9 ᠰᠠᠷ᠎ᠠ᠎ᠶᠢᠨ 23᠎ᠤ ᠡᠳᠦᠷ᠎ᠡᠴᠡ 24᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠰᠦᠨ ᠱᠤᠤ ᠴᠸᠩ ᠦᠪᠡᠷ᠎ᠤᠨ ᠬᠠᠷᠢᠯᠴᠠᠵᠤ ᠪᠠᠢᠭ᠎ᠠ ᠪᠠᠶᠠᠨᠨᠠᠭᠤᠷ ᠬᠣᠲᠠ᠎ᠳᠦ ᠬᠦᠷᠴᠦ᠍᠂ ᠯᠢᠨ ᠾᠧ ᠲᠣᠭᠣᠷᠢᠭ᠂ ᠦᠶᠤᠸᠠᠨ ᠱᠢᠶᠠᠨ᠎ᠳᠦ ᠭᠦᠨᠵᠡᠭᠡᠢᠷᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠂ ᠦᠶᠡᠷ ᠤᠰᠤᠲᠤᠯ᠎ᠤᠨ ᠭᠠᠮᠱᠢᠭ᠎ᠤᠨ ᠳᠠᠷᠠᠭ᠎ᠠ ᠰᠡᠷᠭᠦᠭᠡᠵᠦ᠍ ᠳᠠᠬᠢᠨ ᠪᠥᠲᠥᠭᠡᠨ ᠪᠠᠢᠭᠤᠯᠵᠤ ᠪᠠᠢᠭ᠎ᠠ ᠵᠡᠷᠭᠡ᠎ᠶᠢᠨ ᠲᠤᠬᠠᠶ ᠪᠠᠢᠴᠠᠭᠠᠨ ᠰᠤᠳᠤᠯᠤᠭᠰᠠᠨ ᠪᠥᠭᠡᠳ ᠳᠠᠭᠠᠭᠠᠴᠢᠯᠠᠨ ᠬᠠᠷᠢᠯᠴᠠᠵᠤ ᠪᠠᠢᠭ᠎ᠠ ᠬᠡᠷᠡᠭ᠎ᠤᠨ᠎ᠢᠶᠡᠨ ᠵᠠᠬᠢᠳᠠᠯ ᠰᠤᠷᠪᠤᠯᠵᠢᠯᠠᠯ ᠬᠢᠭ᠌ᠰᠡᠳ᠎ᠢ ᠬᠠᠷᠢᠭᠤ ᠰᠤᠷᠪᠤᠯᠵᠢᠯᠠᠪᠠ᠃

ᠰᠦᠨ ᠱᠤᠤ ᠴᠧᠩ ᠪᠠᠶᠠᠨᠨᠠᠭᠤᠷ ᠬᠣᠲᠠ᠎ᠶᠢᠨ ᠯᠢᠨ ᠨᠦᠩ ᠮᠠᠯ ᠠᠵᠤ ᠠᠬᠤᠶ ᠲᠠᠷᠢᠶᠠᠯᠠᠩ᠎ᠤᠨ ᠬᠥᠭ᠌ᠵᠢᠯᠲᠡ᠎ᠶ᠋ᠢᠨ ᠺᠣᠮᠫᠠᠨᠢ᠎ᠶ᠋ᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶᠢᠨ ᠲᠥᠷᠥᠯ ᠵᠦᠶ᠋ᠯ᠎ᠦᠨ ᠲᠣᠭᠣᠷᠢᠭ᠎ᠲᠤ ᠬᠦᠷᠴᠦ᠍᠂ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ ᠠᠱᠢᠭ᠍ᠯᠠᠯᠲᠠ ᠵᠢᠴᠢ ᠤᠯᠤᠰ᠎ᠤᠨ ᠥᠮᠴᠢᠯᠡᠯ᠎ᠤᠨ ᠲᠠᠷᠢᠶᠠᠯᠠᠩ᠎ᠤᠨ ᠲᠠᠯᠠᠪᠠᠶ᠎ᠶ᠋ᠢᠨ ᠥᠭᠡᠷᠡᠴᠢᠯᠡᠯᠲᠡ᠎ᠶᠢᠨ ᠪᠠᠢᠳᠠᠯ᠎ᠢ ᠣᠢᠯᠠᠭᠠᠪᠠ᠃ ᠲᠡᠷᠡ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶᠢ ᠨᠠᠷᠢᠨ ᠨᠢᠮᠪᠠᠶ ᠲᠥᠯᠥᠪᠵᠢᠭᠦᠯᠦᠨ ᠠᠬᠢᠭᠤᠯᠵᠤ᠂ ᠲᠥᠷᠥᠯ ᠵᠦᠶ᠋ᠯ᠎ᠤᠨ ᠪᠥᠲᠥᠭᠡᠨ ᠪᠠᠢᠭᠤᠯᠤᠯᠲᠠ᠎ᠶ᠋ᠢᠨ ᠪᠥᠬᠥ᠌ ᠶᠠᠪᠤᠴᠠ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠭᠠᠵᠤ᠂ ᠪᠥᠲᠥᠭᠡᠨ ᠪᠠᠢᠭᠤᠯᠤᠯᠲᠠ᠎ᠶᠢᠨ ᠡᠭᠦᠷᠭᠡ᠎ᠶᠢ ᠲᠣᠭ᠎ᠠ ᠶᠣᠰᠣᠭᠠᠷ ᠴᠢᠨᠠᠷ ᠰᠠᠢᠲᠠᠶ ᠪᠡᠶᠡᠯᠡᠭᠦᠯᠵᠦ᠍᠂ ᠢᠯᠡᠭᠦᠦ ᠬᠢᠵᠦ᠍ ᠳᠡᠢᠯᠪᠡᠯ ᠢᠯᠡᠭᠦᠦ ᠬᠢᠵᠦ᠍᠂ ᠪᠠᠯᠠ ᠮᠥᠩᠭᠥ᠌ ᠨᠢᠭᠡᠪᠦᠷᠢ᠎ᠶ᠋ᠢ ᠴᠥᠮ ᠲᠣᠭ᠍ᠲᠠᠭᠠᠯ᠎ᠳᠦ ᠨᠡᠢᠴᠡᠭᠦᠯᠦᠨ᠂ ᠪᠣᠳᠠᠳᠤ ᠦᠷ᠎ᠡ ᠪᠦᠲᠦᠮᠵᠢ ᠭᠠᠷᠭᠠᠬᠤ᠎ᠶᠢ ᠪᠠᠲᠤᠯᠠᠬᠤ ᠬᠡᠷᠡᠭ᠌ᠲᠡᠶ᠃ ᠤᠯᠤᠰ᠎ᠤᠨ ᠥᠮᠴᠢᠯᠡᠯ᠎ᠤᠨ ᠲᠠᠷᠢᠶᠠᠯᠠᠩ ᠮᠠᠯᠵᠢᠯ᠎ᠤᠨ ᠲᠡᠯᠡᠪᠡᠢᠨᠤᠭᠤᠳ 《ᠬᠦᠯᠢᠶᠡᠬᠦ᠌ ᠲᠦᠱᠢᠬᠦ᠌ ᠠᠪᠬᠤ》 ᠦᠵᠡᠯ ᠰᠠᠨᠠᠭ᠎ᠠ᠎ᠪᠠᠨ ᠲᠠᠶᠠᠭ᠍ᠳᠠᠵᠤ᠂ ᠠᠵᠤ ᠠᠬᠤᠶ᠎ᠶᠢᠨ ᠦᠷ᠎ᠡ ᠠᠱᠢᠭ ᠬᠥᠭᠡᠭᠡᠴᠡᠯᠳᠦᠬᠦ᠌᠎ᠶᠢ ᠨᠡᠩ ᠲᠣᠪᠣᠢᠮ᠎ᠠ ᠪᠠᠢᠷᠢᠨ᠎ᠳᠤ ᠲᠠᠯᠪᠢᠵᠤ᠂ ᠭᠠᠵᠠᠷ ᠱᠢᠷᠣᠶ ᠵᠡᠷᠭᠡ ᠡᠬᠢ ᠪᠠᠶᠠᠯᠢᠭ᠎ᠤᠨ ᠬᠥᠷᠥᠩᠭᠡ᠎ᠶ᠋ᠢ ᠭᠦᠢᠴᠡᠳ ᠰᠠᠢᠲᠤᠷ ᠬᠡᠷᠡᠭ᠌ᠯᠡᠵᠦ᠍᠂ ᠣᠯᠠᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠴᠢᠬᠤᠯᠠᠴᠢᠯᠠᠵᠤ ᠡᠵᠡᠩᠨᠡᠯᠲᠡ᠎ᠶ᠋ᠢᠨ ᠲᠦᠪᠰᠢᠨ ᠪᠣᠯᠤᠨ ᠠᠱᠢᠭ ᠣᠯᠬᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠶ ᠭᠡᠪᠡ᠃

ᠡᠨᠡ ᠵᠤᠨ ᠪᠠᠶᠠᠨᠨᠠᠭᠤᠷ ᠬᠤᠳᠠ᠎ᠶᠢᠨ ᠤᠯᠠᠨ ᠭᠠᠵᠠᠷ ᠦᠶᠡᠷ ᠤᠰᠤᠲᠤᠯ᠎ᠤᠨ ᠭᠠᠮᠱᠢᠭ᠎ᠲᠤ ᠲᠠᠭᠠᠷᠢᠬ᠍ᠳᠠᠵᠦ᠍᠂ ᠭᠠᠮᠱᠢᠭ᠍ᠳᠠᠭ᠍ᠰᠠᠨ ᠣᠷᠣᠨ᠎ᠤ ᠭᠠᠮᠱᠢᠭ᠎ᠤᠨ ᠳᠠᠷᠠᠭᠠᠬᠢ ᠲᠠᠬᠢᠨ ᠪᠦᠳᠦᠭᠡᠨ ᠪᠠᠢᠭᠤᠯᠤᠯᠲᠠ᠎ᠶ᠋ᠢᠨ ᠠᠬᠢᠴᠠ ᠬᠢᠷᠢ ᠵᠡᠷᠭᠡ ᠪᠠᠢᠬᠤ᠂ ᠤᠯᠠᠨ ᠲᠦᠮᠡᠨ᠎ᠦ ᠠᠮᠢᠳᠤᠷᠠᠯ᠎ᠤᠨ ᠪᠠᠲᠤᠯᠠᠭ᠎ᠠ ᠰᠠᠢ᠌ᠨ ᠪᠠᠢᠬᠤ ᠡᠰᠡᠬᠦ᠌᠎ᠶ᠋ᠢ ᠰᠦᠨ ᠱᠤᠤ ᠴᠧᠩ ᠲᠤᠢᠯ᠎ᠢᠶᠠᠷ ᠬᠠᠯᠠᠮᠵᠢᠯᠠᠵᠤ ᠪᠠᠢᠯ᠎ᠠ᠃ ᠦᠶᠤᠸᠠᠨ ᠱᠢᠶᠠᠨ᠎ᠤ ᠲᠤᠭᠤᠷᠢᠬᠤ ᠪᠠᠯᠭᠠᠰᠤ᠎ᠶᠢᠨ ᠵᠶ᠋ᠢ ᠭᠤᠸᠠᠩ ᠲᠣᠰᠭᠣᠨ᠎ᠳᠤ ᠲᠡᠷᠡ ᠲᠠᠷᠢᠶᠠᠨ ᠭᠠᠵᠠᠷ᠎ᠲᠤ ᠬᠦᠷᠴᠦ᠍᠂ ᠭᠠᠮᠱᠢᠭ᠎ᠤᠨ ᠳᠠᠷᠠᠭ᠎ᠠ ᠨᠦᠬᠦᠵᠤ ᠲᠠᠷᠢᠭᠰᠠᠨ ᠲᠠᠷᠢᠮᠠᠯ᠎ᠤᠨ ᠤᠷᠭᠤᠴᠠ᠎ᠶ᠋ᠢᠨ ᠪᠠᠢᠳᠠᠯ᠎ᠢ ᠪᠠᠢᠴᠠᠭᠠᠨ ᠦᠵᠡᠵᠦ᠍᠂ ᠭᠠᠮᠱᠢᠭ᠎ᠡᠴᠡ ᠠᠪᠤᠷᠠᠭᠰᠠᠨ ᠪᠠᠢᠳᠠᠯ᠎ᠢ ᠭᠦᠨᠵᠡᠭᠡᠢ ᠣᠢᠯᠠᠭᠠᠪᠠ᠃ ᠭᠠᠮᠱᠢᠭ᠍ᠳᠠᠭ᠍ᠰᠠᠨ ᠲᠠᠯᠠᠪᠠᠢ ᠬᠡᠳᠦᠢ ᠶᠡᠬᠡ ᠪᠠᠢᠬᠤ᠂ ᠭᠡᠷ ᠪᠠᠢᠱᠢᠩ ᠨᠤᠷᠠᠭ᠍ᠰᠠᠨ ᠡᠰᠡᠬᠦ᠌᠂ ᠤᠯᠠᠨ ᠲᠦᠮᠡᠨ ᠳᠤᠯᠠᠭᠠᠨ ᠪᠦᠯᠢᠶᠡᠨ ᠡᠪᠦᠯᠵᠢᠬᠦ᠌᠎ᠳᠦ ᠪᠠᠰᠠ ᠶᠠᠮᠠᠷ ᠶᠠᠮᠠᠷ ᠠᠰᠠᠭᠤᠳᠠᠯ ᠪᠠᠢᠬᠤ᠎ᠶ᠋ᠢ ᠰᠦᠨ ᠱᠤᠤ ᠴᠸᠩ ᠮᠠᠰᠢ ᠨᠠᠷᠢᠨ ᠠᠰᠠᠭᠤᠪᠠ᠃ ᠲᠡᠷᠡ᠂ ᠭᠠᠮᠱᠢᠭ᠍ᠳᠠᠭ᠍ᠰᠠᠨ ᠤᠯᠠᠨ ᠲᠦᠮᠡᠨ᠎ᠢ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ᠌᠎ᠶ᠋ᠢ ᠴᠢᠩᠭᠠᠳᠭᠠᠵᠤ᠂ ᠢᠯᠠᠩᠭᠤᠶ᠎ᠠ ᠤᠯᠠᠨ ᠲᠦᠮᠡᠨ᠎ᠤ ᠬᠠᠯᠠᠭᠤᠨ ᠳᠤᠯᠠᠭᠠᠨ ᠡᠪᠦᠯᠵᠢᠬᠦ᠌᠎ᠶ᠋ᠢ ᠪᠠᠲᠤᠯᠠᠬᠤ ᠬᠡᠷᠡᠭ᠌ᠲᠡᠢ᠃ ᠠᠯᠤᠰ ᠬᠡᠳᠦ᠍᠎ᠶ᠋ᠢ ᠪᠣᠳᠣᠯᠬᠢᠯᠠᠨ᠂ ᠪᠣᠳᠠᠳᠠᠢ ᠪᠠᠢᠳᠠᠯ᠎ᠳᠤ ᠰᠠᠭᠤᠷᠢᠯᠠᠵᠤ᠂ ᠦᠶᠡᠷ᠎ᠢ ᠰᠡᠷᠭᠡᠢᠯᠡᠵᠦ᠍ ᠦᠶᠡᠷ ᠲᠡᠶ ᠲᠡᠮᠡᠴᠡᠬᠦ᠌ ᠢᠨᠵᠧᠨᠧᠷᠢᠩ᠎ᠢ ᠱᠢᠨᠵᠢᠯᠡᠬᠦ᠌ ᠤᠬᠠᠭᠠᠨᠴᠢ᠎ᠪᠠᠷ ᠲᠥᠯᠦᠪᠵᠢᠭᠦᠯᠦᠨ ᠬᠡᠷᠡᠭ᠌ᠵᠢᠭᠦᠯᠵᠦ᠍᠂ ᠭᠠᠮᠱᠢᠭ᠎ᠢ ᠪᠠᠭᠠᠰᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠢ᠃ ᠮᠠᠯᠴᠢᠨ ᠲᠠᠷᠢᠶᠠᠴᠢᠳ᠎ᠢ ᠵᠣᠷᠢᠭ᠍ᠵᠢᠭᠤᠯᠤᠨ ᠬᠥᠲᠥᠯᠥᠨ ᠵᠢᠯᠣᠭᠣᠳᠴᠤ᠌ ᠲᠦᠬᠦᠭᠡᠷᠦᠮᠵᠢ᠎ᠳᠤ ᠲᠠᠷᠢᠶᠠᠯᠠᠩ᠂ ᠬᠠᠱᠢᠶᠠᠯᠠᠨ ᠲᠡᠵᠢᠭᠡᠬᠦ᠂ ᠬᠦᠷᠢᠶ᠎ᠡ ᠬᠠᠱᠢᠶᠠᠨ᠎ᠤ ᠠᠵᠤ ᠠᠬᠤᠶ᠎ᠶ᠋ᠢ ᠶᠡᠬᠡ᠎ᠪᠠᠷ ᠬᠥᠭ᠌ᠵᠢᠭᠦᠯᠵᠦ᠍᠂ ᠠᠷᠭ᠎ᠠ ᠪᠦᠬᠦᠨ᠎ᠢ ᠰᠦᠪᠡᠭ᠌ᠴᠢᠯᠡᠵᠦ᠍ ᠣᠷᠣᠯᠭ᠎ᠠ᠎ᠶᠢ ᠨᠢ ᠨᠡᠮᠡᠭ᠌ᠳᠡᠭᠦᠯᠬᠦ᠌ ᠠᠷᠭ᠎ᠠ ᠵᠠᠮ᠎ᠢ ᠥᠷᠭᠡᠳᠭᠡᠨ᠂ ᠭᠠᠮᠱᠢᠭ᠎ᠡᠴᠡ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠡᠷᠡᠭ᠌ᠲᠡᠶ ᠭᠡᠪᠡ᠃

24᠎ᠤ ᠦᠳᠡ᠎ᠶ᠋ᠢᠨ ᠡᠮᠦᠨ᠎ᠡ᠂ ᠰᠦᠨ ᠱᠤᠤ ᠴᠧᠩ ᠦᠶᠤᠸᠠᠨ ᠱᠢᠶᠠᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠎ᠳᠤ ᠲᠤᠰᠭᠠᠢᠯᠠᠨ ᠬᠦᠷᠴᠦ᠍᠂ ᠲᠡᠭᠦᠨ᠎ᠦ ᠳᠠᠭᠠᠭᠠᠴᠢᠯᠠᠨ ᠬᠠᠷᠢᠯᠴᠠᠵᠤ ᠪᠠᠢᠭ᠎ᠠ 2 ᠵᠠᠬᠢᠳᠠᠯ ᠰᠤᠷᠪᠤᠯᠵᠢᠯᠠᠯ᠎ᠤᠨ ᠵᠦᠢᠯᠡᠰ᠎ᠢ ᠬᠠᠷᠢᠭᠤ ᠰᠤᠷᠪᠤᠯᠵᠢᠯᠠᠪᠠ᠃ ᠲᠡᠷᠡ ᠵᠠᠬᠢᠳᠠᠯ ᠰᠤᠷᠪᠤᠯᠵᠢᠯᠠᠯ ᠬᠢᠭ᠌ᠰᠡᠳ᠎ᠲᠡᠶ ᠨᠢᠭᠤᠷᠳᠠᠨ ᠶᠠᠷᠢᠯᠴᠠᠵᠤ᠂ ᠵᠠᠬᠢᠳᠠᠯ ᠰᠤᠷᠪᠤᠯᠵᠢᠯᠠᠯ᠎ᠤᠨ ᠵᠦᠢᠯᠡᠰ᠎ᠢ ᠱᠢᠢᠳᠪᠦᠷᠢᠯᠡᠭ᠌ᠰᠡᠨ ᠶᠠᠪᠤᠴᠠ᠎ᠶ᠋ᠢ ᠡᠷᠭᠢᠴᠡᠭᠦᠯᠦᠨ ᠡᠮᠬᠢᠯᠡᠵᠦ᠍᠂ ᠱᠢᠢᠳᠪᠦᠷᠢᠯᠡᠭ᠌ᠰᠡᠨ ᠦᠷ᠎ᠡ ᠳ᠋ᠦᠩ᠎ᠦᠨ ᠲᠤᠬᠠᠢ ᠤᠯᠠᠨ ᠲᠦᠮᠡᠨ᠎ᠦ ᠰᠠᠨᠠᠯ᠎ᠢ ᠠᠰᠠᠭᠤᠪᠠ᠃ ᠰᠦᠨ ᠱᠤᠤ ᠴᠧᠩ᠂ ᠡᠯ᠎ᠡ ᠱᠠᠲᠤᠨ᠎ᠤ ᠬᠢᠨ ᠵᠠᠬᠢᠳᠠᠯ ᠰᠤᠷᠪᠤᠯᠵᠢᠯᠠᠯ᠎ᠤᠨ ᠠᠵᠢᠯ᠎ᠢ ᠳᠡᠭᠡᠳᠦ ᠬᠡᠮᠵᠢᠶ᠎ᠠ᠎ᠪᠠᠷ ᠴᠢᠬᠤᠯᠠᠴᠢᠯᠠᠵᠤ᠂ ᠤᠯᠠᠨ ᠲᠦᠮᠡᠨ᠎ᠤ ᠬᠠᠨᠤᠮᠵᠢᠲᠠᠢ ᠪᠠᠢᠬᠤ ᠡᠰᠡᠬᠦ᠌᠎ᠪᠠᠷ ᠠᠵᠢᠯ᠎ᠤᠨ ᠰᠠᠢ᠌ᠨ ᠡᠰᠡᠬᠦ᠌᠎ᠶᠢ ᠦᠨᠡᠯᠡᠬᠦ᠌ ᠦᠨᠳᠦᠰᠦᠨ ᠪᠠᠷᠢᠮᠵᠢᠶ᠎ᠠ ᠪᠣᠯᠭᠠᠵᠤ᠂ ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠢᠴᠡᠳᠭᠡᠬᠦ᠌ ᠲᠦᠷᠢᠮ᠎ᠢ ᠭᠦᠨᠵᠡᠭᠡᠢ ᠬᠡᠷᠡᠭ᠌ᠵᠢᠭᠦᠯᠵᠦ᠍᠂ ᠤᠯᠠᠨ ᠲᠦᠮᠡᠨ᠎ᠤ ᠵᠦᠢ ᠶᠣᠰᠣᠨ᠎ᠤ ᠬᠦᠰᠡᠯ ᠱᠠᠭᠠᠷᠳᠠᠯᠭ᠎ᠠ᠎ᠶ᠋ᠢ ᠦᠨᠡᠨ ᠪᠣᠳᠠᠲᠠᠢ ᠱᠢᠢᠳᠪᠦᠷᠢᠯᠡᠬᠦ᠌ ᠬᠡᠷᠡᠭ᠌ᠲᠡᠢ᠃ ᠪᠣᠳᠠᠲᠤ ᠦᠷ᠎ᠡ ᠪᠦᠲᠦᠮᠵᠢ᠎ᠶᠢ ᠡᠷᠬᠢᠮᠯᠡᠵᠦ᠍᠂ ᠪᠠᠢᠳᠠᠯ ᠡᠭᠦᠷᠭᠡ᠎ᠶᠢ ᠦᠨᠳᠦᠰᠦᠯᠡᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠦᠴᠦᠨ᠎ᠢ ᠵᠣᠬᠢᠰᠲᠠᠶ ᠲᠣᠬᠢᠷᠠᠭᠤᠯᠵᠤ᠂ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠬᠦ᠌ ᠬᠡᠷᠡᠭ᠌ᠲᠡᠶ ᠭᠡᠪᠡ᠃
ᠢᠦᠢ ᠯᠢ ᠱᠢᠨ ᠣᠷᠣᠯᠴᠠᠵᠠᠢ᠃