ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠤᠤ ᠴᠧᠩ ᠮᠢᠩ ᠶᠠᠩ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠵᠠᠩ ᠴᠤᠸᠠᠨ ᠸᠧᠶ᠎ᠲᠡᠶ ᠠᠭᠤᠯᠵᠠᠪᠠ
ᠨᠡᠶ᠋ᠢᠲᠡᠯᠡᠭᠰᠡᠨ ᠴᠠᠭ᠄ 2025-09-12

 

9 ᠰᠠᠷ᠎ᠠ᠎ᠶ᠋ᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ ᠰᠦᠨ ᠱᠤᠤ ᠴᠧᠩ ᠬᠥᠬᠡᠬᠣᠲᠠ᠎ᠳᠤ ᠮᠢᠩ ᠶᠠᠩ ᠪᠦᠯᠦᠭ᠌ᠯᠡᠯ᠎ᠦᠨ ᠨᠠᠮ᠎ᠤᠨ ᠬᠤᠷᠢᠶ᠎ᠠ᠎ᠶᠢᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠵᠠᠩ ᠴᠤᠸᠠᠨ ᠸᠧᠶ᠎ᠲᠡᠶ ᠠᠭᠤᠯᠵᠠᠪᠠ᠃

ᠰᠦᠨ ᠱᠤᠤ ᠴᠧᠩ ᠵᠠᠩ ᠴᠤᠸᠠᠨ ᠸᠧᠢ᠎ᠨᠡᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠪᠡ᠃ ᠲᠡᠷᠡ᠂ ᠣᠳᠣᠬᠠᠨ᠎ᠳᠤ᠂ ᠥᠪᠥᠷ ᠮᠣᠩᠭᠣᠯ ᠶᠠᠭ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ᠂ ᠱᠢᠨ᠎ᠡ ᠡᠨᠧᠷᠭᠢ᠎ᠶ᠋ᠢ ᠶᠡᠬᠡ᠎ᠪᠡᠷ ᠬᠥᠭ᠌ᠵᠢᠭᠦᠯᠬᠦ᠌᠎ᠪᠡᠷ ᠬᠦᠴᠦᠯᠡᠬᠦ ᠴᠡᠭ ᠪᠣᠯᠭᠠᠵᠤ᠂ ᠠᠵᠤ ᠦᠢᠯᠡᠰ᠎ᠦᠨ ᠪᠦᠲᠦᠴᠡ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠲᠦᠷᠭᠡᠳᠭᠡᠨ ᠠᠬᠢᠭᠤᠯᠵᠤ ᠪᠠᠢᠨ᠎ᠠ᠃ ᠮᠢᠩ ᠶᠠᠩ ᠪᠦᠯᠦᠭ᠌ᠯᠡᠯ ᠥᠪᠥᠷ ᠮᠣᠩᠭᠣᠯ᠎ᠳᠤ ᠤᠯᠠᠨ ᠵᠢᠯ ᠭᠦᠨ ᠦᠨᠳᠦᠰᠦᠯᠡᠵᠦ᠂ ᠣᠷᠳᠣ ᠬᠤᠭᠤᠴᠠᠭᠠᠨ᠎ᠤ ᠲᠤᠷᠰᠢ ᠮᠠᠨ᠎ᠤ ᠣᠷᠣᠨ᠎ᠲᠠᠶ ᠰᠠᠢᠨ ᠰᠠᠢᠬᠠᠨ ᠬᠠᠮᠲᠤᠷᠠᠯᠴᠠᠭᠠᠨ᠎ᠤ ᠬᠠᠷᠢᠴᠠᠭ᠎ᠠ᠎ᠪᠠᠨ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠡᠨᠧᠷᠭᠢ᠎ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠳᠦ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠬᠣᠶᠠᠷ ᠲᠠᠯ᠎ᠠ᠎ᠪᠠᠷ᠎ᠢᠶᠠᠨ ᠤᠯᠤᠯᠴᠠᠭ᠎ᠠ ᠵᠣᠯᠭᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠪᠣᠬᠢᠷᠲᠤᠯ ᠦᠭᠡᠢ ᠤᠰᠤᠲᠥ᠋ᠷᠥᠭ᠌ᠴᠢ᠂ ᠡᠨᠧᠷᠭᠢ ᠨᠦᠬᠡᠴᠡᠯᠡᠬᠦ ᠵᠡᠷᠭᠡ ᠬᠦᠷᠢᠶᠡᠨ᠎ᠦ ᠲᠣᠭᠣᠷᠢᠨ᠎ᠳᠤ ᠨᠡᠩ ᠤᠯᠠᠨ ᠬᠠᠮᠲᠤᠷᠠᠯᠴᠠᠭᠠᠨ᠎ᠤ ᠲᠦᠷᠦᠯ ᠵᠦᠢᠯ᠎ᠢ ᠰᠦᠪᠡᠭ᠌ᠴᠢᠯᠡᠨ ᠬᠡᠷᠡᠭ᠌ᠵᠢᠭᠦᠯᠵᠦ᠍᠂ ᠬᠢᠵᠤ ᠲᠡᠢᠯᠬᠦ᠎ᠶᠢ ᠨᠢ ᠱᠠᠯᠠᠪᠳᠠᠨ ᠬᠢᠵᠤ᠂ ᠪᠤᠯᠤᠮᠵᠢ ᠲᠠᠢ ᠲᠦᠰᠦᠬᠡᠯᠡᠯ᠎ᠢᠶᠠᠨ ᠠᠯᠢ ᠲᠦᠷᠭᠡᠨ᠎ᠢᠶᠡᠷ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠭᠠᠬᠤ᠎ᠶ᠋ᠢ ᠬᠦᠰᠡᠵᠦ᠍ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ ᠮᠢᠩ ᠶᠠᠩ ᠪᠦᠯᠦᠭ᠌ᠯᠡᠯ᠎ᠳᠦ ᠪᠦᠬᠦ᠌ ᠬᠦᠴᠦᠨ᠎ᠢᠶᠡᠷ᠎ᠢᠶᠡᠨ ᠦᠢᠯᠡᠴᠢᠯᠡᠭᠡ ᠪᠠᠲᠤᠯᠠᠭ᠎ᠠ᠎ᠶᠢ ᠰᠠᠢᠳᠤᠷ ᠬᠠᠩᠭᠠᠬᠤ ᠬᠡᠷᠡᠭᠳᠡᠢ ᠭᠡᠪᠡ᠃

ᠵᠠᠩ ᠴᠤᠸᠠᠨ ᠸᠧᠶ ᠮᠢᠩ ᠶᠠᠩ ᠪᠦᠯᠦᠭ᠌ᠯᠡᠯ᠎ᠦᠨ ᠥᠪᠥᠷ ᠮᠣᠩᠭᠣᠯ᠎ᠳᠠᠬᠢ ᠬᠥᠭ᠌ᠵᠢᠯᠲᠡ᠎ᠶ᠋ᠢᠨ ᠪᠠᠢᠳᠠᠯ ᠪᠣᠯᠤᠨ ᠢᠷᠡᠭᠡᠳᠦᠶ᠎ᠶ᠋ᠢᠨ ᠪᠠᠢᠷᠢᠯᠠᠭᠤᠯᠤᠯᠲᠠ᠎ᠶ᠋ᠢᠨ ᠲᠥᠯᠥᠪᠵᠢᠭᠦᠯᠭᠡ᠎ᠶ᠋ᠢ ᠲᠠᠨᠢᠯᠴᠠᠭᠤᠯᠪᠠ᠃ ᠲᠡᠷᠡ᠂ ᠮᠢᠩ ᠶᠠᠩ ᠱᠢᠨ᠎ᠡ ᠡᠨᠧᠷᠭᠢ᠎ᠶ᠋ᠢᠨ ᠬᠠᠭᠤᠷᠠᠢ᠎ᠲᠡᠭᠡᠷᠡᠬᠢ ᠲᠣᠨᠣᠭ᠍ᠯᠠᠯ᠎ᠤᠨ ᠶᠡᠷᠦᠩᠬᠡᠢ ᠭᠠᠵᠠᠷ᠎ᠤᠨ ᠪᠦᠯᠦᠭ᠌ᠯᠡᠯ ᠨᠢᠭᠡᠨᠲᠡ ᠬᠡᠪᠴᠢᠶᠡᠵᠢᠭ᠌ᠰᠡᠨ᠂ ᠪᠦᠯᠦᠭ᠌ᠵᠢᠭ᠌ᠰᠡᠨ᠂ ᠳᠡᠭᠡᠳᠦ ᠲᠡᠰᠵᠢᠭ᠌ᠰᠡᠨ ᠬᠥᠭ᠌ᠵᠢᠯᠲᠡ᠎ᠶ᠋ᠢ ᠪᠡᠶᠡᠯᠡᠭᠦᠯᠵᠦ᠍᠂ ᠵᠢᠯ᠎ᠦᠨ ᠦᠢᠯᠡᠳᠬᠦᠨ᠎ᠦ ᠦᠷᠳᠡᠭ ᠵᠠᠭᠤᠨ ᠳ᠋ᠦᠩᠱᠢᠭᠤᠷ ᠲᠥᠭᠥᠷᠢᠭ᠎ᠢ ᠳᠠᠪᠠᠪᠠ᠃ ᠮᠢᠩ ᠶᠠᠩ ᠪᠦᠯᠦᠭ᠌ᠯᠡᠯ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭ᠍ᠯᠠᠯ᠎ᠤᠨ ᠠᠵᠤ ᠦᠢᠯᠡᠰ᠎ᠦᠨ ᠬᠡᠯᠬᠢᠶ᠎ᠡ᠎ᠶ᠋ᠢᠨ 《ᠬᠡᠯᠬᠢᠶ᠎ᠡ᠎ᠶᠢᠨ ᠭᠤᠤᠯᠯᠠᠭᠴᠢ》 ᠪᠤᠯᠬᠤ ᠳᠠᠪᠠᠭᠤᠯᠢᠭ᠎ᠢᠶᠠᠨ ᠦᠷᠭᠦᠯᠵᠢᠯᠡᠨ ᠪᠠᠳᠠᠷᠠᠭᠤᠯᠵᠤ᠂ ᠣᠷᠣᠨ ᠨᠤᠲᠤᠭ᠎ᠤᠨ ᠬᠡᠷᠡᠭ᠌ᠴᠡᠭᠡ ᠪᠣᠯᠤᠨ ᠠᠵᠤ ᠠᠬᠤᠢᠯᠠᠯ᠎ᠤᠨ ᠴᠢᠳᠠᠪᠤᠷᠢ᠎ᠶᠢ ᠤᠶᠠᠯᠳᠤᠭᠤᠯᠵᠤ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ ᠵᠡᠷᠭᠡ ᠬᠦᠷᠢᠶᠡᠨ᠎ᠳᠦ ᠨᠡᠩ ᠤᠯᠠᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠬᠥᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠦ ᠨᠡᠩ ᠤᠯᠠᠨ ᠬᠥᠳᠡᠯᠭᠡᠬᠦ᠌ ᠬᠦᠴᠦᠨ ᠨᠡᠮᠡᠷᠢᠯᠡᠬᠦ᠌᠎ᠪᠡᠷ ᠴᠢᠷᠮᠠᠢᠨ᠎ᠠ ᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠱᠢᠨ᠂ ᠮᠢᠩ ᠶᠠᠩ ᠪᠦᠯᠦᠭ᠌ᠯᠡᠯ᠎ᠦᠨ ᠳᠡᠭᠡᠳᠦ ᠵᠡᠷᠭᠡ᠎ᠶ᠋ᠢᠨ ᠳᠡᠳ᠋ ᠶᠡᠷᠦᠩᠬᠡᠢ ᠵᠠᠬᠢᠷᠤᠯ᠂ ᠬᠠᠭᠤᠷᠠᠢ᠎ᠲᠡᠭᠡᠷᠡᠬᠢ ᠲᠣᠨᠣᠭ᠍ᠯᠠᠯ᠎ᠤᠨ ᠶᠡᠷᠦᠩᠬᠡᠢ ᠭᠠᠵᠠᠷ᠎ᠤᠨ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠵᠠᠩ ᠵᠦᠩ ᠬᠠᠢ ᠠᠭᠤᠯᠵᠠᠯᠲᠠ᠎ᠳᠤ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ