ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠤᠤ ᠴᠧᠩ ᠦᠬᠠᠶ ᠬᠣᠲᠠ᠎ᠳᠤ ᠲᠥᠪ᠎ᠤᠨ ᠠᠮᠢ ᠠᠬᠤᠶ᠎ᠣᠷᠴᠢᠨ ᠲᠣᠭᠣᠷᠢᠨ᠎ᠦ ᠬᠠᠮᠠᠭᠠᠯᠠᠯᠳᠠ᠎ᠶᠢᠨ ᠬᠢᠨᠡᠨ ᠪᠠᠢᠴᠠᠭᠠᠯᠳᠠ᠎ᠠᠴᠠ ᠵᠠᠷᠯᠠᠭᠰᠠᠨ ᠨᠡᠢᠳᠡᠯᠢᠭ ᠬᠡᠷᠡᠭ᠎ᠢ ᠴᠡᠭᠴᠡᠯᠡᠨ ᠰᠠᠢᠵᠢᠷᠠᠭᠤᠯᠬᠤ ᠠᠵᠢᠯ᠎ᠢ ᠲᠤᠬᠠᠶ᠎ᠶᠢᠨ ᠲᠠᠯᠠᠪᠠᠶ᠎ᠳᠤ ᠬᠢᠨᠡᠨ ᠵᠢᠯᠤᠭᠤᠳᠪᠠ
ᠨᠡᠶ᠋ᠢᠲᠡᠯᠡᠭᠰᠡᠨ ᠴᠠᠭ᠄ 2025-09-24

 

9 ᠰᠠᠷ᠎ᠠ᠎ᠶᠢᠨ 23᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠰᠦᠨ ᠱᠤᠤ ᠴᠧᠩ ᠦᠬᠠᠶ ᠬᠣᠲᠠ᠎ᠶ᠋ᠢᠨ ᠬᠠᠢ᠌ᠷᠤᠪ᠎ᠤᠨ ᠲᠣᠬᠣᠶ ᠲᠣᠭᠣᠷᠢᠭ᠎ᠲᠤ ᠭᠦᠨᠵᠡᠭᠡᠢᠷᠡᠵᠦ᠍᠂ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠡᠨ ᠪᠠᠢᠴᠠᠭᠠᠯᠲᠠ᠎ᠳᠤ ᠵᠠᠷᠯᠠᠭᠰᠠᠨ ᠨᠡᠢᠲᠡᠯᠢᠭ ᠬᠡᠷᠡᠭ᠎ᠢ ᠴᠡᠭ᠌ᠴᠡᠯᠡᠨ ᠰᠠᠢᠵᠢᠷᠠᠭᠤᠯᠬᠤ ᠠᠵᠢᠯ᠎ᠢ ᠬᠢᠨᠡᠨ ᠵᠢᠯᠣᠭᠣᠳᠪᠠ᠃ ᠲᠡᠷᠡ᠂ ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠡᠨ ᠪᠠᠢᠴᠠᠭᠠᠯᠳᠠ᠎ᠶᠢᠨ ᠱᠠᠭᠠᠷᠳᠠᠯᠭ᠎ᠠ᠎ᠶᠢ ᠴᠢᠩᠭ᠎ᠠ ᠵᠢᠷᠤᠮᠯᠠᠨ᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠠᠵᠢᠯ᠎ᠢ ᠴᠢᠩᠭ᠎ᠠ ᠪᠣᠳᠠᠲᠠᠶ ᠰᠠᠢᠲᠤᠷ ᠠᠳᠭᠤᠵᠤ᠂ ᠴᠠᠭ ᠲᠤᠬᠠᠶ᠎ᠳᠤᠨᠢ ᠱᠢᠯᠭᠠᠯᠲᠠ᠎ᠪᠠᠨ ᠲᠤᠱᠢᠶᠠᠵᠤ᠂ ᠰᠢᠢᠳᠪᠦᠷᠢᠯᠡᠵᠤ ᠳᠠᠭᠤᠰᠬᠠᠬᠤ᠎ᠶᠢ ᠪᠠᠲᠤᠯᠠᠬᠤ ᠬᠡᠷᠡᠭ᠌ᠲᠡᠶ ᠭᠡᠵᠤ ᠴᠢᠬᠤᠯᠠᠴᠢᠯᠠᠵᠠᠢ᠃

ᠰᠦᠨ ᠱᠤᠤ ᠴᠧᠩ ᠤᠷᠢᠳ ᠬᠣᠵᠢᠳ ᠴᠡᠭᠡᠯ ᠠᠭᠤᠯᠠ᠎ᠶᠢᠨ ᠨᠡᠭᠦᠷᠡᠰᠦ ᠬᠡᠦᠷᠱᠢᠭᠦᠯᠬᠦ᠌ ᠺᠣᠮᠫᠠᠨᠢ ᠪᠣᠯᠤᠨ ᠰᠠᠢ ᠰᠧ ᠫᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠺᠣᠮᠫᠠᠨᠢ᠎ᠳᠤ ᠬᠦᠷᠴᠦ᠍᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠎ᠤᠨ ᠲᠠᠨᠢᠯᠴᠠᠭᠤᠯᠭ᠎ᠠ᠎ᠶᠢ ᠰᠣᠨᠣᠰᠴᠤ᠌᠂ ᠠᠵᠤ ᠠᠬᠤᠢᠯᠠᠯ᠎ᠤᠨ ᠬᠡᠳᠤ ᠪᠠᠭ᠎ᠠ ᠭᠠᠳᠠᠭ᠍ᠰᠢᠯᠠᠭᠤᠯᠤᠯᠲᠠ ᠪᠤᠯᠭᠠᠵᠤ ᠥᠭᠡᠷᠡᠴᠢᠯᠡᠨ ᠰᠠᠢᠵᠢᠷᠠᠭᠤᠯᠬᠤ᠂ ᠦᠢᠯᠡᠳᠪᠦᠷᠢ᠎ᠶ᠋ᠢᠨ ᠲᠣᠭᠣᠷᠢᠭ᠎ᠤᠨ ᠣᠷᠴᠢᠨ ᠲᠣᠭᠣᠷᠢᠨ᠎ᠤ ᠵᠠᠰᠠᠯᠲᠠ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠱᠢᠢᠳᠪᠦᠷᠢᠯᠡᠭ᠌ᠰᠡᠨ ᠵᠡᠷᠭᠡ ᠪᠠᠢᠳᠠᠯ᠎ᠢ ᠣᠢᠯᠠᠭᠠᠪᠠ᠃ ᠲᠡᠷᠡ᠂ ᠭᠦᠨᠵᠡᠭᠡᠶ ᠰᠤᠷᠭᠠᠮᠵᠢ ᠠᠪᠴᠤ᠌᠂ ᠴᠡᠭ᠌ᠴᠡᠯᠡᠨ ᠰᠠᠢᠵᠢᠷᠠᠭᠤᠯᠬᠤ ᠡᠭᠦᠷᠭᠡ᠎ᠶᠢ ᠴᠢᠩᠭ᠎ᠠ ᠨᠠᠢᠳᠠᠪᠤᠷᠢᠵᠢᠭᠤᠯᠵᠤ᠂ ᠬᠡᠲᠦ ᠪᠠᠭ᠎ᠠ ᠭᠠᠳᠠᠭ᠍ᠰᠢᠯᠠᠭᠤᠯᠤᠯᠳᠠ ᠪᠤᠯᠭᠠᠵᠤ ᠥᠭᠡᠷᠡᠴᠢᠯᠡᠨ ᠰᠠᠢᠵᠢᠷᠠᠭᠤᠯᠬᠤ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠱᠢᠶ᠋ᠳᠪᠦᠷᠢᠯᠡᠬᠦ᠌᠂ ᠬᠣᠭ ᠲᠣᠭᠣᠰᠣ᠎ᠶ᠋ᠢ ᠵᠠᠰᠠᠬᠤ᠂ ᠬᠠᠳᠠᠭᠠᠯᠠᠯᠳᠠ᠎ᠶᠢᠨ ᠬᠥᠮᠥᠷᠭᠡ ᠪᠠᠢᠭᠤᠯᠬᠤ ᠵᠡᠷᠭᠡ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠪᠣᠬᠢᠷᠲᠤᠯ ᠡᠭᠦᠰᠭᠡᠭᠰᠡᠨ ᠡᠰᠡᠷᠭᠦ᠌ ᠲᠠᠯ᠎ᠠ᠎ᠶᠢᠨ ᠨᠡᠢᠲᠡᠯᠢᠭ ᠬᠡᠷᠡᠭ᠎ᠢ ᠴᠡᠭ᠌ᠴᠡᠯᠡᠨ ᠰᠠᠢᠵᠢᠷᠠᠭᠤᠯᠤᠭᠰᠠᠨ ᠵᠥᠪ ᠲᠠᠯ᠎ᠠ᠎ᠶ᠋ᠢᠨ ᠨᠡᠢᠲᠡᠯᠢᠭ ᠬᠡᠷᠡᠭ ᠪᠣᠯᠭᠠᠬᠤ᠎ᠪᠠᠷ ᠴᠢᠷᠮᠠᠢᠬᠤ ᠬᠡᠷᠡᠭ᠌ᠲᠡᠶ᠃ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠬᠤᠯᠠᠴᠢᠯᠠᠬᠤ ᠦᠭᠡᠢ ᠠᠵᠤ ᠠᠬᠤᠢᠯᠠᠯ ᠪᠣᠯ ᠢᠷᠡᠭᠡᠳᠦᠢ ᠦᠭᠡᠢ ᠶᠤᠮ᠂ ᠠᠵᠤ ᠠᠬᠤᠢᠯᠠᠯ᠎ᠤᠨ ᠬᠢᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠤᠬᠠᠮᠰᠠᠷ᠎ᠢᠶᠠᠨ ᠴᠢᠩᠭᠠᠳᠭᠠᠵᠤ᠂ ᠪᠡᠯᠡ ᠮᠥᠩᠭᠥ᠌ ᠣᠷᠣᠭᠤᠯᠵᠤ ᠪᠠᠢᠭᠠᠳ ᠪᠣᠬᠢᠷᠲᠤᠯ᠎ᠢ ᠵᠠᠰᠠᠬᠤ ᠲᠥᠬᠥᠭᠡᠷᠦᠮᠵᠢ ᠪᠠᠢᠭᠤᠯᠵᠤ᠂ ᠠᠷᠢᠭᠤᠨ ᠴᠡᠪᠡᠷ ᠦᠢᠯᠡᠳᠪᠦᠷᠢᠯᠡᠯ᠎ᠢ ᠶᠡᠬᠡ᠎ᠪᠡᠷ ᠠᠬᠢᠭᠤᠯᠵᠤ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠪᠡ᠃

ᠰᠦᠨ ᠱᠤᠤ ᠴᠧᠩ᠂ ᠦᠬᠠᠢ ᠬᠤᠳᠠ᠎ᠶ᠋ᠢᠨ ᠬᠢᠨ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠢᠨᠠᠨ ᠪᠠᠢᠴᠠᠭᠠᠯᠳᠠ᠎ᠶᠢᠨ ᠴᠡᠭ᠌ᠴᠡᠯᠡᠨ ᠰᠠᠢᠵᠢᠷᠠᠭᠤᠯᠬᠤ ᠠᠵᠢᠯ᠎ᠢᠶᠠᠷ ᠠᠵᠠ ᠲᠣᠬᠢᠶᠠᠯ ᠪᠣᠯᠭᠠᠵᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ ᠎ᠳᠡᠬᠢ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠪᠦᠬᠦ᠌ ᠲᠠᠯ᠎ᠠ᠎ᠪᠠᠷ ᠰᠠᠢᠲᠤᠷ ᠠᠳᠭᠤᠵᠤ᠂ ᠠᠰᠠᠭᠤᠳᠠᠯ ᠤ᠋ᠳ᠎ᠢ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠪᠦᠲᠦᠮᠵᠢ᠎ᠪᠠᠷ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢᠵᠢᠷᠠᠬᠤ᠎ᠶ᠋ᠢ ᠠᠬᠢᠭᠤᠯᠬᠤ ᠬᠡᠷᠡᠭ᠌ᠲᠡᠢ᠃ ᠡᠭᠦᠨ᠎ᠦ ᠬᠠᠮᠲᠤ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠲᠤᠯᠭᠠᠮ ᠰᠡᠳᠭᠢᠯᠭᠡ᠎ᠪᠡᠨ ᠤᠯᠠᠮ ᠨᠢᠭᠡ ᠠᠯᠬᠤᠮ ᠨᠡᠮᠡᠭ᠌ᠳᠡᠭᠦᠯᠵᠦ᠍᠂ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ᠎ᠶ᠋ᠢᠨ ᠪᠠᠢᠭᠤᠯᠤᠯ᠎ᠢ ᠲᠦᠷᠭᠡᠳᠭᠡᠨ ᠱᠢᠯᠤᠭᠤᠳᠭᠠᠵᠤ᠂ ᠲᠥᠷᠥᠯ ᠵᠦᠶ᠋ᠯ᠎ᠢ ᠵᠥᠪᠱᠢᠶᠡᠷᠡᠬᠦ᠎ᠶᠢ ᠴᠢᠩᠳᠠᠯᠠᠨ᠂ ᠬᠣᠴᠣᠷᠤᠩᠭᠤᠶ ᠦᠶ᠋ᠯᠡᠳᠪᠦᠷᠢᠯᠡᠯ᠎ᠤᠨ ᠴᠢᠳᠠᠪᠤᠷᠢ᠎ᠶ᠋ᠢ ᠵᠣᠷᠢᠭ ᠱᠢᠭᠤᠳᠤᠨ ᠱᠢᠭ᠌ᠰᠢᠵᠤ᠂ ᠤᠯᠠᠮᠵᠢᠯᠠᠯᠲᠤ ᠠᠷᠭ᠎ᠠ ᠵᠠᠮ᠎ᠳᠤ ᠲᠦᠱᠢᠭ᠌ᠯᠡᠬᠦ᠌᠎ᠡᠴᠡ ᠮᠤᠯᠳᠤᠷᠠᠵᠤ᠂《ᠬᠣᠶᠠᠷ ᠶᠡᠬᠡᠳᠠᠢ》ᠲᠥᠷᠥᠯ ᠵᠦᠶ᠋ᠯ᠎ᠢ ᠰᠣᠬᠣᠷ ᠪᠠᠯᠠᠶ᠎ᠪᠠᠷ ᠬᠥᠭ᠌ᠵᠢᠭᠦᠯᠬᠦ᠌᠎ᠶ᠋ᠢ ᠡᠷᠡᠰ ᠬᠣᠷᠢᠭ᠍ᠯᠠᠵᠤ᠂ ᠢᠯᠠᠩᠭᠤᠶ᠎ᠠ《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠥᠪᠵᠢᠭᠦᠯᠭᠡ ᠴᠢᠨᠠᠭ᠍ᠰᠢᠯᠠᠪᠠᠯ ᠨᠠᠩ ᠣᠷᠳᠣ ᠬᠤᠭᠤᠴᠠᠭ᠎ᠠ᠎ᠶ᠋ᠢ ᠪᠣᠳᠣᠯᠬᠢᠯᠠᠨ᠂ ᠬᠡᠯᠪᠡᠷᠢ ᠎ᠪᠡᠨ ᠬᠤᠪᠢᠷᠠᠭᠤᠯᠬᠤ ᠴᠢᠭ᠌ᠯᠡᠯ᠎ᠢ ᠰᠤᠳᠤᠯᠤᠨ ᠲᠣᠳᠣᠷᠬᠠᠢᠯᠠᠵᠤ᠂ ᠴᠢᠭᠯᠡᠯ ᠵᠢᠡᠨ ᠲᠤᠭᠳᠠᠭᠠᠪᠠᠯ ᠱᠠᠯᠠᠪᠳᠠᠨ ᠬᠢᠵᠤ᠂ ᠲᠡᠢᠨ᠎ᠢᠶᠡᠨ ᠡᠬᠢᠯᠡᠭᠦᠯᠵᠦ᠍᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠤᠨ ᠬᠦᠴᠦᠨ᠎ᠢ ᠪᠣᠢᠵᠢᠭᠤᠯᠤᠨ ᠬᠥᠭ᠌ᠵᠢᠭᠦᠯᠵᠦ᠍᠂ ᠡᠬᠢ ᠪᠠᠶᠠᠯᠢᠭ᠎ᠤᠨ ᠬᠡᠯᠪᠡᠷᠢ ᠪᠥᠬᠥᠶ ᠭᠠᠵᠠᠷ ᠣᠷᠣᠨ᠎ᠤ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠱᠢᠨ᠎ᠡ ᠠᠷᠭ᠎ᠠ ᠵᠠᠮ᠎ᠢ ᠴᠢᠷᠮᠠᠢᠨ ᠰᠦᠪᠡᠭ᠌ᠴᠢᠯᠡᠬᠦ᠌ ᠬᠡᠷᠡᠭ᠌ᠲᠡᠶ ᠭᠡᠪᠡ᠃

ᠢᠦᠢ ᠯᠢ ᠱᠢᠨ ᠠᠵᠢᠯᠯᠠᠭ᠎ᠠ᠎ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ