9 ᠰᠠᠷ᠎ᠠ᠎ᠶ᠋ᠢᠨ 9᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠰᠦᠨ ᠱᠤᠤ ᠴᠧᠩ ᠬᠥᠬᠡᠬᠣᠲᠠ᠎ᠳᠤ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠨᠠᠢ᠍ᠮᠠᠳᠡᠬᠢ ᠨᠠᠷᠢᠨ ᠪᠢᠴᠢᠭ᠎ᠦᠨ ᠳᠠᠷᠤᠭ᠎ᠠ ᠫᠠᠨ ᠵᠶ᠋ᠢ ᠸᠸᠨ ᠲᠠᠢ ᠠᠭᠤᠯᠵᠠᠪᠠ᠃


ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠫᠠᠨ ᠵᠶ᠋ᠢ ᠸᠸᠨ ᠨᠠᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠫᠠᠨ ᠵᠶ᠋ᠢ ᠸᠸᠨ᠎ᠤ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ᠂ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠭᠠᠷᠭᠠᠭ᠍ᠰᠠᠨ ᠴᠢᠷᠮᠠᠢᠯᠭ᠎ᠠ ᠪᠣᠯᠤᠨ ᠬᠤᠪᠢ ᠨᠡᠮᠡᠷᠢ᠎ᠶ᠋ᠢ ᠮᠠᠭ᠍ᠲᠠᠨ ᠰᠠᠢᠱᠢᠶᠠᠭ᠍ᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠤ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ ᠵᠠᠰᠠᠭ᠍ᠰᠠᠨ ᠵᠡᠷᠭᠡ ᠪᠠᠢᠳᠠᠯ᠎ᠢ ᠭᠣᠣᠯᠳᠠᠯᠭ᠎ᠠ᠎ᠲᠠᠶ ᠲᠠᠨᠢᠯᠴᠠᠭᠤᠯᠪᠠ᠃ ᠲᠡᠷᠡ᠂ ᠥᠪᠥᠷ ᠮᠣᠩᠭᠣᠯ᠎ᠤᠨ ᠠᠮᠢ ᠠᠬᠤᠢ᠎ᠶ᠋ᠢᠨ ᠡᠯᠧᠮᠧᠨ᠋ᠲ ᠪᠦᠷᠢᠨ᠂ ᠠᠮᠢ ᠠᠬᠤᠢ᠎ᠶ᠋ᠢᠨ ᠪᠠᠢᠷᠢ ᠰᠠᠭᠤᠷᠢ ᠴᠢᠬᠤᠯᠠ ᠶᠤᠮ᠂ ᠲᠡᠷᠢᠭᠦᠯᠡᠭ᠌ᠴᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢᠨ ᠨᠢᠭᠡ ᠪᠣᠯ ᠳᠠᠷᠤᠢ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠢᠭᠤᠯᠬᠤ ᠶᠠᠪᠤᠳᠠᠯ ᠪᠣᠯᠤᠨ᠎ᠠ᠃ ᠪᠢᠳᠡ ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ ᠵᠠᠰᠠᠬᠤ᠎ᠶ᠋ᠢ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠭᠤᠤᠯᠳᠠᠯᠭ᠎ᠠ᠎ᠶ᠋ᠢᠨ ᠳᠣᠲᠣᠷᠠᠬᠢ ᠭᠤᠤᠯᠳᠠᠯᠭ᠎ᠠ ᠪᠣᠯᠭᠠᠬᠤ᠎ᠶᠢ ᠪᠠᠷᠢᠮᠳᠠᠯᠠᠵᠤ᠂ 《ᠤᠮᠠᠷᠠᠲᠤ᠎ᠶ᠋ᠢᠨ ᠭᠤᠷᠪᠠᠨ ᠣᠷᠣᠨ》᠎ᠦ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠪᠠ ᠰᠠᠯᠬᠢᠨ ᠬᠦᠴᠤᠨ ᠤ ᠴᠠᠬᠢᠯᠭᠠᠨ ᠬᠡᠷᠡᠯᠴᠢ ᠴᠡᠨᠡᠭ᠎ᠢ ᠨᠢᠭᠡ ᠴᠤᠬ᠍ᠴᠠᠵᠢᠭᠤᠯᠬᠤ ᠢᠨᠵᠧᠨᠧᠷᠢᠩ᠎ᠢ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ ᠴᠦᠯᠯᠡᠷᠭᠡᠭ᠌ᠵᠢᠯ᠎ᠢ ᠵᠠᠰᠠᠬᠤ ᠠᠵᠢᠯ ᠢᠳᠡᠪᠬᠢᠲᠡᠶ ᠦᠷ᠎ᠡ ᠪᠦᠲᠦᠮᠵᠢ ᠤᠯᠪᠠ᠃ ᠥᠪᠥᠷ ᠮᠣᠩᠭᠣᠯ ᠪᠣᠯ ᠬᠢᠯᠢ ᠳᠠᠭᠠᠤ᠎ᠶᠢᠨ ᠮᠤᠵᠢ ᠣᠷᠣᠨ ᠪᠣᠯᠤᠨ᠎ᠠ᠂ ᠶᠠᠭ ᠥᠨᠳᠥᠷ ᠲᠦᠪᠱᠢᠨ ᠪᠥᠬᠥᠶ ᠨᠡᠭᠡᠭᠡᠯᠲᠡ᠎ᠪᠡᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠴᠢᠷᠮᠠᠢᠵᠤ ᠪᠠᠢᠨ᠎ᠠ᠂ ᠪᠢᠳᠡ ᠳᠤᠷᠠᠲᠠᠶ᠎ᠠ ᠡᠯ᠎ᠡ ᠲᠠᠯᠠᠶ᠋ᠢᠨᠬᠢᠨᠯᠤᠭᠡ ᠤᠯᠤᠯᠴᠠᠭ᠎ᠠ ᠬᠠᠷᠢᠯᠴᠠᠭ᠎ᠠ᠎ᠪᠠᠨ ᠴᠢᠩᠭᠠᠳᠭᠠᠵᠤ᠂ ᠬᠠᠷᠢᠯᠴᠠᠨ ᠠᠱᠢᠭ᠍ᠲᠠᠶ ᠬᠠᠮᠲᠤᠷᠠᠯᠴᠠᠭ᠎ᠠ ᠬᠢᠬᠦ᠌ ᠳᠤᠮᠳᠠ ᠨᠡᠭᠡᠭᠡᠯᠲᠡ᠎ᠶ᠋ᠢᠨ ᠲᠦᠪᠱᠢᠨ᠎ᠢᠶᠡᠨ ᠳᠡᠭᠡᠭ᠌ᠰᠢᠯᠡᠭᠦᠯᠦᠨ᠎ᠡ᠃ ᠫᠠᠨ ᠵᠶ᠋ᠢ ᠸᠸᠨ ᠠᠪᠤᠭᠠᠢ ᠪᠣᠯᠤᠨ ᠬᠦᠷᠦᠯᠴᠡᠨ ᠢᠷᠡᠭ᠌ᠰᠡᠨ ᠵᠣᠴᠢᠳ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠲᠤᠬᠠᠢ ᠢᠯᠡᠭᠦᠬᠡᠨ ᠠᠩᠬᠠᠷᠴᠤ᠌᠂ ᠢᠯᠡᠭᠦᠬᠡᠨ ᠣᠢᠯᠠᠭᠠᠵᠤ᠂ ᠡᠷᠬᠢᠮ ᠨᠠᠨᠳᠢᠨ ᠰᠠᠨᠠᠯ ᠰᠠᠨᠠᠭᠤᠯᠭ᠎ᠠ ᠢᠯᠡᠭᠦᠬᠡᠨ ᠳᠤᠷᠠᠳᠭᠤ᠎ᠶ᠋ᠢ ᠬᠦᠰᠡᠵᠦ᠍ ᠪᠠᠢᠨ᠎ᠠ ᠭᠡᠪᠡ᠃
ᠫᠠᠨ ᠵᠶ᠋ᠢ ᠸᠸᠨ ᠬᠣᠶᠠᠳᠤᠭᠠᠷ ᠬᠤᠭᠤᠴᠠᠭᠠᠨ᠎ᠤ ᠤᠯᠠᠨ ᠤᠯᠤᠰ᠎ᠤᠨ ᠠᠷᠠᠳ᠎ᠤᠨ ᠪᠦᠯᠬᠦᠮ᠎ᠤᠨ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠵᠢᠨ ᠰᠠᠨᠠᠭᠠᠴᠢᠯᠠᠭ᠎ᠠ᠎ᠶᠢ ᠬᠠᠮᠲᠤ᠎ᠪᠠᠷ ᠨᠠᠢᠳᠠᠪᠤᠷᠢᠵᠢᠭᠤᠯᠬᠤ ᠰᠣᠯᠢᠯᠴᠠᠭ᠎ᠠ᠎ᠶᠢᠨ ᠶᠡᠬᠡ ᠬᠤᠷᠠᠯ ᠬᠤᠷᠠᠯᠳᠤᠭ᠍ᠰᠠᠨ᠎ᠳᠤ ᠪᠠᠶᠠᠷ ᠬᠦᠷᠭᠡᠵᠦ᠍ ᠪᠠᠢᠬᠤ᠎ᠪᠠᠨ ᠢᠯᠡᠳᠭᠡᠪᠡ᠃ ᠲᠡᠷᠡ᠂ ᠲᠦᠷᠦᠭᠦᠬᠡᠨ ᠲᠡᠷᠢᠭᠦᠯᠡᠭ᠌ᠴᠢ ᠰᠢ ᠵᠢᠨ ᠫᠢᠩ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠳᠤᠷᠠᠳᠪᠠ᠂ ᠡᠨᠡ ᠪᠣᠯ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠠᠮᠤᠷ ᠲᠦᠪᠱᠢᠨ᠎ᠦ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠎ᠶ᠋ᠢᠨ ᠳᠠᠷᠠᠭᠠᠬᠢ ᠳᠤᠮᠳᠠᠳᠤ ᠤᠯᠤᠰ᠎ᠤᠨ ᠳᠡᠯᠡᠬᠡᠢ ᠨᠡᠢᠭᠡᠮ᠎ᠤ᠋ᠨ ᠬᠢᠨ᠎ᠳᠤ ᠬᠠᠩᠭᠠᠭ᠍ᠰᠠᠨ ᠪᠠᠰᠠ ᠨᠢᠭᠡᠨ ᠴᠢᠬᠤᠯᠠ ᠤᠯᠠᠨ ᠨᠡᠢᠲᠡ᠎ᠶ᠋ᠢᠨ ᠦᠢᠯᠡᠳᠬᠦᠨ ᠪᠣᠯᠤᠨ᠎ᠠ᠃ ᠳᠤᠮᠳᠠᠳᠤ ᠤᠯᠤᠰ᠎ᠤᠨ ᠡᠯ᠎ᠡ ᠭᠠᠵᠠᠷ᠎ᠤᠨ ᠴᠡᠴᠡᠭ᠌ᠯᠡᠨ ᠬᠥᠭ᠌ᠵᠢᠵᠦ᠍ ᠪᠠᠢᠭ᠎ᠠ ᠳᠦᠷᠰᠦ ᠪᠠᠢᠳᠠᠯ᠎ᠢ ᠬᠠᠷᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳᠦᠷ᠎ᠡᠴᠡ ᠡᠳᠦᠷ ᠥᠭᠡᠳᠡᠯᠡᠨ ᠬᠥᠭ᠌ᠵᠢᠵᠦ᠍ ᠪᠠᠢᠭ᠎ᠠ ᠬᠥᠭ᠌ᠵᠢᠯᠲᠡ᠎ᠶ᠋ᠢᠨ ᠡᠷᠴᠢ ᠵᠣᠷᠢᠭ᠎ᠢ ᠮᠡᠳᠡᠷᠡᠵᠤ ᠪᠢ ᠮᠠᠰᠢ ᠪᠠᠶᠠᠷᠯᠠᠵᠤ ᠪᠠᠢᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠤᠯᠪᠤᠬᠳᠠᠯ ᠪᠦᠬᠦᠢ ᠤᠯᠠᠨ ᠤᠯᠤᠰ᠎ᠤᠨ ᠠᠷᠠᠳ᠎ᠤᠨ ᠪᠦᠯᠬᠦᠮ᠎ᠯᠦᠭᠡ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠠᠭᠤᠷ ᠠᠮᠢᠰᠭᠤᠯ᠎ᠤᠨ ᠬᠤᠪᠢᠷᠠᠯᠲᠠ᠂ ᠵᠠᠯᠠᠭᠤᠴᠤᠳ ᠪᠣᠯᠤᠨ ᠡᠮᠡᠭ᠌ᠲᠡᠢᠴᠦᠳ᠎ᠦᠨ ᠬᠥᠭ᠌ᠵᠢᠯᠲᠡ᠎ᠶ᠋ᠢ ᠨᠡᠩ ᠴᠢᠬᠤᠯᠠᠴᠢᠯᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ 2030 ᠣᠨ᠎ᠤ ᠦᠷᠭᠦᠯᠵᠢᠯᠡᠬᠦ᠌ ᠬᠥᠭ᠌ᠵᠢᠯᠲᠡ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠵᠦ᠍ ᠪᠠᠢᠨ᠎ᠠ ᠭᠡᠪᠡ᠃
ᠳᠤᠮᠳᠠᠳᠤ ᠤᠯᠤᠰ᠎ᠤᠨ ᠠᠷᠠᠳ᠎ᠤᠨ ᠵᠣᠬᠢᠶᠠᠨ ᠪᠠᠢᠭᠤᠯᠤᠯᠲᠠ᠎ᠶ᠋ᠢᠨ ᠤᠯᠠᠨ ᠤᠯᠤᠰ᠎ᠤᠨ ᠰᠣᠯᠢᠯᠴᠠᠭ᠎ᠠ᠎ᠶ᠋ᠢ ᠠᠬᠢᠭᠤᠯᠬᠤ ᠨᠡᠢᠭᠡᠮᠯᠢᠭ᠎ᠦᠨ ᠳᠡᠳ᠋ ᠳᠠᠷᠤᠭ᠎ᠠ ᠯᠢ ᠵᠢᠶᠦ᠋ᠨ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠳᠤ ᠪᠠᠢᠩᠭᠤ ᠰᠠᠭᠤᠭ᠎ᠠ ᠺᠣᠷᠢᠶᠠ᠎ᠶ᠋ᠢᠨ ᠤᠤᠯ᠎ᠤᠨ ᠲᠥᠯᠥᠭᠡᠯᠡᠭ᠌ᠴᠢ᠎ᠶ᠋ᠢᠨ ᠱᠣ᠌᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠱᠢᠨ ᠠᠭᠤᠯᠵᠠᠯᠲᠠ᠎ᠳᠤ ᠣᠷᠣᠯᠴᠠᠵᠠᠢ᠃