9 ᠰᠠᠷ᠎ᠠ᠎ᠶ᠋ᠢᠨ 12᠎ᠦᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠭᠠᠳᠠᠭᠠᠳᠤ ᠶᠠᠪᠤᠳᠠᠯ ( ᠱᠢᠶᠠᠩᠭᠠᠩ ᠣᠣᠮᠧᠨ )᠎ᠤᠨ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ ᠰᠦᠨ ᠱᠤᠤ ᠴᠧᠩ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠤ᠂ ᠰᠢ ᠵᠢᠨ ᠫᠢᠩ᠎ᠦᠨ ᠭᠠᠳᠠᠭᠠᠳᠤ ᠬᠠᠷᠢᠯᠴᠠᠭᠠᠨ᠎ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠲᠥᠪ᠎ᠦᠨ ᠬᠦᠷᠰᠢ ᠵᠡᠷᠭᠡᠯᠡᠳᠡᠭᠡ᠎ᠶᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠭᠠᠳᠠᠭᠠᠳᠤ ᠶᠠᠪᠤᠳᠠᠯ ᠵᠢᠴᠢ ᠱᠢᠶᠠᠩᠭᠠᠩ ᠣᠣᠮᠧᠨ᠎ᠦ ᠠᠵᠢᠯ᠎ᠢ ᠴᠢᠬᠤᠯᠠ ᠪᠠᠢᠷᠢᠨ᠎ᠳᠤ ᠲᠠᠯᠪᠢᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ ᠪᠣᠯᠤᠨ ᠤᠯᠤᠰ᠎ᠤᠨ ᠤᠮᠠᠷᠠᠰᠢ ᠨᠡᠭᠡᠭᠡᠯᠳᠠ ᠬᠢᠬᠦ᠌ ᠴᠢᠬᠤᠯᠠ ᠪᠡᠬᠢᠯᠡᠯᠲᠡ᠎ᠶ᠋ᠢ ᠪᠦᠳᠦᠭᠡᠨ ᠪᠠᠢᠭᠤᠯᠬᠤ ᠡᠭᠦᠷᠭᠡ᠎ᠶ᠋ᠢ ᠴᠢᠩᠭ᠎ᠠ ᠡᠵᠡᠮᠳᠡᠵᠦ᠍᠂ ᠬᠦᠷᠰᠢ ᠵᠡᠷᠭᠡᠯᠡᠳᠡᠭᠡ᠎ᠶᠢ ᠲᠤᠪᠤᠢ᠌ᠯᠭᠠᠵᠤ᠂ ᠪᠦᠬᠦ᠌ ᠪᠥᠮᠪᠥᠷᠴᠡᠭ᠎ᠲᠦ ᠬᠠᠨᠳᠤᠭᠤᠯᠵᠤ᠂ ᠳᠣᠲᠣᠭᠠᠳᠤ ᠭᠠᠳᠠᠭᠠᠳᠤ ᠬᠣᠯᠪᠣᠭᠠᠯᠠᠨ ᠬᠥᠳᠡᠯᠦᠯᠴᠡᠭ᠌ᠰᠡᠨ ᠠᠵᠢᠯ᠎ᠤᠨ ᠪᠠᠢᠷᠢᠱᠢᠯ᠎ᠢ ᠲᠦᠷᠭᠡᠨ ᠴᠣᠭ᠍ᠴᠠᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
工作会议召开孙绍骋出席并讲话11.jpg)
工作会议召开孙绍骋出席并讲话22.jpg)
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ ᠬᠤᠷᠠᠯ᠎ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠂ ᠵᠠᠰᠠᠭ᠎ᠤᠨ ᠣᠷᠳᠣᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠬᠣᠯᠪᠣᠭ᠍ᠳᠠᠯ ᠪᠦᠬᠦᠢ ᠤᠳᠤᠷᠢᠳᠭᠤ ᠨᠥᠬᠥᠳ ᠬᠤᠷᠠᠯ᠎ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠶᠠᠩ᠎ᠶᠢᠨ ᠪᠥᠬᠥ᠌ ᠣᠷᠣᠨ᠎ᠤ ᠭᠠᠳᠠᠭᠠᠳᠤ ᠶᠠᠪᠤᠳᠠᠯ᠂ ᠱᠢᠶᠠᠩᠭᠠᠩ ᠣᠣᠮᠧᠨ᠎ᠦ ᠠᠵᠢᠯ᠎ᠤᠨ ᠬᠣᠯᠪᠣᠭ᠍ᠳᠠᠯ ᠪᠥᠬᠥᠶ ᠪᠠᠢᠳᠠᠯ᠎ᠢ ᠮᠡᠳᠡᠭ᠌ᠳᠡᠪᠡ᠃
ᠬᠤᠷᠠᠯ᠎ᠡᠴᠡ᠂ ᠤᠢ᠍ᠢᠷ᠎ᠠ᠎ᠶ᠋ᠢᠨ ᠵᠢᠯ ᠳ᠋ᠦ᠂ ᠰᠢ ᠵᠢᠨ ᠫᠢᠩ᠎ᠦᠨ ᠭᠠᠳᠠᠭᠠᠳᠤ ᠬᠠᠷᠢᠯᠴᠠᠭᠠᠨ᠎ᠤ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠪᠣᠯᠤᠨ ᠨᠠᠮ᠎ᠤᠨ ᠲᠥᠪ ᠬᠤᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ᠎ᠤ ᠣᠷᠣᠨ᠎ᠤ ᠳᠠᠭᠠᠭᠠᠴᠢᠯᠠᠨ ᠡᠷᠬᠢᠯᠡᠭ᠌ᠰᠡᠨ ᠪᠤᠶᠤ ᠣᠷᠣᠯᠴᠠᠭ᠍ᠰᠠᠨ ᠤᠯᠤᠰ᠎ᠤᠨ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ ᠨᠢᠳᠤᠨ᠎ᠳᠤ ᠦᠵᠡᠭᠳᠡᠵᠦ ᠭᠠᠷ ᠲᠸ᠋ ᠪᠠᠷᠢᠭᠳᠠᠳᠠᠯᠠ ᠶᠠᠪᠤᠭ᠍ᠳᠠᠵᠤ᠂ ᠭᠠᠳᠠᠭᠠᠳᠤ᠎ᠯᠤᠭ᠎ᠠ᠎ᠶ᠋ᠢᠨ ᠬᠠᠮᠲᠤᠷᠠᠯᠴᠠᠭ᠎ᠠ ᠰᠣᠯᠢᠯᠴᠠᠭᠠᠨ᠎ᠤ ᠲᠠᠪᠴᠠᠩ᠎ᠤᠨ ᠠᠴᠢᠶᠠᠯᠠᠪᠤᠷᠢ ᠲᠠᠰᠤᠷᠠᠯᠳᠠ ᠦᠭᠡᠢ ᠴᠢᠨᠠᠷ ᠴᠢᠨᠰᠠᠭ᠎ᠠ᠎ᠪᠠᠨ ᠳᠡᠭᠡᠭ᠌ᠰᠢᠯᠡᠭᠦᠯᠦᠨ ᠲᠡᠰ ᠳᠡᠪᠱᠢᠵᠦ᠍᠂ ᠳᠡᠯᠡᠬᠡᠢ ᠳᠡᠭᠡᠷᠡᠬᠢ 《 ᠨᠠᠢᠵᠠ᠎ᠶ᠋ᠢᠨ ᠲᠣᠭᠣᠷᠢᠭ 》 ᠶᠠᠪᠤᠬᠤ ᠲᠤᠳᠤᠮ ᠥᠷᠭᠡᠵᠢᠵᠦ᠍᠂ ᠱᠢᠶᠠᠩᠭᠠᠩ ᠣᠣᠮᠧᠨ ᠣᠷᠣᠨ᠎ᠯᠤᠭ᠎ᠠ᠎ᠶ᠋ᠢᠨ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠢᠷᠡᠵᠦ᠍᠂ ᠭᠠᠳᠠᠭᠠᠳᠤ ᠶᠠᠪᠤᠳᠠᠯ ᠵᠢᠴᠢ ᠱᠢᠶᠠᠩᠭᠠᠩ ᠣᠣᠮᠧᠨ᠎ᠦ ᠠᠵᠢᠯ ᠱᠢᠨ᠎ᠡ ᠳᠡᠭ᠌ᠲᠡᠷ᠎ᠲᠦ ᠭᠠᠷᠴᠠᠢ ᠭᠡᠵᠦ ᠵᠢᠭᠠᠵᠤ ᠭᠠᠷᠭᠠᠪᠠ᠃
ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠳᠤᠷᠠᠳᠤᠭ᠍ᠰᠠᠨ ᠪᠥᠬᠥ᠌ ᠪᠥᠮᠪᠥᠷᠴᠡᠭ᠎ᠦᠨ ᠳᠥᠷᠪᠡᠨ ᠶᠡᠬᠡ ᠰᠠᠨᠠᠭᠠᠴᠢᠯᠠᠭ᠎ᠠ᠎ᠶ᠋ᠢ ᠦᠶ᠋ᠯᠡᠳᠦᠯᠭᠡᠵᠢᠭᠦᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠪᠡᠶᠡᠯᠡᠭᠦᠯᠬᠦ᠎ᠳᠤ ᠴᠦ᠍ ᠭᠡᠰᠡᠨ᠂ ᠡᠰᠡᠭᠦᠯ᠎ᠡ ᠴᠠᠭ᠎ᠤᠨ ᠪᠠᠢᠳᠠᠯ ᠬᠠᠨᠳᠦᠰᠢ᠎ᠶᠢ ᠦᠨᠳᠦᠰᠦᠯᠡᠨ ᠲᠣᠰ ᠪᠡᠶ᠎ᠡ᠎ᠶ᠋ᠢᠨ ᠨᠡᠭᠡᠭᠡᠯᠲᠡ ᠬᠥᠭ᠌ᠵᠢᠯᠲᠡ᠎ᠶ᠋ᠢᠨ ᠲᠦᠪᠱᠢᠨ᠎ᠢᠶᠡᠨ ᠳᠡᠭᠡᠭ᠌ᠰᠢᠯᠡᠭᠦᠯᠬᠦ᠎ᠳᠤ ᠴᠦ᠍ ᠭᠡᠰᠡᠨ᠂ ᠴᠥᠮ ᠪᠢᠳᠡᠨ᠎ᠦ ᠰᠢ ᠵᠢᠨ ᠫᠢᠩ᠎ᠦᠨ ᠭᠠᠳᠠᠭᠠᠳᠤ ᠬᠠᠷᠢᠯᠴᠠᠭᠠᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠭᠠᠳᠠᠭᠠᠳᠤ ᠶᠠᠪᠤᠳᠠᠯ ᠵᠢᠴᠢ ᠱᠢᠶᠠᠩᠭᠠᠩ ᠣᠣᠮᠧᠨ᠎ᠦ ᠠᠵᠢᠯ᠎ᠢ ᠤᠯᠠᠮ ᠰᠠᠢᠲᠤᠷ ᠬᠢᠬᠦ᠌᠎ᠶ᠋ᠢ ᠱᠠᠭᠠᠷᠳᠠᠵᠤ ᠪᠠᠢᠨ᠎ᠠ᠃ ᠣᠷᠣᠰ ᠮᠣᠩᠭᠣᠯ᠎ᠯᠤᠭ᠎ᠠ᠎ᠶ᠋ᠢᠨ ᠬᠣᠯᠪᠣᠭ᠍ᠳᠠᠯ ᠪᠥᠬᠥᠶ ᠲᠠᠯ᠎ᠠ᠎ᠶ᠋ᠢᠨ ᠬᠠᠮᠲᠤᠷᠠᠯᠴᠠᠭ᠎ᠠ᠎ᠪᠠᠨ ᠴᠢᠷᠮᠠᠢᠨ ᠪᠤᠵᠠᠭᠠᠢᠷᠠᠭᠤᠯᠵᠤ᠂ ᠢᠲᠡᠭᠡᠯᠴᠡᠭᠡ᠎ᠶ᠋ᠢᠨ ᠰᠠᠭᠤᠷᠢ᠎ᠪᠠᠨ ᠦᠷᠭᠦᠯᠵᠢᠯᠡᠨ ᠪᠡᠬᠢᠵᠢᠭᠦᠯᠵᠦ᠍᠂ ᠠᠷᠭ᠎ᠠ ᠪᠦᠬᠦᠨ᠎ᠢ ᠰᠦᠪᠡᠭ᠌ᠴᠢᠯᠡᠵᠦ᠍ ᠪᠠᠢᠭᠠᠳ ᠣᠷᠣᠰ᠂ ᠮᠣᠩᠭᠣᠯ᠎ᠯᠤᠭ᠎ᠠ᠎ᠶ᠋ᠢᠨ ᠬᠣᠯᠪᠣᠭ᠍ᠳᠠᠯ ᠪᠥᠬᠥᠶ ᠲᠠᠯ᠎ᠠ᠎ᠶ᠋ᠢᠨ ᠬᠠᠮᠲᠤᠷᠠᠯᠴᠠᠭ᠎ᠠ᠎ᠶ᠋ᠢᠨ ᠬᠡᠮᠵᠢᠶ᠎ᠡ᠎ᠶᠢ ᠨᠡᠮᠡᠭᠳᠡᠭᠦᠯᠦᠨ᠂ ᠲᠠᠰ ᠳᠡᠪᠰᠢᠭᠦᠯᠬᠦ᠎ᠶᠢ ᠠᠬᠢᠭᠤᠯᠵᠤ᠂ ᠲᠡᠳᠡᠨ᠎ᠲᠡᠶ ᠰᠣᠶᠣᠯ ᠢᠷᠭᠡᠨᠱᠢᠯ᠎ᠦᠨ ᠰᠣᠯᠢᠯᠴᠠᠭ᠎ᠠ᠎ᠪᠠᠨ ᠪᠥᠬᠥ᠌ ᠲᠠᠯ᠎ᠠ᠎ᠪᠠᠷ ᠴᠢᠩᠭᠠᠳᠭᠠᠬᠤ ᠬᠡᠷᠡᠭ᠌ᠲᠡᠶ᠃ ᠪᠦᠬᠦ᠌ ᠪᠥᠮᠪᠥᠷᠴᠡᠭ ᠲᠡᠢᠰᠢ ᠬᠠᠨᠳᠤᠨ ᠭᠠᠳᠠᠭᠠᠳᠤ ᠶᠠᠪᠤᠳᠠᠯ᠎ᠤᠨ ᠠᠵᠢᠯ᠎ᠢ ᠠᠬᠢᠭᠤᠯᠵᠤ᠂ ᠡᠷᠬᠡ ᠲᠡᠭ᠌ᠰᠢ᠎ᠪᠡᠷ ᠬᠠᠨᠳᠤᠬᠤ᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌᠎ᠶ᠋ᠢ ᠪᠠᠷᠢᠮᠲᠠᠯᠠᠵᠤ᠂ ᠤᠯᠠᠨ ᠤᠯᠤᠰ᠎ᠤᠨ ᠨᠥᠬᠥᠷᠰᠡᠭ ᠬᠤᠳᠠ᠎ᠯᠤᠭ᠎ᠠ᠎ᠶ᠋ᠢᠨ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠰᠣᠯᠢᠯᠴᠠᠭ᠎ᠠ ᠬᠠᠮᠲᠤᠷᠠᠯᠴᠠᠭ᠎ᠠ᠎ᠶ᠋ᠢᠨ ᠬᠦᠷᠢᠶ᠎ᠡ ᠬᠡᠪᠴᠢᠶ᠎ᠡ᠎ᠶ᠋ᠢ ᠬᠦᠴᠦᠯᠡᠨ ᠥᠷᠭᠡᠳᠭᠡᠵᠦ᠍᠂ ᠤᠯᠤᠰ᠎ᠤᠨ ᠴᠢᠬᠤᠯᠠ ᠶᠡᠬᠡ ᠭᠠᠳᠠᠭᠠᠳᠤ ᠶᠠᠪᠤᠳᠠᠯ᠎ᠤᠨ ᠠᠵᠢᠯᠯᠠᠭ᠎ᠠ᠎ᠳᠤ ᠦᠢᠯᠡᠴᠢᠯᠡᠬᠦ᠌ ᠳᠤᠮᠳᠠ ᠪᠠᠢᠳᠠᠯ᠎ᠢ ᠳᠠᠭᠠᠨ ᠠᠵᠢᠯᠯᠠᠬᠤ᠎ᠶ᠋ᠢ ᠰᠤᠷᠴᠤ᠌᠂ ᠭᠠᠳᠠᠭᠠᠳᠤ ᠶᠠᠪᠤᠳᠠᠯ᠎ᠤᠨ ᠠᠵᠢᠯ᠎ᠤᠨ ᠥᠷᠭᠡᠴᠡ ᠪᠣᠯᠤᠨ ᠭᠦᠨᠴᠡ᠎ᠶ᠋ᠢ ᠲᠠᠰᠤᠷᠠᠯᠳᠠ ᠦᠭᠡᠢ ᠨᠡᠮᠡᠭ᠌ᠳᠡᠭᠦᠯᠬᠦ᠌ ᠬᠡᠷᠡᠭ᠌ᠲᠡᠢ᠃ ᠠᠷᠭ᠎ᠠ ᠪᠦᠬᠦᠨ᠎ᠢ ᠰᠦᠪᠡᠭ᠌ᠴᠢᠯᠡᠨ ᠱᠢᠶᠠᠩᠭᠠᠩ ᠣᠣᠮᠧᠨ ᠣᠷᠣᠨ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠪᠡᠬᠢᠵᠢᠭᠦᠯᠵᠦ᠍᠂ ᠭᠦᠨᠵᠡᠭᠡᠢᠷᠡᠭᠦᠯᠦᠨ᠂ ᠥᠷᠭᠡᠳᠭᠡᠵᠦ᠍᠂ ᠲᠡᠷᠢᠭᠦᠨ᠎ᠦ ᠣᠢᠯᠠᠭᠠᠭ᠍ᠳᠠᠬᠤᠨ᠎ᠢ ᠰᠤᠷᠤᠯᠴᠠᠬᠤ᠂ ᠬᠠᠮᠲᠤᠷᠠᠯᠴᠠᠭ᠎ᠠ ᠶᠠᠪᠤᠯᠴᠠᠭ᠎ᠠ᠎ᠪᠠᠨ ᠭᠦᠨᠵᠡᠭᠡᠢᠷᠡᠭᠦᠯᠬᠦ᠌ ᠳᠡᠭᠡᠷ᠎ᠡ ᠬᠦᠴᠦ᠍ ᠲᠠᠯᠪᠢᠵᠤ᠂ ᠱᠢᠶᠠᠩᠭᠠᠩ ᠣᠣᠮᠧᠨ᠎ᠦ ᠠᠵᠢᠯ᠎ᠤᠨ ᠲᠠᠰᠤᠷᠠᠯᠲᠠ ᠦᠭᠡᠢ ᠨᠡᠩ ᠶᠡᠬᠡ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠢ᠃ ᠭᠠᠳᠠᠭᠠᠳᠤ ᠶᠠᠪᠤᠳᠠᠯ᠎ᠤᠨ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠭᠠᠳᠠᠭᠠᠳᠤ ᠶᠠᠪᠤᠳᠠᠯ᠎ᠤᠨ ᠡᠩᠨᠡᠭᠡ᠎ᠶ᠋ᠢ ᠪᠠᠢᠭᠤᠯᠤᠨ ᠬᠦᠴᠦᠷᠬᠡᠭ᠌ᠵᠢᠭᠦᠯᠵᠦ᠍᠂ ᠠᠵᠢᠯ᠎ᠤᠨ ᠰᠡᠳᠭᠢᠬᠦᠢ᠎ᠪᠡᠨ ᠬᠤᠪᠢᠷᠠᠭᠤᠯᠵᠤ᠂ ᠭᠠᠳᠠᠭᠠᠳᠤ ᠶᠠᠪᠤᠳᠠᠯ᠎ᠤᠨ ᠠᠵᠢᠯ᠎ᠤᠨ ᠪᠣᠳᠠᠲᠠᠢ ᠦᠷ᠎ᠡ ᠪᠦᠲᠦᠮᠵᠢ᠎ᠶ᠋ᠢ ᠬᠦᠴᠦᠯᠡᠨ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃
ᠬᠤᠷᠠᠯ ᠳᠡᠭᠡᠷ᠎ᠡ᠂ ᠬᠥᠯᠥᠨ ᠪᠣᠢᠷ ᠬᠣᠲᠠ᠂ ᠪᠠᠶᠠᠨᠨᠠᠭᠤᠷ ᠬᠣᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠬᠠᠷᠢᠭᠤᠴᠠᠯᠭᠠᠲᠠᠨ ᠨᠥᠬᠥᠳ ᠰᠠᠨᠠᠯ᠎ᠢᠶᠠᠨ ᠰᠣᠯᠢᠯᠴᠠᠵᠤ ᠦᠭᠡ ᠬᠡᠯᠡᠪᠡ᠃
ᠬᠤᠷᠠᠯ᠎ᠢ ᠸᠢᠳᠢᠣ᠋ ᠬᠡᠯᠪᠡᠷᠢ᠎ᠪᠡᠷ ᠬᠤᠷᠠᠯᠳᠤᠭᠤᠯᠵᠤ᠂ ᠡᠯ᠎ᠡ ᠠᠢᠮᠠᠭ ᠬᠤᠳᠠ ᠪᠣᠯᠤᠨ ᠮᠠᠨᠵᠤᠤᠷ ᠬᠤᠳᠠ᠂ ᠡᠷᠢᠶᠡᠨ ᠬᠤᠳᠠ᠎ᠳᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠵᠠᠢ᠃