ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠳᠤ ᠨᠠᠮᠤᠷ᠎ᠤᠨ ᠤᠰᠤᠯᠠᠯᠲᠠ᠎ᠶᠢᠨ ᠠᠵᠢᠯ᠎ᠢ ᠪᠦᠬᠦ ᠲᠠᠯ᠎ᠠ᠎ᠪᠠᠷ ᠡᠬᠢᠯᠡᠭᠦᠯᠪᠡ
ᠨᠡᠶ᠋ᠢᠲᠡᠯᠡᠭᠰᠡᠨ ᠴᠠᠭ᠄ 2025-10-17

 

10 ᠳ᠋ᠤᠭᠠᠷ ᠰᠠᠷ᠎ᠠ᠎ᠶᠢᠨ 15᠎ᠤ ᠡᠳᠦᠷ᠂ ᠪᠠᠶᠠᠨᠨᠠᠭᠤᠷ ᠬᠣᠲᠠ᠎ᠶᠢᠨ ᠬᠠᠲᠤᠨ ᠭᠣᠣᠯ᠎ᠤᠨ ᠰᠠᠨ ᠱᠧᠩ ᠬᠥᠩ ᠤᠰᠤᠨ ᠠᠰᠢᠭ᠍ᠯᠠᠯᠲᠠ᠎ᠶᠢᠨ ᠬᠦᠢᠰᠦ ᠢᠨᠵᠧᠨᠧᠷᠢᠩ᠎ᠦᠨ ᠬᠣᠢᠲᠤ ᠶᠡᠷᠦᠩᠬᠡᠢ ᠭᠣᠣᠯ ᠰᠤᠪᠠᠭ᠎ᠤᠨ ᠤᠰᠤ ᠣᠷᠣᠭᠤᠯᠬᠤ ᠬᠠᠭᠠᠯᠲᠠ ᠨᠡᠭᠡᠭᠡᠭᠳᠡᠬᠦ᠎ᠶᠢ ᠳᠠᠭᠠᠯᠳᠤᠨ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ 2025 ᠣᠨ᠎ᠤ ᠨᠠᠮᠤᠷ᠎ᠤᠨ ᠤᠰᠤᠯᠠᠯᠲᠠ᠎ᠶᠢᠨ ᠠᠵᠢᠯ᠎ᠢ ᠪᠥᠬᠥ ᠲᠠᠯ᠎ᠠ᠎ᠪᠠᠷ ᠡᠬᠢᠯᠡᠭᠦᠯᠵᠦ᠂ ᠠᠩᠬ᠎ᠠ ᠤᠰᠤ ᠲᠠᠯᠪᠢᠬᠤ ᠠᠮᠠᠰᠠᠷ᠎ᠤᠨ ᠤᠷᠤᠰᠬᠠᠯ᠎ᠤᠨ ᠬᠡᠮᠵᠢᠶ᠎ᠡ ᠨᠢ 100 ᠺᠦᠪ ᠮᠧᠲᠷ / ᠰᠧᠺᠦ᠋ᠨ᠋ᠳ᠋᠎ᠲᠦ ᠬᠥᠷᠪᠡ᠃ 

ᠲᠣᠰ ᠤᠳᠠᠭᠠᠨ᠎ᠤ ᠨᠠᠮᠤᠷ᠎ᠤᠨ ᠤᠰᠤᠯᠠᠯᠲᠠ᠎ᠶᠢᠨ ᠠᠵᠢᠯ ᠨᠢ 2026 ᠣᠨ᠎ᠤ ᠬᠠᠪᠤᠷ᠎ᠤᠨ ᠲᠠᠷᠢᠶᠠᠯᠠᠭ᠎ᠠ᠎ᠳᠤ ᠪᠠᠲᠤ ᠪᠡᠬᠢ ᠰᠠᠭᠤᠷᠢ ᠲᠠᠯᠪᠢᠵᠤ ᠥᠭᠬᠦ ᠪᠣᠯᠣᠨ᠎ᠠ᠃ ᠪᠥᠬᠥ ᠤᠰᠤᠯᠠᠯᠲᠠ᠎ᠶᠢᠨ ᠣᠷᠣᠨ᠎ᠳᠤ ᠨᠠᠮᠤᠷ 430 ᠲᠦᠮᠡ ᠭᠠᠷᠤᠢ ᠮᠦ᠍ ᠲᠠᠯᠠᠪᠠᠶ᠎ᠶᠢ ᠤᠰᠤᠯᠠᠬᠤ᠎ᠪᠠᠷ ᠲᠥᠯᠥᠪᠯᠡᠵᠦ᠂ ᠶᠡᠷᠦᠩᠬᠡᠢ ᠤᠰᠤ ᠬᠡᠷᠡᠭᠯᠡᠬᠦ ᠬᠡᠮᠵᠢᠶ᠎ᠡ᠎ᠶᠢ 9.5 ᠳ᠋ᠦᠩᠰᠢᠭᠤᠷ ᠺᠦᠪ ᠮᠧᠲᠷ᠎ᠦᠨ ᠳᠣᠲᠣᠷ᠎ᠠ ᠴᠢᠩᠭ᠎ᠠ ᠬᠢᠵᠠᠭᠠᠷᠯᠠᠨ᠎ᠠ᠃ 

ᠤᠰᠤᠯᠠᠯᠲᠠ᠎ᠶᠢᠨ ᠬᠠᠮᠢᠶᠠᠷᠤᠯᠲᠠ᠎ᠳᠤ 《ᠴᠠᠭ᠎ᠤᠨ ᠥᠭᠰᠥᠴᠡ + ᠬᠥᠷᠥᠰᠥᠨ᠎ᠦ ᠲᠥᠷᠥᠯ ᠬᠡᠯᠪᠡᠷᠢ》᠎ᠶᠢᠨ ᠨᠠᠷᠢᠯᠢᠭ᠍ᠵᠢᠭᠤᠯᠤᠭᠰᠠᠨ ᠬᠡᠪ ᠵᠠᠭᠪᠤᠷ᠎ᠢ ᠬᠡᠷᠡᠭᠵᠢᠭᠦᠯᠦᠨ᠎ᠡ᠃ ᠴᠠᠭ᠎ᠤᠨ ᠲᠣᠬᠢᠷᠠᠭᠤᠯᠤᠯᠲᠠ᠎ᠶᠢᠨ ᠲᠠᠯ᠎ᠠ᠎ᠪᠠᠷ᠂ 10 ᠳ᠋ᠤᠭᠠᠷ ᠰᠠᠷ᠎ᠠ᠎ᠶᠢᠨ 15᠎ᠤ ᠡᠳᠦᠷ᠎ᠡᠴᠡ 25᠎ᠤ ᠡᠳᠦᠷ ᠪᠣᠯ ᠨᠠᠮᠤᠷ᠎ᠤᠨ ᠡᠬᠢᠨ᠎ᠦ ᠤᠰᠤᠯᠠᠯᠲᠠ᠎ᠶᠢᠨ ᠱᠠᠲᠤ ᠪᠣᠯᠣᠨ᠎ᠠ᠂ ᠮᠦ᠍ ᠪᠦᠷᠢ᠎ᠶᠢᠨ ᠳᠤᠮᠳᠠᠴᠢ ᠨᠣᠷᠮ᠎ᠠ᠎ᠶᠢ 140 — 150 ᠺᠦᠪ ᠮᠧᠲᠷ᠎ᠲᠦ ᠬᠢᠵᠠᠭᠠᠷᠯᠠᠵᠤ᠂ ᠬᠥᠷᠥᠰᠥᠨ᠎ᠦ ᠰᠢᠮᠡᠳᠬᠡᠯ᠎ᠢ ᠪᠠᠲᠤᠯᠠᠨ᠎ᠠ; 11 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ 20᠎ᠤ ᠡᠳᠦᠷ ᠪᠣᠯ ᠨᠠᠮᠤᠷ᠎ᠤᠨ ᠰᠡᠭᠦᠯᠴᠢ᠎ᠶᠢᠨ ᠤᠰᠤᠯᠠᠯᠲᠠ᠎ᠶᠢᠨ ᠱᠠᠲᠤ ᠪᠣᠯᠣᠨ᠎ᠠ᠂ ᠮᠦ᠍ ᠪᠦᠷᠢ᠎ᠶᠢᠨ ᠳᠤᠮᠳᠠᠴᠢ ᠨᠣᠷᠮ᠎ᠠ᠎ᠶᠢ 110 — 120 ᠺᠦᠪ ᠮᠧᠲᠷ ᠪᠣᠯᠭᠠᠨ ᠪᠠᠭᠤᠷᠠᠭᠤᠯᠵᠤ᠂ ᠤᠰᠤ ᠠᠷᠪᠢᠯᠠᠵᠤ ᠦᠷ᠎ᠡ ᠠᠰᠢᠭ᠋᠎ᠢ ᠨᠡᠮᠡᠭᠳᠡᠭᠦᠯᠬᠦ᠎ᠪᠡᠷ ᠴᠢᠷᠮᠠᠢᠨ᠎ᠠ᠃ ᠳᠤᠮᠳᠠ ᠵᠡᠷᠭᠡ᠎ᠶᠢᠨ ᠪᠠ ᠶᠡᠬᠡ ᠬᠡᠮᠵᠢᠶᠡᠨ᠎ᠦ ᠬᠤᠵᠢᠷᠯᠢᠭ᠋ ᠭᠠᠵᠠᠷ᠎ᠲᠤ ᠴᠢᠭᠯᠡᠭᠦᠯᠦᠨ᠂ ᠲᠣᠭᠲᠠᠭᠰᠠᠨ ᠨᠣᠷᠮ᠎ᠠ᠎ᠶᠢ ᠨᠢ ᠮᠦ᠍ ᠪᠦᠷᠢ᠎ᠳᠦ 150 ᠺᠦᠪ ᠮᠧᠲᠷ᠎ᠢᠶᠡᠷ ᠲᠣᠭᠲᠠᠭᠠᠵᠤ᠂ ᠳᠠᠪᠤᠰᠤ ᠰᠦᠷᠴᠢᠬᠦ᠂ ᠰᠢᠮᠡᠳᠬᠡᠯ᠎ᠢ ᠬᠠᠮᠠᠭᠠᠯᠠᠬᠤ ᠪᠠ ᠤᠰᠤ ᠠᠷᠪᠢᠯᠠᠬᠤ ᠬᠡᠷᠡᠭᠴᠡᠭᠡ᠎ᠶᠢ ᠨᠢᠭᠡᠳᠦᠯᠲᠡᠢ ᠲᠥᠯᠥᠪᠯᠡᠨ᠎ᠡ᠃ 

ᠣᠳᠣᠬᠠᠨ᠎ᠳᠤ᠂ ᠤᠰᠤᠯᠠᠯᠲᠠ᠎ᠶᠢᠨ ᠣᠷᠣᠨ᠎ᠳᠤ ᠨᠢᠭᠡᠨᠲᠡ ᠬᠥᠷᠥᠰᠥᠨ᠎ᠦ ᠰᠢᠮᠡᠳᠬᠡᠯ᠎ᠢ ᠬᠢᠨᠠᠨ ᠬᠡᠮᠵᠢᠬᠦ 120 ᠴᠡᠭ ᠪᠠ ᠬᠥᠷᠥᠰᠥᠨ᠎ᠦ ᠳᠠᠪᠤᠰᠤᠨ᠎ᠤ ᠬᠡᠮᠵᠢᠶ᠎ᠡ᠎ᠶᠢ ᠬᠢᠨᠠᠨ ᠬᠡᠮᠵᠢᠬᠦ 80 ᠴᠡᠭ᠎ᠢ ᠪᠠᠢᠷᠢᠯᠠᠭᠤᠯᠵᠤ᠂ ᠦᠷᠭᠦᠯᠵᠢᠯᠡᠨ ᠳ᠋ᠠᠢᠲ᠋ᠠ ᠴᠤᠭᠯᠠᠭᠤᠯᠵᠤ᠂ 2026 ᠣᠨ᠎ᠤ ᠬᠠᠪᠤᠷ᠎ᠤᠨ ᠤᠰᠤᠯᠠᠯᠲᠠ᠎ᠶᠢᠨ ᠠᠵᠢᠯ᠎ᠤᠨ ᠬᠡᠷᠡᠭᠴᠡᠭᠡ᠎ᠶᠢ ᠣᠨᠣᠪᠴᠢᠲᠠᠶ ᠵᠢᠱ᠌ᠢᠬᠦ ᠪᠠ ᠤᠰᠤ ᠬᠠᠩᠭᠠᠬᠤ ᠲᠥᠰᠥᠯ᠎ᠢ ᠬᠥᠳᠡᠯᠦᠩᠭᠦᠢ᠎ᠪᠡᠷ ᠰᠢᠯᠢᠳᠡᠭᠵᠢᠭᠦᠯᠬᠦ᠎ᠳᠦ ᠦᠨᠳᠦᠰᠦᠯᠡᠯ ᠪᠣᠯᠭᠠᠨ᠎ᠠ᠃ 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ