᠬᠦᠴᠦᠨ᠎ᠪᠦᠬᠦᠢ ᠵᠠᠰᠠᠭ᠎ᠤᠨ ᠣᠷᠳᠣᠨ᠎ᠤ ᠪᠤᠰᠤ ᠵᠣᠬᠢᠶᠠᠨ ᠪᠠᠢᠭᠤᠯᠤᠯᠲᠠ᠂ ᠠᠵᠤ ᠠᠬᠤᠢᠯᠠᠯ᠂ ᠤᠶᠤᠨ᠎ᠤ ᠬᠥᠮᠥᠷᠭᠡ ᠪᠣᠯᠤᠨ ᠵᠠᠭᠤᠴᠢᠯᠠᠭᠤᠷ᠎ᠤᠨ ᠲᠥᠯᠥᠭᠡᠯᠡᠭ᠌ᠴᠢ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠪᠠᠢᠭᠤᠯᠤᠮᠵᠢ ᠵᠢᠴᠢ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ ᠬᠠᠷᠢᠭᠤᠴᠠᠯᠭᠠᠲᠠᠨ᠂ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠲᠥᠯᠥᠭᠡᠯᠡᠭ᠌ᠴᠢ᠂ ᠤᠯᠤᠰ᠎ᠤᠨ ᠳᠣᠲᠣᠭᠠᠳᠤ᠎ᠶ᠋ᠢᠨ ᠨᠡᠢᠭᠡᠮ᠎ᠦᠨ ᠵᠣᠬᠢᠶᠠᠨ ᠪᠠᠢᠭᠤᠯᠤᠯᠲᠠ᠂ ᠠᠵᠤ ᠠᠬᠤᠢᠯᠠᠯ᠂ ᠲᠤᠰᠭᠠᠢ ᠮᠡᠷᠭᠡᠵᠢᠯᠲᠡᠨ ᠡᠷᠳᠡᠮᠲᠡᠨ᠎ᠦ ᠲᠥᠯᠥᠭᠡᠯᠡᠭ᠌ᠴᠢ ᠶᠡᠬᠡ ᠬᠤᠷᠠᠯ᠎ᠳᠤ ᠣᠷᠣᠯᠴᠠᠪᠠ᠃
ᠬᠤᠷᠠᠯ᠎ᠡᠴᠡ ᠡᠮᠦᠨ᠎ᠡ᠂ ᠬᠤᠷᠠᠯ᠎ᠳᠤ ᠣᠷᠣᠯᠴᠠᠭ᠍ᠰᠠᠳ ᠬᠠᠮᠲᠤ᠎ᠶ᠋ᠢᠨ ᠰᠡᠭᠦᠳᠡᠷ ᠲᠠᠲᠠᠵᠤ ᠳᠤᠷᠠᠰᠭᠠᠯ ᠦᠯᠡᠳᠡᠭᠡᠪᠡ᠃
ᠬᠣᠶᠠᠳᠤᠭᠠᠷ ᠬᠤᠭᠤᠴᠠᠭᠠᠨ᠎ᠤ ᠤᠯᠠᠨ ᠤᠯᠤᠰ᠎ᠤᠨ ᠠᠷᠠᠳ᠎ᠤᠨ ᠪᠦᠯᠬᠦᠮ᠎ᠤᠨ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠵᠢᠨ ᠰᠠᠨᠠᠭᠠᠴᠢᠯᠠᠭ᠎ᠠ᠎ᠶᠢ ᠬᠠᠮᠳᠦ᠎ᠪᠠᠷ ᠨᠠᠢᠳᠠᠪᠤᠷᠢᠵᠢᠭᠤᠯᠬᠤ ᠰᠣᠯᠢᠯᠴᠠᠭ᠎ᠠ᠎ᠶᠢᠨ ᠶᠡᠬᠡ ᠬᠤᠷᠠᠯ᠎ᠢ ᠳᠤᠮᠳᠠᠳᠤ ᠤᠯᠤᠰ᠎ᠤᠨ ᠠᠷᠠᠳ᠎ᠤᠨ ᠵᠣᠬᠢᠶᠠᠨ ᠪᠠᠢᠭᠤᠯᠤᠯᠲᠠ᠎ᠶ᠋ᠢᠨ ᠤᠯᠠᠨ ᠤᠯᠤᠰ᠎ᠤᠨ ᠰᠣᠯᠢᠯᠴᠠᠭ᠎ᠠ᠎ᠶ᠋ᠢ ᠠᠬᠢᠭᠤᠯᠬᠤ ᠨᠡᠢᠬᠡᠮᠯᠢᠭ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠠᠮᠲᠤ᠎ᠪᠠᠷ ᠭᠣᠣᠯᠯᠠᠨ ᠡᠷᠬᠢᠯᠡᠵᠦ᠍᠂ 《ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠬᠠᠮᠲᠤ᠎ᠪᠠᠷ ᠡᠳ᠋ᠯᠡᠵᠦ᠍᠂ ᠬᠥᠭ᠌ᠵᠢᠯ ᠴᠡᠴᠡᠭ᠌ᠯᠡᠯ᠎ᠦᠨ ᠢᠷᠡᠭᠡᠳᠦᠢ᠎ᠶ᠋ᠢ ᠬᠠᠮᠲᠤ᠎ᠪᠠᠷ ᠨᠡᠬᠡᠬᠡᠨ ᠡᠬᠦᠳᠦᠶ᠎ᠠ》 ᠬᠡᠬᠦ᠎ᠪᠠᠷ ᠭᠣᠣᠯ ᠰᠡᠳᠦᠪ ᠪᠣᠯᠭᠠᠵᠤ᠂ 9 ᠰᠠᠷ᠎ᠠ᠎ᠶ᠋ᠢᠨ 9᠎ᠤ᠋ ᠡᠳᠦᠷ᠎ᠡᠴᠡ 11᠎ᠤ᠋ ᠡᠳᠦᠷ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠳᠤ ᠶᠠᠪᠤᠬᠳᠠᠬᠤ ᠪᠤᠯᠤᠨ᠎ᠠ᠃ ᠶᠡᠬᠡ ᠬᠤᠷᠠᠯ᠎ᠳᠤ ᠡᠬᠢᠯᠡᠯᠲᠡ᠎ᠶ᠋ᠢᠨ ᠶᠣᠰᠣᠯᠠᠯ᠂ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠵᠣᠯᠭᠠᠭᠤᠯᠬᠤ ᠬᠤᠷᠠᠯ᠂ ᠣᠢᠯᠠᠭᠠᠭ᠍ᠳᠠᠬᠤᠨ᠎ᠤ ᠰᠣᠯᠢᠯᠴᠠᠭ᠎ᠠ᠎ᠶᠢᠨ ᠬᠤᠷᠠᠯ ᠵᠡᠷᠭᠡ ᠭᠣᠭ᠍ᠴᠣᠭ᠎ᠠ᠎ᠶᠢ ᠪᠠᠭ᠍ᠲᠠᠭᠠᠨ᠎ᠠ᠃