ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠵᠢᠷᠭᠤᠳᠤᠭᠠᠷ ᠬᠤᠭᠤᠴᠠᠭᠠᠨ᠎ᠤ 《 ᠮᠣᠩᠭᠣᠯ ᠮᠣᠷᠢ ᠬᠤᠨᠳᠠᠭᠠᠲᠤ 》 ᠰᠦᠯᠵᠢᠶᠡᠨ᠎ᠦ ᠠᠮᠤᠷ ᠲᠦᠪᠰᠢᠨ᠎ᠦ ᠤᠷᠤᠯᠳᠤᠭᠠᠨ ᠠᠮᠵᠢᠯᠲᠠ᠎ᠲᠠᠢ ᠶᠠᠪᠤᠭᠳᠠᠪᠠ
ᠨᠡᠶ᠋ᠢᠲᠡᠯᠡᠭᠰᠡᠨ ᠴᠠᠭ᠄ 2025-09-18

 

9 ᠳ᠋ᠦ᠍ᠭᠡᠷ ᠰᠠᠷ᠎ᠠ᠎ᠶᠢᠨ 15᠎ᠠᠴᠠ 16᠎ᠤ ᠡᠳᠦᠷ ᠬᠦᠷᠲᠡᠯ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ᠎ᠶᠢᠨ ᠬᠣᠷᠢᠶᠠᠨ᠎ᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠠᠵᠢᠯᠴᠢᠨ᠎ᠤ ᠶᠡᠷᠦᠩᠬᠡᠢ ᠡᠪᠯᠡᠯ᠎ᠡᠴᠡ ᠬᠠᠮᠲᠤᠷᠠᠨ ᠡᠷᠭᠢᠯᠡᠭᠰᠡᠨ ᠵᠢᠷᠭᠤᠳᠤᠭᠠᠷ ᠬᠤᠭᠤᠴᠠᠭᠠᠨ᠎ᠤ 《 ᠮᠣᠩᠭᠣᠯ ᠮᠣᠷᠢ ᠬᠤᠨᠳᠠᠭᠠᠲᠤ 》 ᠰᠦᠯᠵᠢᠶᠡᠨ᠎ᠦ ᠠᠮᠤᠷ ᠲᠦᠪᠰᠢᠨ᠎ᠦ ᠤᠷᠤᠯᠳᠤᠭᠠᠨ ᠬᠢᠭᠡᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶ᠎ᠡ ᠵᠢᠴᠢ ᠮᠡᠳᠡᠭᠡ ᠵᠠᠩᠭᠢ᠎ᠶᠢᠨ ᠠᠮᠤᠷ ᠲᠦᠪᠰᠢᠨ᠎ᠦ ᠬᠠᠮᠢᠶᠠᠷᠤᠯᠲᠠ ( ᠳ᠋ᠠᠢᠲ᠋ᠠ᠎ᠶᠢᠨ ᠠᠮᠤᠷ ᠲᠦᠪᠰᠢᠨ᠎ᠦ ᠬᠠᠮᠢᠶᠠᠷᠤᠭ᠍ᠴᠢ )᠎ᠶᠢᠨ ᠠᠵᠢᠯ ᠮᠡᠷᠭᠡᠵᠢᠯ᠎ᠦᠨ ᠤᠷ᠎ᠠ ᠮᠡᠷᠭᠡᠰᠢᠯ᠎ᠦᠨ ᠤᠷᠤᠯᠳᠤᠭᠠᠨ᠎ᠢ ᠬᠥᠬᠡᠬᠣᠲᠠᠨ᠎ᠠ ᠶᠠᠪᠤᠭᠳᠠᠭᠤᠯᠪᠠ᠃ 

9 ᠳ᠋ᠦ᠍ᠭᠡᠷ ᠰᠠᠷ᠎ᠠ᠎ᠶᠢᠨ 15᠎ᠤ ᠡᠳᠦᠷ᠂ ᠵᠢᠷᠭᠤᠳᠤᠭᠠᠷ ᠬᠤᠭᠤᠴᠠᠭᠠᠨ᠎ᠤ 《 ᠮᠣᠩᠭᠣᠯ ᠮᠣᠷᠢ ᠬᠤᠨᠳᠠᠭᠠᠲᠤ 》 ᠰᠦᠯᠵᠢᠶᠡᠨ᠎ᠦ ᠠᠮᠤᠷ ᠲᠦᠪᠰᠢᠨ᠎ᠦ ᠤᠷᠤᠯᠳᠤᠭᠠᠨ ᠬᠢᠭᠡᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶ᠎ᠡ ᠵᠢᠴᠢ ᠮᠡᠳᠡᠭᠡ ᠵᠠᠩᠭᠢ᠎ᠶᠢᠨ ᠠᠮᠤᠷ ᠲᠦᠪᠰᠢᠨ᠎ᠦ ᠬᠠᠮᠢᠶᠠᠷᠤᠯᠲᠠ ( ᠳ᠋ᠠᠢᠲ᠋ᠠ᠎ᠶᠢᠨ ᠠᠮᠤᠷ ᠲᠦᠪᠰᠢᠨ᠎ᠦ ᠬᠠᠮᠢᠶᠠᠷᠤᠭ᠍ᠴᠢ )᠎ᠶᠢᠨ ᠠᠵᠢᠯ ᠮᠡᠷᠭᠡᠵᠢᠯ᠎ᠦᠨ ᠤᠷ᠎ᠠ ᠮᠡᠷᠭᠡᠰᠢᠯ᠎ᠦᠨ ᠤᠷᠤᠯᠳᠤᠭᠠᠨ ᠡᠬᠢᠯᠡᠭᠰᠡᠨ᠎ᠦ ᠠᠬᠤᠢ ᠲᠠᠯᠠᠪᠠᠢ᠃ 

 

ᠲᠤᠰ ᠤᠳᠠᠭᠠᠨ᠎ᠤ ᠤᠷᠤᠯᠳᠤᠭᠠᠨ ᠪᠣᠯ 2025 ᠣᠨ᠎ᠤ ᠤᠯᠤᠰ᠎ᠤᠨ ᠰᠦᠯᠵᠢᠶᠡᠨ᠎ᠦ ᠠᠮᠤᠷ ᠲᠦᠪᠰᠢᠨ᠎ᠦ ᠤᠬᠠᠭᠤᠯᠭ᠎ᠠ᠎ᠶᠢᠨ ᠭᠠᠷᠠᠭ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠠᠬᠢ ᠰᠢᠷᠢᠰ ᠠᠵᠢᠯᠯᠠᠭ᠎ᠠ᠎ᠨᠤᠭᠤᠳ᠎ᠤᠨ ᠨᠢᠭᠡ ᠪᠣᠯᠣᠨ᠎ᠠ᠂ ᠡᠨᠡ ᠨᠢ ᠮᠠᠨ᠎ᠤ ᠣᠷᠣᠨ᠎ᠤ ᠪᠣᠲᠠᠲᠠᠢ ᠪᠠᠢᠯᠳᠤᠬᠤ ᠬᠡᠯᠪᠡᠷᠢᠲᠦ ᠰᠦᠯᠵᠢᠶ᠎ᠡ ᠪᠠ ᠳ᠋ᠠᠢᠲ᠋ᠠ᠎ᠶᠢᠨ ᠠᠮᠤᠷ ᠲᠦᠪᠰᠢᠨ᠎ᠦ ᠴᠢᠳᠠᠪᠤᠷᠢᠲᠠᠳ᠎ᠤᠨ ᠡᠩᠨᠡᠭᠡᠨ᠎ᠦ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠭᠣᠣᠯᠳᠠᠯᠭ᠎ᠠ ᠪᠣᠯᠬᠤ ᠠᠵᠢᠯ ᠲᠦᠷᠦᠯ᠎ᠦᠨ ᠬᠦᠷᠢᠶᠡᠨ᠎ᠳᠡᠬᠢ ᠰᠦᠯᠵᠢᠶ᠎ᠡ ᠪᠠ ᠳ᠋ᠠᠢᠲ᠋ᠠ᠎ᠶᠢᠨ ᠠᠮᠤᠷ ᠲᠦᠪᠰᠢᠨ᠎ᠦ ᠪᠠᠲᠤᠯᠠᠭ᠎ᠠ᠎ᠶᠢᠨ ᠴᠢᠳᠠᠪᠤᠷᠢ᠎ᠶᠢ ᠳᠡᠭᠡᠭᠰᠢᠯᠡᠭᠦᠯᠬᠦ᠎ᠶᠢᠨ ᠲᠥᠯᠥᠭᠡ ᠶᠤᠮ᠃ 

9 ᠳ᠋ᠦ᠍ᠭᠡᠷ ᠰᠠᠷ᠎ᠠ᠎ᠶᠢᠨ 16᠎ᠤ ᠡᠳᠦᠷ᠂ ᠱᠠᠩᠨᠠᠯ ᠣᠯᠣᠭᠰᠠᠳ᠎ᠲᠤ ᠱᠠᠩᠨᠠᠯ ᠭᠠᠷᠳᠠᠭᠤᠯᠵᠤ ᠪᠠᠢᠭ᠎ᠠ ᠨᠢ᠃

 

ᠪᠦᠬᠦ ᠣᠷᠣᠨ᠎ᠤ ᠠᠯᠪᠠᠨ ᠪᠠᠢᠭᠤᠯᠭ᠎ᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠶᠡᠬᠡ ᠳᠡᠭᠡᠳᠦ ᠰᠤᠷᠭᠠᠭᠤᠯᠢ᠎ᠶᠢᠨ 122 ᠡᠩᠨᠡᠭᠡᠨ᠎ᠦ 362 ᠣᠷᠣᠯᠴᠠᠭᠰᠠᠳ᠎ᠤᠨ ᠬᠣᠶᠠᠷ ᠡᠳᠦᠷ᠎ᠦᠨ ᠰᠢᠷᠦᠭᠦᠨ ᠥᠷᠢᠰᠦᠯᠳᠦᠭᠡᠨ᠎ᠢᠶᠠᠷ᠂ ᠳᠤᠮᠳᠠᠳᠤ ᠤᠯᠤᠰ᠎ᠤᠨ ᠨᠢᠭᠡᠲᠦᠭᠰᠡᠨ ᠨᠸᠲ ᠴᠢᠮᠡᠭᠡ ᠨᠡᠪᠲᠡᠷᠡᠭᠦᠯᠭᠡ᠎ᠶᠢᠨ ᠬᠢᠵᠠᠭᠠᠷᠲᠤ ᠺᠣᠮᠫᠠᠨᠢ᠎ᠶᠢᠨ ᠥᠪᠥᠷ ᠮᠣᠩᠭᠣᠯ᠎ᠳᠠᠬᠢ ᠬᠤᠪᠢᠶᠠᠷᠢ ᠺᠣᠮᠫᠠᠨᠢ᠎ᠶᠢᠨ ᠬᠠᠨ ᠵᠢᠩ ᠵᠧ ᠬᠤᠪᠢ ᠬᠥᠮᠥᠨ᠎ᠦ ᠤᠷᠤᠯᠳᠤᠭᠠᠨ᠎ᠳᠤ ᠲᠡᠷᠢᠭᠦᠯᠡᠵᠦ᠂ ᠬᠥᠯᠥᠨ ᠪᠣᠶ᠋ᠢᠷ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭᠯᠡᠯ᠎ᠦᠨ ᠣᠷᠳᠣᠰ᠎ᠲᠠᠬᠢ ᠴᠠᠬᠢᠯᠭᠠᠨ ᠬᠠᠩᠭᠠᠬᠤ ᠺᠣᠮᠫᠠᠨᠢ ( ᠨᠢᠭᠡᠳᠦᠭᠡᠷ ᠠᠩᠭᠢ )᠂ ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠲᠣᠰ ᠲᠣᠰ ᠪᠠᠭ᠎ᠤᠨ ᠤᠷᠤᠯᠳᠤᠭᠠᠨ᠎ᠤ ᠠᠯᠪᠠᠨ ᠪᠠᠢᠭᠤᠯᠭ᠎ᠠ᠎ᠶᠢᠨ ᠳᠤᠭᠤᠢᠯᠠᠩ᠂ ᠠᠵᠤ ᠠᠬᠤᠢᠯᠠᠯ᠎ᠤᠨ ᠳᠤᠭᠤᠢᠯᠠᠩ ᠪᠠ ᠰᠣᠷᠣᠭ᠍ᠴᠢ᠎ᠶᠢᠨ ᠳᠤᠭᠤᠢᠯᠠᠩ᠎ᠤᠨ ᠨᠢᠭᠡᠳᠦᠭᠡᠷ ᠳᠡᠰ᠎ᠤᠨ ᠱᠠᠩᠨᠠᠯ ᠭᠥᠷᠳᠡᠪᠡ ᠃ 

9 ᠳ᠋ᠦ᠍ᠭᠡᠷ ᠰᠠᠷ᠎ᠠ᠎ᠶᠢᠨ 16᠎ᠤ ᠡᠳᠦᠷ᠂ ᠵᠢᠷᠭᠤᠳᠤᠭᠠᠷ ᠬᠤᠭᠤᠴᠠᠭᠠᠨ᠎ᠤ 《 ᠮᠣᠩᠭᠣᠯ ᠮᠣᠷᠢ ᠬᠤᠨᠳᠠᠭᠠᠲᠤ 》 ᠰᠦᠯᠵᠢᠶᠡᠨ᠎ᠦ ᠠᠮᠤᠷ ᠲᠦᠪᠰᠢᠨ᠎ᠦ ᠤᠷᠤᠯᠳᠤᠭᠠᠨ᠎ᠤ ᠪᠠᠭ᠎ᠤᠨ ᠤᠷᠤᠯᠳᠤᠭᠠᠨ᠎ᠤ ᠠᠯᠪᠠᠨ ᠪᠠᠢᠭᠤᠯᠭ᠎ᠠ᠎ᠶᠢᠨ ᠳᠤᠭᠤᠢᠯᠠᠩ᠂ ᠠᠵᠤ ᠠᠬᠤᠢᠯᠠᠯ᠎ᠤᠨ ᠳᠤᠭᠤᠢᠯᠠᠩ᠎ᠤᠨ ᠨᠢᠭᠡᠳᠦᠭᠡᠷ ᠳᠡᠰ᠎ᠤᠨ ᠱᠠᠩᠨᠠᠯ ᠬᠦᠷᠲᠡᠭᠰᠡᠳ᠎ᠲᠦ ᠱᠠᠩᠨᠠᠯ ᠭᠠᠷᠳᠠᠭᠤᠯᠵᠤ ᠪᠠᠢᠭ᠎ᠠ ᠨᠢ᠃ 

9 ᠳ᠋ᠦ᠍ᠭᠡᠷ ᠰᠠᠷ᠎ᠠ᠎ᠶᠢᠨ 16᠎ᠤ ᠡᠳᠦᠷ᠂ ᠵᠢᠷᠭᠤᠳᠤᠭᠠᠷ ᠬᠤᠭᠤᠴᠠᠭᠠᠨ᠎ᠤ 《 ᠮᠣᠩᠭᠣᠯ ᠮᠣᠷᠢ ᠬᠤᠨᠳᠠᠭᠠᠲᠤ 》 ᠰᠦᠯᠵᠢᠶᠡᠨ᠎ᠦ ᠠᠮᠤᠷ ᠲᠦᠪᠰᠢᠨ᠎ᠦ ᠤᠷᠤᠯᠳᠤᠭᠠᠨ᠎ᠤ ᠪᠠᠭ᠎ᠤᠨ ᠤᠷᠤᠯᠳᠤᠭᠠᠨ᠎ᠤ ᠰᠣᠷᠣᠭ᠍ᠴᠢ᠎ᠶᠢᠨ ᠳᠤᠭᠤᠢᠯᠠᠩ᠎ᠤᠨ ᠨᠢᠭᠡᠳᠦᠭᠡᠷ ᠳᠡᠰ᠎ᠤᠨ ᠱᠠᠩᠨᠠᠯ ᠬᠦᠷᠲᠡᠭᠰᠡᠳ᠎ᠲᠦ ᠱᠠᠩᠨᠠᠯ ᠭᠠᠷᠳᠠᠭᠤᠯᠵᠤ ᠪᠠᠢᠭ᠎ᠠ ᠨᠢ᠃ 

ᠲᠣᠰ ᠤᠳᠠᠭᠠᠨ᠎ᠤ ᠤᠷᠤᠯᠳᠤᠭᠠᠨ᠎ᠢᠶᠠᠷ ᠣᠷᠣᠯᠴᠠᠭᠰᠠᠳ᠎ᠤᠨ ᠲᠤᠰᠬᠠᠢ ᠮᠡᠷᠭᠡᠵᠢᠯ᠎ᠦᠨ ᠮᠡᠳᠡᠯᠭᠡ ᠪᠠ ᠮᠡᠷᠭᠡᠰᠢᠯ ᠤᠷ᠎ᠠ ᠴᠢᠳᠠᠪᠤᠷᠢ᠎ᠶᠢ ᠪᠥᠬᠥ ᠲᠠᠯ᠎ᠠ᠎ᠪᠠᠷ ᠰᠢᠯᠭᠠᠨ ᠪᠠᠢᠴᠠᠭᠠᠭᠰᠠᠨ ᠪᠠᠢᠨ᠎ᠠ᠃ ᠤᠷᠤᠯᠳᠤᠭᠠᠨ᠎ᠤ ᠠᠭᠤᠯᠭ᠎ᠠ᠎ᠳᠤ ᠰᠦᠯᠵᠢᠶᠡᠨ᠎ᠦ ᠠᠮᠤᠷ ᠲᠦᠪᠰᠢᠨ ᠪᠠ ᠰᠦᠯᠵᠢᠶᠡᠨ᠎ᠦ ᠳ᠋ᠠᠢᠲ᠋ᠠ᠎ᠶᠢᠨ ᠠᠮᠤᠷ ᠲᠦᠪᠰᠢᠨ᠎ᠦ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠤᠯᠤᠰ᠎ᠤᠨ ᠪᠠᠷᠢᠮᠵᠢᠶ᠎ᠠ᠂ ᠲᠡᠷᠡᠴᠢᠯᠡᠨ AI ᠠᠮᠤᠷ ᠲᠦᠪᠰᠢᠨ᠎ᠦ ᠬᠡᠷᠡᠭᠯᠡᠯᠲᠡ᠂ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠵᠡᠷᠭᠡ ᠪᠣᠲᠠᠲᠠᠢᠪᠠᠢᠯᠳᠤᠬᠤ ᠴᠢᠳᠠᠪᠤᠷᠢ᠎ᠶᠢ ᠪᠠᠭᠲᠠᠭᠠᠪᠠ᠃ 

 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ