ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠬᠥᠬᠡᠬᠣᠲᠠ ᠪᠥᠬᠥ ᠣᠷᠣᠨ᠎ᠤ ᠠᠩᠬᠠᠳᠠᠭ᠍ᠴᠢ 《ᠵᠣᠬᠢᠶᠠᠮᠠᠯ ᠣᠶᠤᠨ +》᠎ᠶᠢ ᠭᠦᠨᠵᠡᠭᠡᠢ ᠠᠬᠢᠭᠤᠯᠬᠤ ᠠᠵᠢᠯᠯᠠᠭᠠᠨ᠎ᠤ ᠲᠥᠰᠥᠯ᠎ᠢ ᠨᠡᠢᠲᠡᠯᠡᠪᠡ
ᠨᠡᠶ᠋ᠢᠲᠡᠯᠡᠭᠰᠡᠨ ᠴᠠᠭ᠄ 2025-10-13

ᠬᠥᠬᠡᠬᠣᠲᠠ ᠪᠥᠬᠥ ᠣᠷᠣᠨ᠎ᠤ ᠠᠩᠬᠠᠳᠠᠭ᠍ᠴᠢ 《ᠵᠣᠬᠢᠶᠠᠮᠠᠯ ᠣᠶᠤᠨ +》᠎ᠶᠢ ᠭᠦᠨᠵᠡᠭᠡᠢ ᠠᠬᠢᠭᠤᠯᠬᠤ ᠠᠵᠢᠯᠯᠠᠭᠠᠨ᠎ᠤ ᠲᠥᠰᠥᠯ᠎ᠢ ᠨᠡᠢᠲᠡᠯᠡᠪᠡ᠃ ᠨᠢᠭᠡ 《ᠠᠵᠢᠯᠯᠠᠭᠠᠨ᠎ᠤ ᠲᠥᠰᠥᠯ》 ᠪᠠ ᠳ᠋ᠠᠢᠲ᠋ᠠ ᠵᠢᠴᠢ ᠬᠡᠷᠡᠭᠯᠡᠯᠲᠡ᠎ᠶᠢᠨ ᠳᠥᠷᠪᠡᠨ ᠲᠤᠰᠬᠠᠢ ᠲᠥᠰᠥᠯ᠎ᠦᠨ 《1+4》 ᠠᠬᠢᠭᠤᠯᠬᠤ ᠠᠷᠭ᠎ᠠ ᠬᠡᠮᠵᠢᠶᠡᠨ᠎ᠦ ᠲᠣᠭᠲᠠᠯᠴᠠᠭ᠎ᠠ᠎ᠶᠢ ᠪᠦᠷᠢᠯᠳᠦᠭᠦᠯᠵᠦ᠂ 2027 ᠣᠨ ᠪᠣᠯᠬᠤ᠎ᠳᠤ ᠵᠣᠬᠢᠶᠠᠮᠠᠯ ᠣᠶᠤᠨ ᠬᠢᠭᠡᠳ 《ᠵᠢᠷᠭᠤᠭᠠᠨ ᠶᠡᠬᠡ ᠠᠵᠤ ᠦᠢᠯᠡᠰ᠎ᠦᠨ ᠪᠦᠯᠦᠭᠵᠢᠯ》᠎ᠤᠨ ᠭᠦᠨᠵᠡᠭᠡᠢ ᠠᠭᠤᠰᠤᠯᠴᠠᠭᠰᠠᠨ ᠣᠶᠤᠨᠴᠢ ᠠᠵᠤ ᠠᠬᠤᠢ᠎ᠶᠢᠨ ᠭᠣᠣᠯᠯᠠᠬᠤ ᠠᠵᠤ ᠦᠢᠯᠡᠰ᠎ᠦᠨ ᠬᠡᠪᠴᠢᠶᠡᠵᠢᠯ᠎ᠢ 500 ᠳ᠋ᠦᠩᠰᠢᠭᠤᠷ ᠲᠥᠭᠥᠷᠢᠭ᠎ᠲᠦ ᠬᠦᠷᠦᠭᠦᠯᠵᠦ᠂ 2030 ᠣᠨ ᠪᠣᠯᠬᠤ᠎ᠳᠤ ᠠᠵᠤ ᠦᠢᠯᠡᠰ᠎ᠦᠨ ᠬᠡᠪᠴᠢᠶᠡᠵᠢᠯ᠎ᠢ 1000 ᠳ᠋ᠦᠩᠰᠢᠭᠤᠷ ᠲᠥᠭᠥᠷᠢᠭ᠎ᠲᠦ ᠬᠦᠷᠦᠭᠦᠯᠵᠦ᠂ ᠤᠯᠤᠰ᠎ᠤᠨ ᠳᠣᠲᠣᠭᠠᠳᠤ᠎ᠳᠤ᠎ᠪᠠᠨ ᠣᠷᠣᠢᠯᠠᠭᠰᠠᠨ 《ᠵᠣᠬᠢᠶᠠᠮᠠᠯ ᠣᠶᠤᠨ +》᠎ᠶᠢᠨ ᠰᠢᠨ᠎ᠡ ᠡᠭᠦᠳᠦᠯᠲᠡ᠎ᠶᠢᠨ ᠵᠢᠱ᠌ᠢᠶᠡᠴᠢ ᠬᠣᠲᠠ᠎ᠶᠢ ᠪᠠᠢᠭᠤᠯᠤᠨ᠎ᠠ ᠭᠡᠵᠦ ᠲᠣᠳᠣᠷᠬᠠᠢ ᠲᠣᠭᠲᠠᠭᠠᠪᠠ᠃ (ᠬᠥᠬᠡᠬᠣᠲᠠ)

ᠢᠷᠡᠯᠲᠡ᠄ ᠬᠥᠬᠡᠬᠣᠲᠠ