ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠤᠤ ᠴᠧᠩ ᠪᠦᠦ ᠹᠸᠩ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠳ᠋ᠠᠩ ᠶᠠᠨ ᠪᠤᠦ᠍᠎ᠲᠡᠶ ᠠᠭᠤᠯᠵᠠᠪᠠ
ᠨᠡᠶ᠋ᠢᠲᠡᠯᠡᠭᠰᠡᠨ ᠴᠠᠭ᠄ 2025-09-15

 

9 ᠰᠠᠷ᠎ᠠ᠎ᠶ᠋ᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ ᠰᠦᠨ ᠱᠤᠤ ᠴᠧᠩ ᠬᠥᠬᠡᠬᠣᠲᠠ᠎ᠳᠤ ᠪᠦᠦ ᠹᠸᠩ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠳ᠋ᠠᠩ ᠶᠠᠨ ᠪᠤᠦ᠍᠎ᠲᠡᠶ ᠠᠭᠤᠯᠵᠠᠪᠠ᠃

ᠰᠦᠨ ᠱᠤᠤ ᠴᠧᠩ ᠳ᠋ᠠᠩ ᠶᠠᠨ ᠪᠤᠦ᠍᠎ᠨᠡᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠪᠡ᠃ ᠲᠡᠷᠡ᠂ ᠡᠨᠧᠷᠭᠢ᠎ᠶ᠋ᠢᠨ ᠠᠵᠤ ᠦᠢᠯᠡᠰ ᠪᠣᠯ ᠥᠪᠥᠷ ᠮᠣᠩᠭᠣᠯ᠎ᠤᠨ ᠰᠠᠭᠤᠷᠢ ᠴᠢᠨᠠᠷᠲᠠᠢ᠂ ᠲᠤᠯᠭᠠᠭᠤᠷᠢᠯᠠᠬᠤ ᠴᠢᠨᠠᠷᠲᠠᠢ ᠠᠵᠤ ᠦᠢᠯᠡᠰ ᠪᠣᠯᠤᠨ᠎ᠠ᠃ ᠣᠳᠣᠬᠠᠨ᠎ᠳᠤ᠂ ᠡᠨᠧᠷᠭᠢ᠎ᠶ᠋ᠢᠨ ᠬᠦᠷᠢᠶᠡᠨ᠎ᠦ ᠮᠡᠷᠭᠡᠵᠢᠯ ᠲᠦᠷᠭᠡᠨ ᠰᠣᠯᠢᠭ᠍ᠳᠠᠵᠤ᠂ ᠪᠢᠳᠡ ᠶᠠᠭ ᠠᠵᠠ ᠲᠣᠬᠢᠶᠠᠯ᠎ᠢ ᠠᠮᠵᠢᠵᠤ᠂ ᠨᠦᠬᠡᠴᠡ ᠡᠨᠧᠷᠭᠢ ᠪᠡᠷ ᠭᠣᠣᠯᠳᠠᠯᠭ᠎ᠠ ᠪᠣᠯᠭᠠᠨ ᠱᠠᠯᠠᠪᠳᠠᠨ ᠠᠳᠬᠤᠵᠤ ᠲᠦᠷᠭᠡᠨ ᠠᠵᠢᠯᠯᠠᠵᠤ ᠪᠠᠢᠭᠠᠳ ᠱᠢᠨ᠎ᠡ ᠡᠨᠧᠷᠭᠢ᠎ᠶ᠋ᠢᠨ ᠪᠦᠳᠦᠬᠡᠨ ᠪᠠᠢᠭᠤᠯᠤᠯᠲᠠ᠎ᠶ᠋ᠢ ᠠᠬᠢᠭᠤᠯᠵᠤ ᠪᠠᠢᠨ᠎ᠠ᠃ ᠪᠦᠦ ᠹᠸᠩ ᠪᠦᠯᠦᠭ᠌ᠯᠡᠯ᠎ᠦᠨ ᠥᠪᠥᠷ ᠮᠣᠩᠭᠣᠯ᠎ᠳᠤ ᠪᠦᠳᠦᠭᠡᠨ ᠪᠠᠢᠭᠤᠯᠤᠭ᠍ᠰᠠᠨ ᠲᠦᠷᠦᠯ ᠵᠦᠢᠯ᠎ᠦᠨ ᠬᠡᠪᠴᠢᠢ᠎ᠡ ᠶᠡᠬᠡ᠂ ᠦᠷ᠎ᠡ ᠠᠱᠢᠭ ᠰᠠᠢ᠌ᠨ᠂ ᠠᠱᠢᠭ᠍ᠯᠠᠯᠲᠠ᠎ᠳᠤ ᠣᠷᠣᠭᠤᠯᠤᠭ᠍ᠰᠠᠨ ᠨᠢ ᠴᠦ᠍ ᠲᠦᠷᠭᠡᠨ ᠪᠠᠢᠨ᠎ᠠ᠂ ᠬᠣᠶᠠᠷ ᠲᠠᠯ᠎ᠠ᠎ᠪᠠᠷ᠎ᠢᠶᠠᠨ ᠰᠠᠢ᠌ᠨ ᠰᠠᠢᠬᠠᠨ ᠬᠠᠮᠲᠤᠷᠠᠯᠴᠠᠭᠠᠨ᠎ᠤ ᠰᠠᠭᠤᠷᠢᠨ ᠳᠡᠭᠡᠷ᠎ᠡ᠂ ᠬᠠᠮᠲᠤᠷᠠᠯᠴᠠᠭᠠᠨ᠎ᠤ ᠣᠷᠣᠨ ᠵᠠᠢ᠎ᠪᠠᠨ ᠴᠢᠨᠠᠭ᠍ᠰᠢᠳᠠ ᠥᠷᠭᠡᠳᠭᠡᠵᠦ᠍᠂ ᠨᠦᠬᠡᠴᠡ ᠡᠨᠧᠷᠭᠢ᠂ ᠪᠣᠬᠢᠷᠲᠤᠯ ᠦᠭᠡᠢ ᠤᠰᠤᠲᠥ᠋ᠷᠥᠭ᠌ᠴᠢ᠂ ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠂ ᠪᠤᠳᠤᠯᠲᠠ᠎ᠶᠢᠨ ᠴᠢᠳᠠᠪᠤᠷᠢ ᠵᠡᠷᠭᠡ ᠬᠦᠷᠢᠶᠡᠨ᠎ᠦ ᠲᠣᠭᠣᠷᠢᠨ᠎ᠳᠤ ᠤᠯᠤᠯᠴᠠᠭ᠎ᠠ ᠵᠣᠯᠭᠠᠯᠴᠠᠭ᠎ᠠ᠎ᠪᠠᠨ ᠴᠢᠩᠭᠠᠳᠭᠠᠵᠤ᠂ ᠬᠠᠮᠲᠤᠷᠠᠯᠴᠠᠭᠠᠨ᠎ᠤ ᠵᠦᠢᠯ᠎ᠢ ᠲᠦᠷᠭᠡᠨ ᠲᠣᠭ᠍ᠲᠠᠭᠠᠵᠤ᠂ ᠡᠬᠢᠯᠡᠨ ᠬᠢᠵᠦ᠍᠂ ᠲᠦᠷᠦᠯ ᠵᠦᠢᠯ᠎ᠢ ᠡᠷᠲᠡᠬᠡᠨ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ᠎ᠶᠢ ᠬᠦᠰᠡᠵᠦ᠍ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠦᠬᠦᠢ ᠲᠠᠯ᠎ᠠ᠎ᠶ᠋ᠢᠨ᠎ᠬᠢᠨ ᠡᠮᠦᠨ᠎ᠡ ᠹᠷᠤᠨᠲ᠎ᠲᠤ ᠦᠢᠯᠡᠴᠢᠯᠡᠵᠦ᠍᠂ ᠥᠨᠳᠥᠷ ᠪᠦᠲᠦᠮᠵᠢᠲᠡᠢ ᠦᠢᠯᠡᠴᠢᠯᠡᠵᠦ᠍᠂ ᠠᠵᠤ ᠠᠬᠤᠢᠯᠠᠯ᠎ᠤᠨ ᠬᠥᠭ᠌ᠵᠢᠯᠲᠡ᠎ᠳᠦ ᠰᠠᠢ᠌ᠨ ᠰᠠᠢᠬᠠᠨ ᠨᠥᠬᠥᠴᠡᠯ ᠪᠦᠷᠢᠯᠳᠦᠭᠦᠯᠵᠦ᠍ ᠥᠭ᠌ᠬᠦ᠎ᠪᠡᠷ ᠬᠦᠴᠦᠯᠡᠨ ᠴᠢᠷᠮᠠᠢᠬᠤ ᠬᠡᠷᠡᠭ᠌ᠲᠡᠢ ᠭᠡᠵᠡᠢ᠃

ᠳ᠋ᠠᠩ ᠶᠠᠨ ᠪᠦᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ᠎ᠤ ᠪᠦᠦ ᠹᠸᠩ ᠪᠦᠯᠦᠭ᠌ᠯᠡᠯ᠎ᠢ ᠬᠠᠯᠠᠮᠵᠢᠯᠠᠨ ᠳᠡᠮᠵᠢᠭ᠌ᠰᠡᠨ᠎ᠳᠦ ᠲᠠᠯᠠᠷᠬᠠᠵᠤ᠂ ᠪᠦᠯᠦᠭ᠌ᠯᠡᠯ᠎ᠦᠨ ᠥᠪᠥᠷ ᠮᠣᠩᠭᠣᠯ᠎ᠳᠠᠬᠢ ᠲᠦᠷᠦᠯ ᠵᠦᠢᠯ᠎ᠦᠨ ᠠᠬᠢᠴᠠ᠎ᠶ᠋ᠢᠨ ᠪᠠᠢᠳᠠᠯ ᠪᠣᠯᠤᠨ ᠲᠠᠷᠠᠭᠠᠴᠢ᠎ᠶ᠋ᠢᠨ ᠠᠯᠬᠤᠮ᠎ᠤᠨ ᠬᠥᠭ᠌ᠵᠢᠯᠲᠡ᠎ᠶ᠋ᠢᠨ ᠴᠢᠭ᠌ᠯᠡᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ᠎ᠤᠨ ᠦᠨᠡᠨᠴᠢ ᠢᠲᠡᠭᠡᠮᠵᠢ᠎ᠶ᠋ᠢ ᠡᠷᠬᠢᠮᠯᠡᠬᠦ᠌᠂ ᠦᠨᠡᠨᠴᠢ ᠢᠲᠡᠭᠡᠮᠵᠢ᠎ᠲᠡᠶ ᠪᠠᠢᠬᠤ ᠠᠭᠤᠷ ᠠᠮᠢᠰᠭᠤᠯ ᠮᠠᠰᠢ ᠥᠳᠭᠡᠨ ᠪᠠᠢᠵᠤ᠂ ᠬᠤᠳᠠᠯᠳᠤᠭ᠎ᠠ ᠡᠷᠬᠢᠯᠡᠬᠦ᠌ ᠰᠠᠢ᠌ᠨ ᠰᠠᠢᠬᠠᠨ ᠣᠷᠴᠢᠨ ᠨᠦᠭᠦᠴᠡᠯ ᠨᠢ ᠪᠢᠳᠡᠨ᠎ᠳᠦ ᠭᠦᠨ ᠰᠠᠭᠤᠭ᠍ᠳᠠᠯ ᠥᠭ᠌ᠴᠡᠢ᠃ ᠪᠦᠦ ᠹᠸᠩ ᠪᠦᠯᠦᠭ᠌ᠯᠡᠯ ᠥᠪᠥᠷ ᠮᠣᠩᠭᠣᠯ᠎ᠯᠤᠭ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭ᠎ᠠ ᠎ᠶ᠋ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ᠂ ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠂ ᠱᠢᠨ᠎ᠡ ᠡᠨᠧᠷᠭᠢ᠂ ᠪᠤᠳᠤᠯᠲᠠ᠎ᠶᠢᠨ ᠴᠢᠳᠠᠪᠤᠷᠢ ᠵᠡᠷᠭᠡ ᠲᠠᠯ᠎ᠠ᠎ᠪᠠᠷ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠴᠢᠨᠠᠭ᠍ᠰᠢᠳᠠ ᠴᠢᠩᠭᠠᠳᠭᠠᠵᠤ᠂ ᠨᠡᠩ ᠤᠯᠠᠨ ᠱᠢᠯᠢᠳᠡᠭ ᠲᠦᠷᠦᠯ ᠵᠦᠢᠯ᠎ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠤᠨ᠎ᠠ ᠭᠡᠵᠡᠢ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠱᠢᠨ ᠠᠭᠤᠯᠵᠠᠯᠲᠠ᠎ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ