ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠬᠤ ᠪᠠᠷᠠᠭᠤᠨ ᠬᠡᠰᠡᠭ᠎ᠦᠨ ᠭᠠᠵᠠᠷ ᠣᠷᠣᠨ᠎ᠤ ᠬᠤᠷᠠᠯ ᠦᠬᠠᠶ᠎ᠳᠤ ᠬᠤᠷᠠᠯᠳᠤᠪᠠ   ᠰᠦᠨ ᠱᠤᠤ ᠴᠧᠩ ᠬᠤᠷᠠᠯ᠎ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2025-09-23

 

9 ᠰᠠᠷ᠎ᠠ᠎ᠶ᠋ᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠬᠤ ᠪᠠᠷᠠᠭᠤᠨ ᠬᠡᠰᠡᠭ᠎ᠦᠨ ᠭᠠᠵᠠᠷ ᠣᠷᠣᠨ᠎ᠤ ᠬᠤᠷᠠᠯ ᠦᠬᠠᠶ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠤ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠭᠠᠵᠠᠷ ᠣᠷᠣᠨ ᠎ᠤ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶᠢ ᠭᠦᠨᠵᠡᠭᠡᠶ ᠲᠤᠭᠤᠱᠢᠯᠠᠭᠤᠯᠵᠤ᠂ ᠦᠬᠠᠶ᠎ᠶ᠋ᠢ ᠲᠣᠭᠣᠷᠢᠭ᠍ᠰᠠᠨ ᠭᠠᠵᠠᠷ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠵᠠᠰᠠᠯᠲᠠ᠎ᠶ᠋ᠢ ᠰᠠᠢᠲᠤᠷ ᠠᠳᠭᠤᠬᠤ᠎ᠪᠠᠷ ᠭᠤᠤᠯᠳᠠᠯᠭ᠎ᠠ ᠪᠣᠯᠭᠠᠵᠤ᠂ ᠵᠣᠷᠢᠭ ᠱᠢᠭᠤᠳᠤᠨ ᠪᠣᠭᠣᠮᠢ ᠬᠢᠵᠠᠭᠠᠷᠯᠠᠯ᠎ᠢ ᠠᠷᠢᠯᠭᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠬᠢ ᠪᠠᠶᠠᠯᠢᠭ᠎ᠤᠨ ᠬᠡᠯᠪᠡᠷᠢ᠎ᠶ᠋ᠢᠨ ᠭᠠᠵᠠᠷ ᠣᠷᠣᠨ᠎ᠤ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠱᠢᠨ᠎ᠡ ᠠᠷᠭ᠎ᠠ ᠵᠠᠮ᠎ᠢ ᠰᠦᠪᠡᠭ᠌ᠴᠢᠯᠡᠬᠦ᠌᠎ᠳᠦ ᠨᠠᠩ ᠶᠡᠬᠡ ᠬᠤᠪᠢ ᠨᠡᠮᠡᠷᠢ ᠦᠵᠡᠭᠦᠯᠬᠦ᠌᠎ᠪᠡᠷ ᠴᠢᠷᠮᠠᠢᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠬᠤᠷᠠᠯ᠎ᠡᠴᠡ 《ᠥᠪᠥᠷ ᠮᠣᠩᠭᠣᠯ ᠎ᠤᠨ ᠪᠠᠷᠠᠭᠤᠨ ᠬᠡᠰᠡᠭ᠎ᠦᠨ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠠᠷᠭ᠎ᠠ ᠬᠡᠮᠵᠢᠶ᠎ᠡ᠎ᠨᠦᠭᠦᠳ》᠎ᠢ ᠲᠠᠢᠯᠪᠤᠷᠢᠯᠠᠨ ᠶᠠᠷᠢᠯᠴᠠᠵᠤ᠂ ᠪᠠᠶᠠᠨᠨᠠᠭᠤᠷ ᠬᠣᠲᠠ᠂ ᠦᠬᠠᠶ ᠬᠣᠲᠠ᠂ ᠠᠯᠠᠱᠠ ᠠᠢᠮᠠᠭ᠂ ᠣᠷᠳᠣᠰ ᠬᠣᠲᠠ᠎ᠶ᠋ᠢᠨ ᠨᠠᠮ᠎ᠤᠨ ᠬᠣᠷᠢᠶ᠎ᠠ᠎ᠶᠢᠨ ᠱᠦᠵᠢ ᠪᠣᠯᠤᠨ ᠣᠷᠣᠨ᠎ᠤ 13 ᠱᠢᠭᠤᠳ ᠬᠠᠷᠢᠶ᠎ᠠ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠬᠠᠷᠢᠭᠤ ᠮᠡᠳᠡᠭᠦᠯᠪᠡ᠃

ᠰᠦᠨ ᠱᠤᠤ ᠴᠧᠩ ᠶᠠᠷᠢᠯᠴᠠᠭ᠎ᠠ ᠪᠠ ᠬᠠᠷᠢᠭᠤ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ᠂ ᠡᠨᠡ ᠤᠳᠠᠭ᠎ᠠ᠎ᠶ᠋ᠢᠨ ᠬᠤᠷᠠᠯ᠎ᠡᠴᠡ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠪᠣᠳᠠᠲᠠᠶ ᠠᠷᠭ᠎ᠠ ᠬᠡᠮᠵᠢᠶ᠎ᠡ᠎ᠶᠢ ᠤᠯᠠᠮ ᠨᠢᠭᠡ ᠠᠯᠬᠤᠮ ᠲᠣᠳᠣᠷᠬᠠᠢᠯᠠᠪᠠ᠂ ᠵᠠᠯᠭᠠᠭᠠᠳ ᠨᠠᠢᠳᠠᠪᠤᠷᠢᠵᠢᠭᠤᠯᠤᠯᠲᠠ᠎ᠶᠢ ᠰᠠᠢᠲᠤᠷ ᠠᠳᠭᠤᠬᠤ ᠬᠡᠷᠡᠭ᠌ᠲᠡᠶ᠃ ᠦᠬᠠᠢ᠎ᠶᠢ ᠲᠤᠭᠤᠷᠢᠭᠰᠠᠨ ᠭᠠᠵᠠᠷ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠪᠣᠯ 《ᠶᠠᠷᠰᠢᠭ ᠪᠤᠳᠤᠯᠢᠶᠠᠨᠳᠠᠢ ᠠᠰᠠᠭᠤᠳᠠᠯ》 ᠪᠣᠯᠤᠨ᠎ᠠ᠂ ᠡᠷᠬᠡᠪᠰᠢ ᠰᠡᠳᠭᠢᠯ ᠱᠢᠭᠤᠳᠤᠨ ᠦᠩᠬᠡᠨ ᠲᠠᠯ᠎ᠠ ᠪᠠ ᠦᠨᠳᠦᠰᠦᠨ᠎ᠡᠴᠡ ᠨᠢ ᠵᠠᠰᠠᠬᠤ᠎ᠶ᠋ᠢ ᠠᠬᠢᠭᠤᠯᠵᠤ᠂ ᠲᠤᠢᠯᠪᠤᠷᠢᠲᠠᠢ ᠦᠨᠳᠦᠰᠦᠨ᠎ᠡᠴᠡ ᠨᠢ ᠵᠠᠰᠠᠬᠤ ᠬᠡᠷᠡᠭ᠌ᠲᠡᠢ᠃ ᠲᠡᠷᠡ ᠲᠠᠷᠤᠢ ᠳ᠋ᠤᠨᠢ ᠡᠷᠡᠰ ᠰᠢᠢᠳᠪᠦᠷᠢᠯᠡᠬᠦ ᠡᠷᠴᠢ ᠵᠣᠷᠢᠭ᠎ᠢᠶᠠᠷ 《ᠥᠩᠭᠡᠨ ᠲᠠᠯ᠎ᠠ᠎ᠶ᠋ᠢ ᠵᠠᠰᠠᠵᠤ 》᠂ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠬᠢᠨᠠᠨ ᠪᠠᠢᠴᠠᠭᠠᠯᠳᠠ᠎ᠶᠢᠨ ᠬᠠᠷᠢᠭᠤ ᠲᠤᠰᠭᠠᠭ᠍ᠰᠠᠨ ᠰᠠᠨᠠᠯ ᠶᠤᠰᠤᠭᠠᠷ ᠴᠡᠭ᠌ᠴᠡᠯᠡᠨ ᠰᠠᠢᠵᠢᠷᠠᠭᠤᠯᠬᠤ᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠪᠠᠷᠢᠮᠵᠢᠶ᠎ᠠ᠎ᠡᠴᠡ ᠬᠡᠲᠦᠷᠡᠭᠦᠯᠦᠨ ᠭᠠᠳᠠᠭ᠍ᠰᠢᠯᠠᠭᠤᠯᠬᠤ᠂ ᠬᠣᠭ ᠨᠣᠪᠰᠢ᠎ᠶ᠋ᠢ ᠳᠤᠷ᠎ᠠ᠎ᠪᠠᠷ ᠬᠠᠶᠠᠬᠤ᠂ ᠲᠣᠭᠣᠰᠣᠨ ᠪᠤᠬᠢᠷᠳᠤᠯ᠎ᠤᠨ ᠬᠠᠮᠢᠶᠠᠷᠤᠯᠳᠠ ᠰᠤᠯᠠ ᠪᠠᠢᠬᠤ ᠵᠡᠷᠭᠡ ᠲᠣᠪᠣᠢᠮ᠎ᠠ ᠠᠰᠠᠭᠤᠳᠠᠯ᠎ᠢ ᠨᠢᠭᠡ᠎ᠡᠴᠡ ᠵᠦᠢᠴᠢᠯᠡᠨ ᠨᠦᠭᠦᠭᠡ᠎ᠶᠢ ᠮᠡᠳᠡᠵᠦ ᠲᠤᠢᠯᠪᠤᠷᠢᠳᠠᠢ ᠬᠣᠷᠢᠭ᠍ᠯᠠᠬᠤ ᠬᠡᠷᠡᠭ᠌ᠲᠡᠶ᠃ ᠬᠥᠭ᠌ᠵᠢᠯᠲᠡ᠎ᠶ᠋ᠢᠨ ᠴᠢᠳᠠᠪᠬᠢ ᠲᠡᠰ᠎ᠢ 《ᠦᠨᠳᠦᠰᠦ᠎ᠡᠴᠡ ᠨᠢ ᠵᠠᠰᠠᠬᠤ》᠎ᠶᠢ ᠳᠡᠭᠡᠭ᠌ᠰᠢᠯᠡᠭᠦᠯᠵᠦ᠍᠂ ᠠᠵᠤ ᠠᠬᠤᠢ᠎ᠶᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠲᠡᠢᠰᠢ ᠬᠡᠯᠪᠡᠷᠢ ᠪᠠᠨ ᠬᠤᠪᠢᠷᠠᠭᠤᠯᠬᠤ᠎ᠶᠢ ᠬᠦᠴᠦᠯᠡᠨ ᠠᠬᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ ᠪᠣᠯᠤᠨ ᠠᠵᠤ ᠦᠢᠯᠡᠰ᠎ᠢ 《ᠦᠰᠦᠳ ᠦᠭᠡᠷ᠎ᠠ ᠶᠠᠭᠤᠮ᠎ᠠ ᠪᠤᠯᠭᠠᠬᠤ 》 ᠠᠰᠠᠭᠤᠳᠠᠯ᠎ᠢ ᠦᠨᠡᠨ ᠬᠦ᠌ ᠱᠢᠢᠳᠪᠦᠷᠢᠯᠡᠵᠦ᠍᠂ ᠠᠵᠤ ᠦᠢᠯᠡᠰ᠎ᠦᠨ ᠬᠡᠯᠬᠢᠶ᠎ᠠ᠎ᠶ᠋ᠢ ᠲᠠᠰᠤᠷᠠᠯᠳᠠ ᠦᠭᠡᠢ ᠤᠷᠲᠤᠳᠭᠠᠵᠤ᠂ ᠱᠢᠨ᠎ᠡ ᠲᠠᠢ᠌ᠨ ᠎ᠦ ᠲᠠᠯᠠᠪᠤᠷ᠎ᠢ ᠱᠠᠯᠠᠪᠳᠠᠨ ᠨᠡᠭᠡᠭᠡᠵᠦ᠍᠂ ᠠᠵᠤ ᠦᠢᠯᠡᠰ᠎ᠦᠨ ᠪᠦᠲᠦᠴᠡ᠎ᠶ᠋ᠢ ᠱᠢᠯᠢᠳᠡᠭ᠌ᠵᠢᠭᠦᠯᠦᠨ ᠲᠡᠰ ᠳᠡᠪᠱᠢᠭᠦᠯᠬᠦ᠌᠎ᠶ᠋ᠢ ᠴᠢᠷᠮᠠᠢᠨ ᠠᠬᠢᠭᠤᠯᠬᠤ ᠬᠡᠷᠡᠭ᠌ᠲᠡᠢ᠃ ᠣᠷᠣᠨ ᠪᠦᠰᠡ᠎ᠶ᠋ᠢᠨ ᠬᠣᠯᠪᠣᠭᠠᠯᠠᠨ ᠪᠠᠢᠭᠤᠯᠵᠤ ᠬᠣᠯᠪᠣᠭᠠᠯᠠᠨ ᠵᠠᠰᠠᠬᠤ᠂ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ᠂ ᠬᠠᠤᠯᠢ ᠬᠡᠷᠡᠭ᠌ᠵᠢᠭᠦᠯᠬᠦ᠌ ᠬᠦᠴᠦᠨ᠎ᠦ ᠲᠣᠬᠢᠷᠠᠭᠤᠯᠤᠯᠲᠠ ᠵᠡᠷᠭᠡ ᠪᠠᠢᠭᠤᠯᠤᠯ ᠲᠣᠭ᠍ᠲᠠᠴᠠ᠎ᠶ᠋ᠢ ᠤᠯᠠᠮ ᠨᠢᠭᠡ ᠠᠯᠬᠤᠮ ᠱᠢᠯᠤᠭᠤᠳᠭᠠᠵᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ᠎ᠶ᠋ᠢᠨ ᠵᠤᠬᠢᠴᠠᠩᠭᠤᠢ ᠴᠢᠨᠠᠷ ᠰᠠᠢᠲᠠᠶ ᠬᠥᠭ᠌ᠵᠢᠯᠲᠡ᠎ᠶᠢᠨ ᠤᠳᠤᠷᠢᠳᠭᠤ ᠳᠤᠭᠤᠢᠯᠠᠩ᠎ᠤᠨ ᠪᠣᠷᠣ ᠲᠥᠯᠥᠪ᠎ᠦᠨ ᠳᠤᠤᠷ᠎ᠠ ᠠᠵᠢᠯ᠎ᠢᠶᠠᠨ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠬᠦ᠌ ᠬᠡᠷᠡᠭ᠌ᠲᠡᠶ᠃ ᠺᠠᠳ᠋ᠷ᠎ᠤᠨ ᠰᠤᠷᠲᠠᠯ᠎ᠢ ᠪᠦᠬᠦ᠌ ᠲᠠᠯ᠎ᠠ᠎ᠪᠠᠷ ᠰᠠᠢᠵᠢᠷᠠᠭᠤᠯᠵᠤ᠂ 《ᠤᠳᠠᠭᠠᠨ ᠪᠦᠳᠦᠭᠦᠯᠢᠭ ᠬᠡᠢᠰᠪᠦᠷᠢ》ᠠᠰᠠᠭᠤᠳᠠᠯ᠎ᠢ ᠭᠦᠨᠵᠡᠭᠡᠢ ᠱᠢᠢᠳᠪᠦᠷᠢᠯᠡᠵᠦ᠍᠂ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠬᠤ᠎ᠶ᠋ᠢᠨ ᠬᠠᠮᠲᠤ ᠳᠠᠢᠯᠠᠯᠳᠤᠭᠠᠨ᠎ᠢ ᠱᠠᠯᠠᠪᠳᠠᠨ ᠬᠢᠵᠦ᠍᠂ ᠡᠯ᠎ᠡ ᠵᠦᠢᠯ᠎ᠦᠨ ᠡᠭᠦᠷᠭᠡ᠎ᠶ᠋ᠢ ᠴᠢᠨᠠᠷ ᠰᠠᠢᠲᠠᠢ ᠥᠨᠳᠥᠷ ᠪᠦᠲᠦᠮᠵᠢᠲᠡᠢ ᠪᠡᠶᠡᠯᠡᠭᠦᠯᠬᠦ᠌ ᠬᠡᠷᠡᠭ᠌ᠲᠡᠢ ᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠶ ᠯᠢ ᠱᠢᠨ᠂ ᠶᠤᠤ ᠶᠦᠩ ᠪᠥᠸᠧ ᠬᠤᠷᠠᠯ᠎ᠳᠤ ᠣᠷᠣᠯᠴᠠᠵᠠᠶ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ