ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠣᠣ ᠴᠧᠩ ᠣᠷᠳᠣᠰ ᠬᠣᠲᠠ᠎ᠳᠤ ᠪᠠᠢᠴᠠᠭᠠᠨ ᠰᠤᠳᠤᠯᠬᠤ᠎ᠳᠠᠭᠠᠨ ᠴᠢᠬᠤᠯᠠᠴᠢᠯᠠᠭ᠍ᠰᠠᠨ ᠨᠢ ᠥᠷᠯᠥᠭᠡ ᠦᠳᠡᠰᠢ᠎ᠶ᠋ᠢ ᠲᠡᠮᠡᠴᠡᠨ ᠱᠢᠨ᠎ᠡ ᠲᠠᠢ᠌ᠨ᠎ᠤ ᠲᠠᠯᠠᠪᠤᠷ᠎ᠢ ᠲᠦᠷᠭᠡᠨ ᠨᠡᠭᠡᠭᠡᠨ ᠬᠥᠭ᠌ᠵᠢᠭᠦᠯᠬᠦ ᠬᠡᠷᠡᠭᠲᠡᠢ
ᠨᠡᠶ᠋ᠢᠲᠡᠯᠡᠭᠰᠡᠨ ᠴᠠᠭ᠄ 2025-09-16

9 ᠰᠠᠷ᠎ᠠ᠎ᠶ᠋ᠢᠨ 14᠎ᠡᠴᠡ 15 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠱᠦᠵᠢ ᠰᠦᠨ ᠱᠤᠤ ᠴᠧᠩ ᠤᠷᠳᠤᠰ ᠬᠤᠳᠠ᠎ᠳᠦ ᠪᠠᠢᠴᠠᠭᠠᠨ ᠰᠤᠳᠤᠯᠬᠤ᠎ᠳᠠᠭᠠᠨ᠂ ᠤᠷᠳᠤᠰ ᠬᠤᠳᠠ ᠨᠥᠬᠥᠴᠡᠯ ᠎ᠲᠡᠶ᠂ ᠰᠠᠭᠤᠷᠢ ᠎ᠲᠠᠶ ᠪᠠᠢᠵᠤ᠂ ᠴᠠᠭ ᠮᠥᠴᠡ ᠲᠠᠢ ᠤᠷᠤᠯᠳᠤᠵᠦ ᠥᠷᠯᠥᠭᠡ ᠦᠳᠡᠰᠢ᠎ᠶ᠋ᠢ ᠲᠡᠮᠡᠴᠡᠬᠦ᠌ ᠲᠤᠯᠭᠠᠮ ᠪᠤᠳᠤᠯ᠎ᠢᠶᠠᠷ ᠱᠢᠨ᠎ᠡ ᠲᠠᠢ᠌ᠨ᠎ᠤ ᠲᠠᠯᠠᠪᠤᠷ᠎ᠢ ᠲᠦᠷᠭᠡᠨ ᠨᠡᠭᠡᠭᠡᠨ ᠬᠦᠭᠵᠢᠭᠦᠯᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠲᠦᠷᠭᠡᠨ ᠪᠣᠢᠵᠢᠭᠤᠯᠤᠨ ᠬᠥᠭ᠌ᠵᠢᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠰᠦᠨ ᠱᠤᠤ ᠴᠧᠩ ᠡᠩ ᠲᠡᠷᠢᠭᠦᠨ᠎ᠳᠦ ᠣᠷᠳᠣᠰ ᠬᠣᠲᠠ᠎ᠶ᠋ᠢᠨ ᠤᠶᠤᠨᠴᠢ ᠰᠦᠯᠵᠢᠶᠡᠨ᠎ᠦ ᠬᠤᠯᠪᠤᠭ᠎ᠠ᠎ᠶ᠋ᠢᠨ ᠱᠢᠨ᠎ᠡ᠎ᠶ᠋ᠢ ᠡᠭᠦᠳᠬᠦ᠌ ᠲᠥᠪ᠎ᠲᠤ ᠬᠦᠷᠴᠦ᠍᠂ 《ᠲᠡᠷᠭᠡ ᠵᠠᠮ ᠡᠭᠦᠯᠡᠨ ᠪᠤᠳᠤᠯᠳᠠ》᠎ᠶ᠋ᠢ ᠨᠢᠭᠡ ᠴᠣᠭ᠍ᠴᠠᠵᠢᠭᠤᠯᠤᠭ᠍ᠰᠠᠨ ᠤᠶᠤᠨᠴᠢ ᠰᠦᠯᠵᠢᠶᠡᠨ ᠎ᠦ ᠬᠤᠯᠪᠤᠭ᠎ᠠ᠎ᠶ᠋ᠢᠨ ᠵᠠᠮ ᠬᠠᠷᠢᠯᠴᠠᠭᠠᠨ᠎ᠤ ᠠᠵᠢᠯᠯᠠᠭᠠᠨ᠂ ᠮᠠᠱᠢᠨ ᠲᠡᠷᠭᠡ᠎ᠶ᠋ᠢ ᠠᠱᠢᠭ᠍ᠯᠠᠯᠲᠠ᠎ᠳᠦ ᠤᠷᠤᠭᠤᠯᠤᠭ᠍ᠰᠠᠨ ᠪᠠ ᠠᠦ᠋ᠲ᠋ᠣ᠋ ᠵᠢᠯᠣᠭᠣᠳᠭᠤ ᠬᠦᠨᠳᠦ ᠠᠴᠢᠶᠠᠨ᠎ᠤ ᠮᠡᠰᠢᠨ ᠲᠡᠷᠭᠡ᠎ᠶ᠋ᠢ ᠰᠤᠳᠤᠯᠤᠨ ᠨᠡᠭᠡᠭᠡᠵᠦ᠍ ᠬᠡᠷᠡᠭ᠌ᠯᠡᠵᠤ ᠪᠠᠢᠭ᠎ᠠ ᠵᠡᠷᠭᠡ ᠪᠠᠢᠳᠠᠯ᠎ᠢ ᠣᠢᠯᠠᠭᠠᠬᠤ᠎ᠶ᠋ᠢᠨ ᠬᠠᠮᠲᠤ ᠲᠤᠬᠠᠶ᠎ᠶ᠋ᠢᠨ ᠲᠠᠯᠠᠪᠠᠶ᠎ᠳᠤ ᠠᠦ᠋ᠲ᠋ᠣ᠋ ᠵᠢᠯᠣᠭᠣᠳᠭᠤ ᠬᠦᠨᠳᠦ ᠠᠴᠢᠶᠠᠨ᠎ᠤ ᠮᠡᠰᠢᠨ ᠲᠡᠷᠭᠡ᠂ ᠵᠢᠯᠣᠭᠣᠴᠢ ᠥᠬᠡᠶ ᠨᠡᠢᠲᠡ᠎ᠶ᠋ᠢᠨ ᠮᠠᠱᠢᠨ ᠲᠡᠷᠭᠡ ᠵᠡᠷᠭᠡ ᠲᠡᠷᠭᠡᠨ᠎ᠳᠦ ᠰᠠᠭᠤᠵᠤ ᠪᠡᠶᠡᠴᠢᠯᠡᠨ ᠣᠢᠯᠠᠭᠠᠭ᠍ᠰᠠᠨ ᠪᠠᠢᠨ᠎ᠠ᠃ ᠰᠦᠨ ᠱᠤᠤ ᠴᠧᠩ ᠣᠷᠳᠣᠰ ᠬᠣᠲᠠ᠎ᠶ᠋ᠢᠨ ᠵᠢᠯᠣᠭᠣᠴᠢ ᠥᠬᠡᠶ ᠮᠡᠷᠭᠡᠵᠢᠯ᠎ᠢ ᠢᠳᠡᠪᠬᠢᠲᠡᠶ ᠬᠥᠭ᠌ᠵᠢᠭᠦᠯᠦᠭᠡᠳ ᠣᠯᠤᠭ᠍ᠰᠠᠨ ᠪᠣᠳᠠᠲᠤ ᠦᠷ᠎ᠡ ᠪᠦᠲᠦᠮᠵᠢ᠎ᠶ᠋ᠢ ᠨᠤᠲᠠᠯᠠᠵᠤ᠂ ᠲᠡᠳᠡᠨ᠎ᠢ ᠰᠦᠪᠡᠭ᠌ᠴᠢᠯᠡᠬᠦ᠌ ᠡᠷᠴᠢᠮ᠎ᠢᠶᠡᠨ ᠴᠢᠩᠭᠠᠷᠠᠭᠤᠯᠵᠤ᠂ ᠵᠢᠯᠣᠭᠣᠴᠢ ᠥᠬᠡᠶ ᠮᠡᠷᠭᠡᠵᠢᠯ᠎ᠢ ᠨᠠᠩ ᠶᠡᠬᠡ ᠬᠡᠪᠴᠢᠶᠡᠨ᠎ᠳᠦ ᠪᠤᠲᠠᠲᠠᠢ ᠦᠢᠯᠡᠳᠦᠯᠭᠡᠵᠢᠭᠦᠯᠦᠨ ᠬᠡᠷᠡᠭ᠌ᠯᠡᠬᠦ᠌ ᠎ᠶ᠋ᠢ ᠠᠬᠢᠭᠤᠯᠤᠭᠠᠷᠠᠢ ᠭᠡᠵᠦ᠍ ᠵᠣᠷᠢᠭ᠍ᠵᠢᠭᠤᠯᠪᠠ᠃

ᠰᠦᠨ ᠱᠤᠤ ᠴᠧᠩ ᠪᠤᠬᠢᠷᠳᠤᠯ ᠦᠭᠡᠢ ᠤᠰᠤᠲᠥ᠋ᠷᠥᠭ᠌ᠴᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢ ᠮᠠᠰᠢ ᠠᠩᠬᠠᠷᠴᠦ ᠪᠠᠢᠯ᠎ᠠ᠃《ᠴᠢᠩ ᠭᠧ ᠎ᠳ᠋ᠠᠨ》 ᠤᠰᠤᠲᠥ᠋ᠷᠥᠭ᠌ᠴᠢ ᠡᠨᠧᠷᠭᠢ᠎ᠶ᠋ᠢ ᠬᠠᠮᠲᠤ᠎ᠪᠡᠷ ᠡᠳ᠋ᠯᠡᠬᠦ᠌ ᠵᠠᠮ ᠬᠠᠷᠢᠯᠴᠠᠭᠠᠨ᠎ᠤ ᠵᠢᠱ᠌ᠢᠶ᠎ᠡ ᠦᠵᠡᠭᠦᠯᠬᠦ᠌ ᠰᠠᠭᠤᠷᠢᠨ᠂ ᠣᠷᠳᠣᠰ᠎ᠤᠨ ᠱᠢᠨ᠎ᠡ ᠡᠨᠧᠷᠭᠢ᠎ᠶ᠋ᠢᠨ ᠰᠤᠳᠤᠯᠭᠠᠨ᠎ᠤ ᠬᠦᠷᠢᠶᠡᠯᠡᠩ᠂ ᠤᠰᠤᠲᠥ᠋ᠷᠥᠭ᠌ᠴᠢ ᠡᠨᠧᠷᠭᠢ᠎ᠶ᠋ᠢᠨ ᠨᠤᠲᠠᠯᠠᠯ᠎ᠤᠨ ᠲᠤᠷᠱᠢᠯᠲᠠ᠎ᠶ᠋ᠢᠨ ᠲᠠᠪᠴᠠᠩ᠎ᠳᠦ᠂ ᠲᠡᠷᠡ ᠤᠰᠤᠲᠥ᠋ᠷᠥᠭ᠌ᠴᠢ ᠦᠢᠯᠡᠳᠬᠦ ᠤᠰᠤᠲᠥ᠋ᠷᠥᠭ᠌ᠴᠢ ᠎ᠨᠦ᠋ᠬᠡᠴᠡᠯᠡᠬᠦ ᠬᠣᠯᠪᠣᠭ᠍ᠳᠠᠯ ᠪᠥᠬᠥᠶ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠦᠶ᠋ᠯᠡᠳᠬᠦᠨ᠎ᠢ ᠰᠤᠳᠤᠯᠤᠨ ᠨᠡᠭᠡᠭᠡᠬᠦ᠌᠂ ᠠᠬᠤᠶ ᠲᠠᠯᠠᠪᠠᠶ᠎ᠶ᠋ᠢᠨ ᠬᠡᠷᠡᠭ᠌ᠯᠡᠯᠲᠡ ᠵᠡᠷᠭᠡ ᠪᠠᠢᠳᠠᠯ᠎ᠢ ᠨᠠᠷᠢᠨ ᠣᠢᠯᠠᠭᠠᠵᠤ᠂ ᠠᠵᠤ ᠠᠬᠤᠢᠯᠠᠯ ᠪᠣᠯᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢ 《ᠴᠠᠭ ᠪᠣᠯ ᠵᠣᠭᠣᠰ ᠮᠥᠩᠭᠥ᠌ ᠮᠥᠨ》 ᠭᠡᠬᠦ᠌ ᠤᠢᠯᠠᠭᠠᠭᠳᠠᠬᠤᠨ᠎ᠢ ᠴᠢᠩᠭᠠᠳᠭᠠᠵᠤ᠂ ᠪᠤᠬᠢᠷᠳᠤᠯ ᠦᠭᠡᠢ ᠴᠠᠬᠢᠯᠭᠠᠨ᠎ᠤ ᠳᠠᠪᠠᠭᠤᠯᠢᠭ᠎ᠲᠤ ᠲᠦᠱᠢᠭ᠌ᠯᠡᠨ ᠠᠷᠭ᠎ᠠ ᠪᠦᠬᠦᠨ᠎ᠢ ᠰᠦᠪᠡᠭ᠌ᠴᠢᠯᠡᠨ ᠤᠰᠤᠲᠥ᠋ᠷᠥᠭ᠌ᠴᠢ ᠦᠢᠯᠡᠳᠬᠦ ᠤᠰᠤᠲᠥ᠋ᠷᠥᠭ᠌ᠴᠢ ᠎ᠨᠦ᠋ᠬᠡᠴᠡᠯᠡᠬᠦ ᠥᠪᠡᠷ᠎ᠦᠨ ᠥᠷᠲᠡᠭ᠎ᠢ ᠪᠠᠭᠤᠷᠠᠭᠤᠯᠵᠤ᠂ ᠵᠠᠬ᠎ᠠ ᠳᠡᠯᠭᠡᠭᠦᠷ᠎ᠦᠨ ᠬᠤᠪᠢ᠎ᠶ᠋ᠢᠨ ᠲᠣᠭ᠎ᠠ᠎ᠶ᠋ᠢ ᠲᠦᠷᠭᠡᠨ ᠡᠵᠡᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ ᠪᠠ ᠠᠵᠤ ᠦᠢᠯᠡᠰᠵᠢᠭᠦᠯᠬᠦ᠌ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠭᠡᠷᠡᠢ ᠭᠡᠵᠦ᠍ ᠵᠣᠷᠢᠭ᠍ᠵᠢᠭᠤᠯᠪᠠ᠃

ᠣᠷᠳᠣᠰ᠎ᠤᠨ 《ᠡᠨᠧᠷᠭᠢ᠎ᠶ᠋ᠢᠨ ᠱᠢᠨ᠎ᠡ᠎ᠶ᠋ᠢ ᠡᠭᠦᠳᠬᠦ᠌ ᠬᠥᠨᠳᠡᠶ》 ᠪᠣᠯᠤᠨ ᠳᠤᠮᠳᠠᠳᠤ ᠤᠯᠤᠰ᠎ᠤᠨ ᠨᠡᠭᠦᠷᠡᠰᠦᠨ᠎ᠦ ᠨᠡᠭᠦᠷᠡᠰᠦᠨ ᠠᠭᠤᠷᠬᠠᠶ᠎ᠶ᠋ᠢᠨ ᠭᠠᠵᠠᠷ᠎ᠤᠨ ᠳᠠᠷᠤᠯᠲᠠ᠎ᠶ᠋ᠢ ᠳᠠᠭᠠᠷᠢᠬᠤ᠎ᠶ᠋ᠢ ᠰᠡᠷᠭᠡᠢᠯᠡᠨ ᠵᠠᠰᠠᠬᠤ ᠢᠨᠵᠧᠨᠧᠷᠢᠩ᠎ᠦᠨ ᠰᠤᠳᠤᠯᠭᠠᠨ᠎ᠤ ᠲᠥᠪ᠎ᠲᠤ᠂ ᠰᠦᠨ ᠱᠤᠤ ᠴᠧᠩ ᠬᠠᠮᠢᠶ᠎ᠠ ᠪᠥᠬᠥᠶ ᠬᠠᠷᠢᠭᠤᠴᠠᠯᠭᠠᠲᠠᠨ᠂ ᠠᠺᠠᠳᠧᠮᠢᠴᠢ ᠲᠤᠰᠭᠠᠶ ᠮᠡᠷᠭᠡᠵᠢᠯᠲᠡᠨ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ ᠎ᠲᠡᠶ ᠰᠠᠨᠠᠯ᠎ᠢᠶᠠᠨ ᠭᠦᠨᠵᠡᠭᠡᠶ ᠰᠣᠯᠢᠯᠴᠠᠵᠤ᠂ ᠱᠢᠨ᠎ᠡ᠎ᠶ᠋ᠢ ᠡᠭᠦᠳᠬᠦ᠌ ᠲᠠᠪᠴᠠᠩ᠎ᠤᠨ ᠲᠥᠯᠥᠪᠵᠢᠭᠦᠯᠭᠡ ᠪᠥᠲᠥᠭᠡᠨ ᠪᠠᠢᠭᠤᠯᠤᠯᠲᠠ᠎ᠶ᠋ᠢᠨ ᠪᠠᠢᠳᠠᠯ᠎ᠢ ᠣᠢᠯᠠᠭᠠᠵᠤ᠂ ᠪᠠᠰᠠ ᠶᠠᠮᠠᠷ ᠶᠠᠮᠠᠷ ᠬᠦᠴᠢᠷᠳᠡᠯ᠎ᠢ ᠱᠢᠶ᠋ᠳᠪᠦᠷᠢᠯᠡᠬᠦ᠌᠎ᠶ᠋ᠢ ᠠᠬᠢᠭᠤᠯᠬᠤ ᠴᠢᠬᠤᠯᠠᠲᠠᠶ ᠪᠠᠢᠬᠤ᠎ᠶ᠋ᠢ ᠯᠠᠪᠯᠠᠨ ᠠᠰᠠᠭᠤᠪᠠ᠃ ᠲᠡᠷᠡ᠂ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ ᠨᠢ ᠦᠨᠡᠨ᠎ᠢ ᠡᠷᠬᠢᠮᠯᠡᠬᠦ ᠪᠣᠳᠠᠲᠠᠢ᠎ᠶ᠋ᠢ ᠡᠷᠬᠢᠮᠯᠡᠵᠦ᠂ ᠠᠵᠤ ᠦᠢᠯᠡᠰ᠎ᠦᠨ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ ᠎ᠲᠠᠶ ᠨᠠᠷᠢᠯᠢᠭ ᠤᠨᠤᠪᠴᠢᠲᠠᠢ ᠵᠣᠯᠭᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠣᠱᠢᠭᠤᠷᠠᠯ ᠬᠦᠷᠢᠶᠡᠨ᠎ᠳᠦ ᠱᠢᠪᠲᠤᠯᠤᠯᠲᠠ ᠭᠠᠷᠭᠠᠬᠤ᠎ᠪᠠᠷ ᠴᠢᠷᠮᠠᠢᠬᠤ ᠬᠡᠷᠡᠭ᠌ᠲᠡᠢ ᠭᠡᠵᠦ᠍ ᠬᠡᠯᠡᠪᠡ᠃

ᠰᠦᠨ ᠱᠤᠤ ᠴᠧᠩ᠂ ᠤᠷᠳᠤᠰ ᠬᠤᠳᠠ᠎ᠶ᠋ᠢᠨ ᠬᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠪᠡᠷ ᠱᠢᠨ᠎ᠡ ᠲᠠᠢ᠌ᠨ᠎ᠤ ᠲᠠᠯᠠᠪᠤᠷ᠎ᠢ ᠨᠡᠭᠡᠭᠡᠨ ᠬᠦᠭᠵᠢᠭᠦᠯᠬᠦ ᠲᠠᠯ᠎ᠠ᠎ᠪᠠᠷ ᠡᠮᠦᠨ᠎ᠡ ᠡᠩᠨᠡᠭᠡᠨ᠎ᠳᠦ ᠬᠤᠰᠢᠭᠤᠷᠠᠵᠤ᠂ ᠲᠡᠷᠢᠭᠦᠨ᠎ᠤ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠂ ᠪᠤᠬᠢᠷᠳᠤᠯ ᠦᠭᠡᠢ ᠤᠰᠤᠲᠥ᠋ᠷᠥᠭ᠌ᠴᠢ ᠪᠤᠬᠢᠷᠳᠤᠯ ᠦᠭᠡᠢ ᠱᠢᠪᠲᠦᠷ᠂ ᠵᠣᠬᠢᠶᠠᠮᠠᠯ ᠤᠶᠤᠨ ᠴᠢᠳᠠᠪᠤᠷᠢ᠂ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠪᠠ ᠪᠠᠭ᠎ᠠ ᠨᠡᠭᠦᠷᠡᠰᠦᠲᠥ᠋ᠷᠥᠭ᠌ᠴᠢᠲᠤ᠂ ᠲᠠᠬᠢᠯᠲᠠ ᠡᠬᠢ ᠪᠠᠶᠠᠯᠢᠭ᠎ᠢ ᠠᠱᠢᠭ᠍ᠯᠠᠬᠤ ᠵᠡᠷᠭᠡ ᠬᠦᠷᠢᠶᠡᠨ᠎ᠤ ᠲᠣᠭᠣᠷᠢᠨ᠎ᠳᠦ ᠬᠣᠱᠢᠭᠤᠷᠠᠯ ᠮᠡᠷᠭᠡᠵᠢᠯ᠎ᠤᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠱᠢᠭᠤᠯᠤᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠱᠢᠨ᠎ᠡ ᠮᠡᠷᠭᠡᠵᠢᠯ᠎ᠢᠶᠡᠷ ᠱᠢᠨ᠎ᠡ ᠠᠵᠤ ᠦᠢᠯᠡᠰ᠎ᠢ ᠲᠦᠷᠭᠡᠨ ᠪᠣᠢᠵᠢᠭᠤᠯᠵᠤ᠂ ᠠᠵᠤ ᠦᠢᠯᠡᠰ᠎ᠦᠨ ᠪᠦᠲᠦᠴᠡ᠎ᠶ᠋ᠢ ᠱᠢᠯᠢᠳᠡᠭ᠌ᠵᠢᠭᠦᠯᠦᠨ ᠲᠡᠰ ᠳᠡᠪᠱᠢᠭᠦᠯᠬᠦ᠌᠎ᠶ᠋ᠢ ᠠᠬᠢᠭᠤᠯᠬᠤ ᠬᠡᠷᠡᠭ᠌ᠲᠡᠢ᠃ ᠢᠲᠡᠭᠡᠯ᠎ᠢᠶᠠᠨ ᠪᠠᠲᠤᠳᠭᠠᠵᠤ᠂ ᠵᠣᠷᠢᠭ᠎ᠢᠶᠠᠨ ᠬᠥᠪᠴᠢᠯᠡᠵᠦ᠍᠂ ᠠᠵᠤ ᠠᠬᠤᠢ᠎ᠶ᠋ᠢᠨ ᠰᠡᠷᠭᠦᠨ ᠰᠠᠢᠵᠢᠷᠠᠬᠤ ᠬᠠᠨᠳᠤᠰᠢ᠎ᠶ᠋ᠢ ᠪᠡᠬᠢᠵᠢᠭᠦᠯᠦᠨ ᠥᠷᠭᠡᠳᠭᠡᠵᠦ᠍᠂ ᠪᠦᠬᠦ᠌ ᠵᠢᠯ᠎ᠤᠨ ᠬᠠᠷᠠᠯᠲᠠ ᠡᠭᠦᠷᠭᠡ᠎ᠪᠡᠨ ᠴᠢᠷᠮᠠᠢᠨ ᠪᠡᠶᠡᠯᠡᠭᠦᠯᠬᠦ᠌ ᠬᠡᠷᠡᠭ᠌ᠲᠡᠢ ᠭᠡᠵᠡᠢ᠃

ᠢᠦᠢ ᠯᠢ ᠱᠢᠨ ᠠᠵᠢᠯᠯᠠᠭ᠎ᠠ᠎ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ