ᠰᠤᠷᠪᠤᠯᠵᠢᠯᠠᠭ᠍ᠴᠢ 10 ᠳ᠋ᠤᠭᠠᠷ ᠰᠠᠷ᠎ᠠ᠎ᠶᠢᠨ 13 ᠤ ᠡᠳᠦᠷ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠵᠠᠭᠠᠯᠳᠤᠯᠭ᠎ᠠ᠎ᠶᠢ ᠬᠦᠯᠢᠶᠡᠨ ᠠᠪᠴᠤ ᠳᠠᠷᠤᠢᠬᠠᠨ ᠭᠦᠢᠴᠡᠳᠬᠡᠬᠦ᠎ᠶᠢᠨ ᠵᠢᠯᠣᠭᠣᠳᠤᠨ ᠲᠣᠬᠢᠷᠠᠭᠤᠯᠬᠤ ᠲᠥᠪ᠎ᠡᠴᠡ ᠣᠢᠯᠠᠭᠠᠭᠰᠠᠨ᠎ᠢᠶᠠᠷ᠂ ᠣᠢᠷ᠎ᠠ᠎ᠳᠤ᠂ ᠳᠤᠮᠳᠠᠳᠤ ᠤᠯᠤᠰ᠎ᠤᠨ ᠮᠡᠳᠡᠭᠡ ᠵᠠᠩᠭᠢ᠎ᠶᠢᠨ ᠨᠡᠢᠭᠡᠮᠯᠢᠭ᠎ᠦᠨ ᠭᠣᠣᠯᠴᠢᠯᠠᠨ ᠡᠷᠭᠢᠯᠡᠭᠰᠡᠨ 《2025 ᠰᠢᠶᠠᠨ (ᠬᠣᠲᠠ᠂ ᠲᠣᠭᠣᠷᠢᠭ᠋)᠎ᠤ ᠬᠠᠯᠠᠮᠰᠢᠯ ᠤᠲᠠᠰᠤ 12345 ᠶᠢᠨ ᠬᠥᠭᠵᠢᠯᠲᠡ᠎ᠶᠢᠨ ᠶᠡᠬᠡ ᠬᠤᠷᠠᠯ》᠎ᠳᠤ᠂ ᠰᠠᠢᠬᠠᠨ ᠲᠣᠭᠣᠷᠢᠭ᠋᠎ᠤᠨ ᠵᠠᠭᠠᠯᠳᠤᠯᠭ᠎ᠠ᠎ᠶᠢ ᠭᠥᠯᠢᠶᠡᠨ ᠠᠪᠴᠤ ᠳᠠᠷᠤᠢᠬᠠᠨ ᠭᠦᠢᠴᠡᠳᠬᠡᠬᠦ᠎ᠶᠢᠨ ᠵᠢᠯᠣᠭᠣᠳᠤᠨ ᠲᠣᠬᠢᠷᠠᠭᠤᠯᠬᠤ ᠲᠥᠪ᠎ᠦᠨ ᠮᠡᠳᠡᠭᠦᠯᠦᠨ ᠬᠦᠷᠭᠡᠭᠰᠡᠨ 《ᠭᠤᠷᠪᠠᠨ ᠰᠢᠪᠲᠤᠯᠤᠯᠲᠠ ᠲᠠᠢ ᠠᠵᠢᠯ᠎ᠤᠨ ᠠᠷᠭ᠎ᠠ᠄ ᠬᠤᠷᠳᠤᠴᠠ᠂ ᠨᠢᠭᠲᠠᠴᠠ᠂ ᠭᠦᠨᠴᠡ᠎ᠪᠡᠷ ᠣᠯᠠᠨ ᠲᠦᠮᠡᠨ᠎ᠦ ᠬᠠᠨᠤᠮᠵᠢᠲᠠᠶ ᠦᠢᠯᠡᠴᠢᠯᠡᠭᠡᠨ᠎ᠦ ᠰᠢᠨ᠎ᠡ ᠦᠯᠢᠭᠡᠷ ᠳᠠᠭᠤᠷᠢᠶᠠᠯ᠎ᠢ ᠪᠣᠶ ᠪᠣᠯᠭᠠᠬᠤ》 ᠬᠡᠷᠡᠭ᠎ᠦᠨ ᠵᠢᠱ᠌ᠢᠶ᠎ᠡ ᠨᠢ ᠰᠢᠶᠠᠨ (ᠬᠣᠲᠠ᠂ ᠲᠣᠭᠣᠷᠢᠭ᠋)᠎ᠤ ᠬᠠᠯᠠᠮᠰᠢᠯ ᠤᠲᠠᠰᠤ 12345 ᠶᠢᠨ ᠰᠢᠨ᠎ᠡ ᠴᠢᠨᠠᠷ᠎ᠤᠨ ᠬᠥᠭᠵᠢᠯᠲᠡ᠎ᠶᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠪᠡᠷ ᠰᠣᠩᠭᠣᠭᠳᠠᠪᠠ᠃
ᠬᠥᠬᠡᠬᠣᠲᠠ᠎ᠶᠢᠨ ᠭᠣᠣᠯᠯᠠᠬᠤ ᠬᠤᠳᠠ᠎ᠶᠢᠨ ᠲᠣᠭᠣᠷᠢᠭ᠋ ᠪᠣᠯᠤᠭᠰᠠᠨ᠎ᠤ ᠬᠤᠪᠢ᠎ᠳᠤ᠂ ᠰᠠᠢᠬᠠᠨ ᠲᠣᠭᠣᠷᠢᠭ᠋᠎ᠤᠨ ᠬᠢᠨ ᠨᠠᠮ᠎ᠤᠨ ᠪᠠᠢᠭᠤᠯᠤᠯᠲᠠ᠎ᠶᠢᠨ ᠳᠠᠭᠠᠭᠤᠯᠭ᠎ᠠ ᠳᠣᠣᠷ᠎ᠠ ᠦᠨᠳᠦᠰᠦᠨ ᠱᠠᠲᠤᠨ᠎ᠤ ᠵᠠᠰᠠᠯᠲᠠ᠎ᠶᠢᠨ ᠰᠢᠨ᠎ᠡ ᠡᠭᠦᠳᠦᠯᠲᠡ᠎ᠶᠢ ᠭᠦᠨᠵᠡᠭᠡᠢᠷᠡᠭᠦᠯᠵᠦ᠂ ᠭᠤᠷᠪᠠᠨ ᠰᠢᠪᠲᠤᠯᠤᠯᠲᠠ ᠲᠠᠢ ᠠᠵᠢᠯᠯᠠᠬᠤ ᠠᠷᠭ᠎ᠠ᠎ᠶᠢ ᠡᠭᠦᠳᠴᠦ᠂ ᠦᠢᠯᠡᠴᠢᠯᠡᠭᠡᠨ᠎ᠦ ᠬᠤᠷᠳᠤᠴᠠ᠂ ᠠᠵᠢᠯ᠎ᠤᠨ ᠲᠣᠬᠢᠷᠠᠭᠤᠯᠤᠯᠲᠠ᠎ᠶᠢᠨ ᠨᠢᠭᠲᠠᠴᠠ᠂ ᠵᠠᠳᠠᠯᠤᠯᠲᠠ᠎ᠶᠢᠨ ᠭᠦᠨᠴᠡ ᠭᠡᠬᠦ ᠭᠤᠷᠪᠠᠨ ᠳᠠᠪᠬᠤᠷ ᠰᠢᠪᠲᠤᠯᠤᠯᠲᠠ᠎ᠪᠠᠷ ᠤᠯᠠᠨ ᠲᠦᠮᠡᠨ᠎ᠦ ᠬᠠᠨᠤᠮᠵᠢ᠎ᠶᠢᠨ ᠬᠡᠮᠵᠢᠶ᠎ᠡ ᠬᠢᠭᠡᠳ ᠵᠠᠰᠠᠭ᠎ᠤᠨ ᠣᠷᠳᠣᠨ᠎ᠤ ᠴᠢᠳᠠᠪᠬᠢ᠎ᠶᠢᠨ ᠬᠣᠣᠰ ᠳᠡᠭᠡᠭᠰᠢᠯᠡᠯᠲᠡ᠎ᠶᠢ ᠪᠡᠶᠡᠯᠡᠭᠦᠯᠵᠦ᠂ ᠲᠡᠳᠡᠭᠡᠷ᠎ᠦᠨ ᠲᠤᠷᠰᠢᠯᠭ᠎ᠠ ᠬᠢᠳᠡᠯ ᠨᠢ ᠶᠡᠬᠡ ᠬᠤᠷᠠᠯ᠎ᠤᠨ ᠳ᠋ᠢᠭᠢᠲ ᠣᠶᠤᠨᠴᠢ ᠵᠠᠰᠠᠯᠲᠠ᠎ᠶᠢᠨ ᠲᠤᠷᠰᠢᠯᠭ᠎ᠠ᠎ᠶᠢᠨ ᠰᠣᠯᠢᠯᠴᠠᠭᠠᠨ᠎ᠤ ᠭᠣᠭᠴᠣᠭ᠎ᠠ᠎ᠳᠤ ᠠᠩᠬᠠᠷᠤᠯ᠎ᠢ ᠶᠡᠬᠡᠳᠡ ᠲᠠᠲᠠᠵᠠᠢ᠃
ᠬᠤᠷᠳᠤᠴᠠ᠎ᠶᠢ ᠲᠡᠷᠢᠭᠦᠨ᠎ᠳᠦ ᠲᠠᠯᠪᠢᠵᠤ᠂ ᠠᠷᠠᠳ ᠲᠦᠮᠡᠨ᠎ᠳᠦ ᠦᠢᠯᠡᠴᠢᠯᠡᠬᠦ 《ᠬᠤᠷᠳᠤᠴᠠ᠎ᠪᠠᠨ ᠨᠡᠮᠡᠭᠳᠡᠭᠦᠯᠪᠡ》᠃ ᠰᠠᠢᠬᠠᠨ ᠲᠣᠭᠣᠷᠢᠭ᠋᠎ᠤᠨ ᠬᠢᠨ 7×24 ᠴᠠᠭ᠎ᠢᠶᠠᠷ 《ᠥᠴᠥᠬᠡᠨ ᠴᠦ᠍ ᠬᠣᠢᠰᠢᠯᠠᠭᠤᠯᠬᠤ ᠦᠭᠡᠢ》 ᠳᠠᠭᠠᠵᠤ ᠭᠦᠢᠴᠡᠳᠬᠡᠬᠦ ᠲᠣᠭᠲᠠᠴᠠ᠎ᠶᠢ ᠪᠠᠢᠭᠤᠯᠵᠤ᠂ ᠤᠰᠤᠨ ᠬᠣᠭᠣᠯᠠᠢ ᠭᠤᠤᠷᠰᠤ ᠲᠠᠰᠤᠷᠠᠵᠤ ᠳᠡᠯᠪᠡᠷᠡᠬᠦ ᠵᠡᠷᠭᠡ ᠪᠠᠴᠢᠮ ᠰᠢᠢᠳᠪᠦᠷᠢᠯᠡᠭᠦᠯᠬᠦ ᠱᠠᠭᠠᠷᠳᠠᠯᠭ᠎ᠠ᠎ᠶᠢ 3 ᠴᠠᠭ᠎ᠤᠨ ᠳᠣᠲᠣᠷ᠎ᠠ ᠰᠢᠢᠳᠪᠦᠷᠢᠯᠡᠵᠦ ᠳᠠᠭᠤᠰᠬᠠᠬᠤ ᠪᠣᠯᠣᠨ᠎ᠠ; ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠂ ᠬᠤᠳᠠ᠎ᠶᠢᠨ ᠬᠠᠮᠢᠶᠠᠷᠤᠯᠲᠠ᠎ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠦᠨ ᠲᠤᠰᠬᠠᠢ ᠠᠵᠢᠯᠯᠠᠬᠤ ᠪᠠᠢᠷᠢ᠎ᠶᠢ ᠲᠣᠬᠢᠷᠠᠭᠤᠯᠵᠤ᠂ ᠰᠢᠢᠳᠪᠦᠷᠢᠯᠡᠭᠦᠯᠬᠦ ᠱᠠᠭᠠᠷᠳᠠᠯᠭ᠎ᠠ᠎ᠶᠢ ᠰᠢᠭᠤᠳ ᠬᠠᠷᠢᠭᠤᠯᠵᠤ ᠭᠦᠢᠴᠡᠳᠬᠡᠬᠦ ᠨᠤᠷᠮ᠎ᠠ᠎ᠪᠠᠨ 80% ᠪᠡᠷ ᠳᠡᠭᠡᠭᠰᠢᠯᠡᠭᠦᠯᠵᠦ᠂ ᠠᠵᠤ ᠠᠬᠤᠢᠯᠠᠯ᠎ᠳᠤ ᠬᠣᠯᠪᠣᠭᠳᠠᠭᠰᠠᠨ ᠲᠤᠰᠬᠠᠢ ᠠᠵᠢᠯᠯᠠᠬᠤ ᠪᠠᠢᠷᠢ᠎ᠪᠠᠷ 256 ᠠᠵᠤ ᠠᠬᠤᠢᠯᠠᠯ᠎ᠳᠤ ᠦᠢᠯᠡᠴᠢᠯᠡᠵᠦ᠂ 《ᠦᠨᠡᠮᠯᠡᠯ ᠪᠠ ᠲᠦᠷᠦ᠎ᠶᠢᠨ ᠪᠣᠳᠣᠯᠭ᠎ᠠ᠎ᠶᠢ ᠰᠢᠭᠤᠳ ᠬᠦᠷᠭᠡᠬᠦ》 ᠠᠵᠢᠯ᠎ᠢ 20 ᠭᠠᠷᠤᠢ ᠤᠳᠠᠭ᠎ᠠ ᠥᠷᠨᠢᠭᠦᠯᠵᠦ᠂ 2024 ᠣᠨ᠎ᠳᠤ ᠤᠯᠠᠨ ᠲᠦᠮᠡᠨ᠎ᠦ ᠬᠠᠨᠤᠮᠵᠢ᠎ᠶᠢᠨ ᠬᠡᠮᠵᠢᠶ᠎ᠡ 85.05% ᠳ᠋ᠤ᠌ ᠬᠦᠷᠴᠦ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ 94.78% ᠬᠦᠷᠲᠡᠯ᠎ᠡ ᠳᠡᠭᠡᠭᠰᠢᠯᠡᠵᠡᠢ᠃
ᠨᠢᠭᠲᠠᠴᠠ᠎ᠪᠠᠷ ᠭᠣᠣᠯᠳᠠᠯᠭ᠎ᠠ ᠪᠣᠯᠭᠠᠵᠤ᠂ ᠰᠢᠢᠳᠪᠦᠷᠢᠯᠡᠭᠦᠯᠬᠦ ᠱᠠᠭᠠᠷᠳᠠᠯᠭ᠎ᠠ᠎ᠶᠢ ᠰᠠᠯᠭᠠᠨ ᠬᠤᠪᠢᠶᠠᠷᠢᠯᠠᠵᠤ ᠭᠦᠢᠴᠡᠳᠬᠡᠬᠦ 《ᠥᠴᠥᠬᠡᠨ ᠴᠦ᠍ ᠵᠥᠷᠢᠭᠦᠯᠬᠦ ᠦᠭᠡᠢ》 ᠪᠠᠢᠬᠤ᠎ᠶᠢ ᠪᠡᠶᠡᠯᠡᠭᠦᠯᠪᠡ᠃ ᠰᠠᠢᠬᠠᠨ ᠲᠣᠭᠣᠷᠢᠭ᠋᠎ᠤᠨ ᠬᠢᠨ 《ᠰᠤᠳᠤᠯᠤᠨ ᠮᠠᠭᠠᠳᠯᠠᠬᠤ ᠬᠤᠷᠠᠯ + ᠵᠢᠯᠤᠭᠣᠳᠬᠤ ᠳᠦᠷᠢᠮ》 ᠤᠨ ᠬᠣᠣᠰ ᠱᠤᠭᠤᠮ᠎ᠢᠶᠠᠷ ᠠᠵᠢᠯ ᠲᠣᠬᠢᠷᠠᠭᠤᠯᠬᠤ ᠬᠡᠪ ᠵᠠᠭᠪᠤᠷ᠎ᠢ ᠬᠡᠷᠡᠭᠵᠢᠭᠦᠯᠦᠭᠰᠡᠨ᠎ᠡᠴᠡ 2024 ᠣᠨ᠎ᠳᠤ 72 ᠤᠳᠠᠭ᠎ᠠ ᠰᠤᠳᠤᠯᠤᠨ ᠮᠠᠭᠠᠳᠯᠠᠬᠤ ᠬᠤᠷᠠᠯ ᠬᠤᠷᠠᠯᠳᠤᠭᠤᠯᠵᠤ᠂ ᠠᠬᠤᠢ ᠲᠠᠯᠠᠪᠤᠷ᠎ᠲᠤ 376 ᠤᠳᠠᠭ᠎ᠠ ᠰᠢᠮᠳᠠᠭᠤᠯᠤᠨ ᠭᠦᠢᠴᠡᠳᠬᠡᠭᠦᠯᠵᠦ᠂ ᠬᠥᠳᠡᠯᠦᠩᠭᠦᠢ᠎ᠪᠡᠷ ᠰᠢᠨᠡᠳᠬᠡᠭᠰᠡᠨ 674 ᠵᠤᠷᠪᠤᠰ ᠠᠵᠢᠯ ᠲᠣᠬᠢᠷᠠᠭᠤᠯᠵᠤ ᠵᠢᠯᠤᠭᠣᠳᠬᠤ ᠳᠦᠷᠢᠮ ᠯᠦ᠍ᠭᠡ ᠤᠶᠠᠯᠳᠤᠭᠤᠯᠵᠤ᠂ ᠡᠷᠬᠡ ᠪᠠ ᠬᠠᠷᠢᠭᠤᠴᠠᠯᠭ᠎ᠠ᠎ᠶᠢᠨ ᠪᠠᠯᠠᠢ ᠣᠷᠣᠨ᠎ᠳᠠᠬᠢ ᠠᠵᠢᠯ᠎ᠢ ᠣᠨᠣᠪᠴᠢᠲᠠᠢ ᠰᠢᠢᠳᠪᠦᠷᠢᠯᠡᠵᠦ᠂ ᠰᠢᠢᠳᠪᠦᠷᠢᠯᠡᠭᠦᠯᠬᠦ ᠱᠠᠭᠠᠷᠳᠠᠯᠭ᠎ᠠ ᠨᠢᠭᠡ ᠪᠦᠷᠢ᠎ᠶᠢ 《ᠣᠨᠣᠪᠴᠢᠲᠠᠢ ᠨᠠᠢᠳᠠᠪᠤᠷᠢᠵᠢᠭᠤᠯᠬᠤ》᠎ᠪᠠᠨ ᠪᠠᠲᠤᠯᠠᠵᠠᠢ᠃
ᠭᠦᠨᠴᠡ᠎ᠪᠡᠷ ᠪᠠᠷᠢᠮᠵᠢᠶ᠎ᠠ ᠪᠣᠯᠭᠠᠵᠤ᠂ ᠵᠠᠰᠠᠯᠲᠠ᠎ᠶᠢᠨ 《ᠣᠶᠤᠨᠲᠤ ᠲᠠᠷᠢᠬᠢ》᠎ᠶᠢ ᠰᠡᠷᠭᠦᠭᠡᠪᠡ᠃ ᠰᠠᠢᠬᠠᠨ ᠲᠣᠭᠣᠷᠢᠭ᠋᠎ᠤᠨ ᠬᠢᠨ ᠲᠣᠮᠣ᠌ ᠳ᠋ᠠᠢᠲ᠋ᠠ᠎ᠳᠤ ᠲᠦᠰᠢᠭᠯᠡᠨ ᠭᠦᠨᠵᠡᠭᠡᠢ ᠵᠠᠳᠠᠯᠤᠯᠲᠠ ᠬᠢᠵᠦ᠂ 2024 ᠣᠨ᠎ᠳᠤ ᠵᠠᠳᠠᠯᠤᠯᠲᠠ᠎ᠶᠢᠨ ᠲᠤᠰᠬᠠᠢ ᠮᠡᠳᠡᠭᠦᠯᠦᠯᠲᠡ᠎ᠶᠢ 40 ᠭᠠᠷᠤᠢ ᠬᠤᠪᠢ ᠪᠢᠴᠢᠵᠦ᠂ 947 ᠵᠤᠷᠪᠤᠰ ᠮᠡᠳᠡᠯᠭᠡ᠎ᠶᠢᠨ ᠬᠥᠮᠥᠷᠭᠡ ᠪᠠᠢᠭᠤᠯᠵᠤ᠂ 78% ᠶᠢᠨ ᠯᠠᠪᠯᠠᠯᠲᠠ᠎ᠶᠢᠨ ᠠᠰᠠᠭᠤᠳᠠᠯ᠎ᠳᠤ ᠮᠡᠳᠡᠯᠭᠡ᠎ᠶᠢᠨ ᠬᠥᠮᠥᠷᠭᠡ᠎ᠪᠡᠷ ᠰᠢᠭᠤᠳ ᠬᠠᠷᠢᠭᠤᠯᠲᠠ ᠥᠭᠭᠦᠭᠰᠡᠨ᠎ᠢᠶᠡᠷ᠂ ᠪᠦᠬᠦ ᠵᠢᠯ᠎ᠦᠨ ᠠᠵᠢᠯ᠎ᠤᠨ ᠡᠭᠦᠷᠭᠡ᠎ᠶᠢᠨ ᠬᠠᠭᠤᠳᠠᠰᠤᠨ᠎ᠤ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ 3.92% ᠵᠢᠡᠷ ᠪᠠᠭᠤᠷᠠᠵᠤ᠂ ᠨᠡᠩ ᠴᠤ᠌ 138 ᠬᠤᠭᠤᠴᠠᠭᠠᠨ᠎ᠤ ᠡᠳᠦᠷ᠎ᠦᠨ ᠮᠡᠳᠡᠭᠦᠯᠦᠯᠲᠡ᠂ 42 ᠬᠤᠭᠤᠴᠠᠭᠠᠨ᠎ᠤ ᠭᠠᠷᠠᠭ᠎ᠤᠨ ᠮᠡᠳᠡᠭᠦᠯᠦᠯᠲᠡ ᠵᠡᠷᠭᠡ ᠳ᠋ᠠᠢᠲ᠋ᠠ᠎ᠶᠢᠨ ᠦᠷ᠎ᠡ ᠪᠦᠲᠦᠭᠡᠯ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ ᠬᠠᠩᠭᠠᠵᠤ᠂ 《ᠰᠢᠢᠳᠪᠦᠷᠢᠯᠡᠭᠦᠯᠬᠦ᠎ᠪᠡᠷ ᠱᠠᠭᠠᠷᠳᠠᠬᠤ᠎ᠠᠴᠠ ᠡᠮᠦᠨ᠎ᠡ ᠰᠢᠢᠳᠪᠦᠷᠢᠯᠡᠬᠦ》᠎ᠶᠢ ᠪᠡᠶᠡᠯᠡᠭᠦᠯᠵᠡᠢ᠃