ᠰᠤᠷᠪᠤᠯᠵᠢᠯᠠᠭ᠍ᠴᠢ ᠪᠤᠭᠤᠲᠤ ᠬᠤᠳᠠ᠎ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠭᠤᠨ ᠮᠠᠯᠵᠢᠬᠤ ᠣᠷᠣᠨ᠎ᠤ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ ᠣᠢᠷ᠎ᠠ᠎ᠳᠤ᠂ ᠵᠢᠤ ᠶᠤᠸᠠᠨ ᠲᠣᠭᠣᠷᠢᠭ᠋᠎ᠤᠨ ᠬᠣᠶᠠᠷ ᠬᠤᠳᠳᠤᠭ ᠪᠠᠯᠭᠠᠰᠤ᠎ᠶ᠋ᠢᠨ ᠮᠢᠩᠭᠠᠨ ᠮᠦ᠍ ᠬᠠᠪᠤᠷ᠎ᠤᠨ ᠲᠠᠷᠢᠶᠠᠯᠠᠭ᠎ᠠ᠎ᠶᠢᠨ ᠰᠢᠷ᠎ᠠ ᠪᠤᠷᠴᠠᠭ᠎ᠤᠨ ᠵᠢᠱ᠌ᠢᠶ᠎ᠡ ᠦᠵᠡᠭᠦᠯᠬᠦ ᠲᠠᠷᠢᠶ᠎ᠠ᠎ᠠᠴᠠ ᠡᠯᠪᠡᠭ ᠬᠤᠷᠢᠶᠠᠯᠲᠠ᠎ᠶᠢᠨ ᠪᠠᠶᠠᠷ᠎ᠤᠨ ᠮᠡᠳᠡᠭᠡ ᠤᠯᠠᠮᠵᠢᠯᠠᠭ᠍ᠳᠠᠨ ᠲᠠᠷᠬᠠᠵᠠᠢ᠃ ᠲᠤᠰᠬᠠᠢ ᠮᠡᠷᠭᠡᠵᠢᠯ᠎ᠦᠨ ᠤᠨᠠᠯᠲᠠ᠎ᠶ᠋ᠢᠨ ᠬᠡᠮᠵᠢᠯᠲᠡ ᠪᠠ ᠱᠢᠯᠭᠠᠨ ᠬᠤᠷᠢᠶᠠᠬᠤ᠎ᠪᠠᠷ ᠳᠠᠮᠵᠢᠨ᠂ ᠡᠨᠡ ᠬᠦ᠌ ᠵᠢᠱ᠌ᠢᠶ᠎ᠡ ᠦᠵᠡᠭᠦᠯᠬᠦ ᠣᠷᠣᠨ᠎ᠤ ᠰᠢᠷ᠎ᠠ ᠪᠤᠷᠴᠠᠭ᠎ᠤᠨ ᠮᠦ᠍ ᠪᠦᠷᠢ᠎ᠶᠢᠨ ᠤᠨᠠᠯᠲᠠ 376.03 ᠺᠢᠯᠣᠭ᠌ᠷᠠᠮ᠎ᠳᠤ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠰᠢᠷ᠎ᠠ ᠪᠤᠷᠴᠠᠭ᠎ᠤᠨ ᠥᠨᠳᠥᠷ ᠤᠨᠠᠯᠲᠠ᠎ᠶᠢᠨ ᠲᠡᠮᠳᠡᠭᠯᠡᠯ᠎ᠢ ᠠᠮᠵᠢᠯᠲᠠ᠎ᠲᠠᠢ ᠰᠢᠨᠡᠳᠬᠡᠵᠦ᠂ ᠣᠷᠣᠨ ᠪᠦᠰᠡ᠎ᠶᠢᠨ ᠰᠢᠷ᠎ᠠ ᠪᠤᠷᠴᠠᠭ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠷᠬᠡᠭ ᠶᠡᠬᠡ ᠬᠦᠳᠡᠯᠭᠡᠭ᠌ᠴᠢ ᠬᠦᠴᠦᠨ ᠨᠡᠮᠡᠷᠢᠯᠡᠵᠡᠢ᠃
ᠡᠨᠡ ᠬᠦ᠌ ᠵᠢᠱ᠌ᠢᠶ᠎ᠡ ᠦᠵᠡᠭᠦᠯᠬᠦ ᠲᠠᠷᠢᠶ᠎ᠠ ᠪᠣᠯ ᠪᠤᠭᠤᠲᠤ ᠬᠣᠲᠠ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠡᠭᠦᠷᠭᠡᠯᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠴᠢᠬᠤᠯᠠ ᠶᠡᠬᠡ ᠮᠡᠷᠭᠡᠵᠢᠯ᠎ᠤᠨ ᠬᠠᠮᠵᠢᠯᠴᠠᠨ ᠳᠡᠯᠭᠡᠷᠡᠭᠦᠯᠬᠦ᠌ ᠲᠥᠯᠥᠪᠯᠡᠭᠡ — 2025 ᠣᠨ᠎ᠤ ᠪᠤᠭᠤᠲᠤ ᠬᠣᠲᠠ᠎ᠶᠢᠨ ᠰᠢᠷ᠎ᠠ ᠪᠤᠷᠴᠠᠭ᠎ᠤᠨ ᠥᠨᠳᠥᠷ ᠤᠨᠠᠯᠲᠠ᠎ᠲᠠᠢ ᠥᠨᠳᠥᠷ ᠦᠷ᠎ᠡ ᠠᠰᠢᠭ᠋᠎ᠲᠠᠢ ᠳᠠᠷᠢᠵᠤ ᠪᠣᠢᠵᠢᠭᠤᠯᠬᠤ ᠮᠡᠷᠭᠡᠵᠢᠯ᠎ᠦᠨ ᠬᠤᠷᠠᠮᠠᠯ ᠬᠢᠭᠡᠳ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠲᠥᠷᠥᠯ ᠵᠦᠢᠯ》᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠪᠣᠯᠣᠨ᠎ᠠ᠂ ᠮᠡᠷᠭᠡᠵᠢᠯ᠎ᠦᠨ ᠱᠢᠨᠡᠴᠢᠯᠡᠯᠲᠡ᠎ᠶ᠋ᠢ ᠦᠢᠯᠡᠳᠪᠦᠷᠢᠯᠡᠯ᠎ᠦᠨ ᠪᠥᠬᠥ ᠶᠠᠪᠤᠴᠠ᠎ᠳᠤ ᠲᠤᠭᠤᠱᠢᠯᠠᠭᠤᠯᠵᠠᠢ᠃ ᠦᠷ᠎ᠡ ᠡᠭᠦᠯᠳᠡᠷ᠎ᠢ ᠰᠣᠩᠭᠣᠬᠤ ᠲᠠᠯ᠎ᠠ᠎ᠪᠠᠷ᠂ ᠪᠤᠭᠤᠲᠤ᠎ᠶᠢᠨ ᠠᠭᠤᠯᠠᠨ ᠡᠮᠦᠨᠡᠬᠢ ᠣᠷᠣᠨ᠎ᠤ ᠬᠡᠷᠡᠯ ᠢᠯᠴᠢ᠎ᠶᠢᠨ ᠡᠬᠢ ᠪᠠᠶᠠᠯᠢᠭ᠋᠎ᠤᠨ ᠳᠠᠪᠠᠭᠤᠯᠢᠭ᠋᠎ᠲᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ᠎ᠤ 《ᠦᠷ᠎ᠡ ᠲᠠᠷᠢᠶ᠎ᠠ᠎ᠶ᠋ᠢ ᠳᠡᠯᠭᠡᠨ ᠦᠵᠡᠭᠦᠯᠵᠦ᠍ ᠦᠷ᠎ᠡ ᠡᠭᠦᠯᠳᠡᠷ ᠰᠣᠩᠭᠣᠬᠤ ᠲᠠᠪᠴᠠᠩ》᠎ᠳᠤ ᠲᠦᠱᠢᠭ᠌ᠯᠡᠵᠦ᠍᠂ ᠥᠨᠳᠥᠷ ᠤᠨᠠᠯᠲᠠ᠎ᠲᠠᠢ᠂ ᠨᠢᠭ᠍ᠲᠠᠷᠠᠭᠤᠯᠤᠨ ᠲᠠᠷᠢᠬᠤ᠎ᠳᠤ ᠳᠠᠭᠠᠭᠠᠮᠠᠭᠠᠢ᠂ ᠮᠠᠰᠢᠨ᠎ᠢᠶᠠᠷ ᠬᠤᠷᠢᠶᠠᠬᠤ᠎ᠳᠤ ᠲᠣᠬᠢᠷᠠᠮᠵᠢᠲᠠᠢ 《ᠮᠧᠩ ᠺᠧ ᠪᠤᠷᠴᠠᠭ 17》᠎ᠶᠢ ᠰᠢᠯᠢᠳᠡᠭᠴᠢᠯᠡᠨ ᠰᠤᠩᠭᠤᠵᠠᠢ; ᠦᠷ᠎ᠡ ᠰᠠᠴᠤᠬᠤ ᠭᠣᠭᠴᠣᠭ᠎ᠠ᠎ᠳᠤ᠂ ᠥᠨᠳᠥᠷ ᠴᠢᠳᠠᠪᠬᠢᠲᠤ ᠲᠠᠷᠢᠶᠠᠯᠠᠩ᠎ᠤᠨ ᠮᠠᠱᠢᠨ᠎ᠳᠤ ᠳᠣᠬᠢᠭᠤᠷ ᠲᠤᠯᠤᠭᠠᠨ ᠣᠲᠣ ᠵᠠᠯᠠᠭᠤᠷ᠎ᠤᠨ ᠰᠢᠰᠲᠧᠮ᠎ᠢ ᠠᠴᠢᠶᠠᠯᠠᠨ᠂ ᠨᠠᠷᠢᠯᠢᠭ᠋ ᠨᠢᠭ᠍ᠲᠠ ᠳᠠᠷᠢᠬᠤ᠎ᠶᠢ ᠪᠡᠶᠡᠯᠡᠭᠦᠯᠵᠦ᠂ ᠵᠦᠢ ᠵᠣᠬᠢᠰᠲᠠᠢ ᠨᠡᠢᠲᠡ ᠪᠦᠷᠢᠯᠳᠦᠯ᠎ᠦᠨ ᠪᠦᠲᠦᠴᠡ᠎ᠶᠢ ᠪᠠᠢᠭᠤᠯᠤᠨ᠂ ᠴᠢᠬᠢ ᠨᠢ ᠵᠢᠭᠳᠡ ᠪᠦᠭᠡᠳ ᠲᠡᠩᠴᠡᠭᠦᠨ ᠪᠠᠢᠬᠤ᠎ᠶᠢ ᠦᠨᠡᠨ ᠬᠦ᠌ ᠪᠠᠲᠤᠯᠠᠪᠠ; ᠲᠠᠷᠢᠶᠠᠨ ᠭᠠᠵᠠᠷ᠎ᠤᠨ ᠬᠠᠮᠢᠶᠠᠷᠤᠯᠲᠠ᠎ᠶᠢᠨ ᠱᠠᠲᠤᠨ᠎ᠳᠤ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠨ ᠪᠠᠭ᠎ᠠ ᠬᠡᠮᠵᠢᠶ᠎ᠡ᠎ᠪᠡᠷ ᠣᠯᠠᠨᠲᠠ ᠬᠠᠩᠭᠠᠬᠤ᠂ ᠪᠣᠬᠢᠷᠲᠤᠯ ᠦᠭᠡᠢ ᠰᠡᠷᠭᠡᠢᠯᠡᠨ ᠡᠵᠡᠮᠳᠡᠬᠦ᠂ ᠬᠢᠮᠢ᠎ᠶᠢᠨ ᠲᠣᠬᠢᠷᠠᠭᠤᠯᠤᠯ ᠡᠵᠡᠮᠳᠡᠯ ᠵᠢᠴᠢ ᠮᠠᠰᠢᠨ᠎ᠢᠶᠠᠷ ᠬᠤᠷᠢᠶᠠᠵᠤ ᠬᠣᠬᠢᠷᠠᠯ᠎ᠢ ᠪᠠᠭᠠᠰᠬᠠᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠥᠨᠳᠥᠷ ᠤᠨᠠᠯᠲᠠ᠎ᠶᠢᠨ ᠳᠠᠯᠳᠠ ᠬᠦᠴᠦᠨ᠎ᠢ ᠭᠦᠢᠴᠡᠳ ᠪᠠᠳᠠᠷᠠᠭᠤᠯᠬᠤ᠎ᠶᠢ ᠪᠥᠬᠥ ᠲᠠᠯ᠎ᠠ᠎ᠪᠠᠷ ᠪᠠᠲᠤᠯᠠᠪᠠ᠃
ᠡᠨᠡ ᠬᠦ᠌ ᠤᠳᠠᠭᠠᠨ᠎ᠤ ᠮᠢᠩᠭᠠᠨ ᠮᠦ᠍ ᠰᠢᠷ᠎ᠠ ᠪᠤᠷᠴᠠᠭ᠎ᠤᠨ ᠥᠨᠳᠥᠷ ᠤᠨᠠᠯᠲᠠ᠎ᠶᠢᠨ ᠦᠢᠯᠡᠳᠦᠯᠭᠡ ᠨᠢ ᠪᠤᠭᠤᠲᠤ᠎ᠶᠢᠨ ᠲᠤᠬᠠᠢ᠎ᠶᠢᠨ ᠭᠠᠵᠠᠷ᠎ᠤᠨ ᠲᠠᠷᠢᠶᠠᠴᠢᠳ᠎ᠲᠤ ᠦᠨᠡᠨ ᠪᠣᠳᠠᠲᠠᠢ ᠠᠰᠢᠭ᠋ ᠣᠷᠣᠯᠭ᠎ᠠ ᠣᠯᠭᠣᠭ᠍ᠰᠠᠨ᠎ᠢᠶᠠᠷ ᠪᠠᠷᠠᠬᠤ ᠦᠭᠡᠢ ᠪᠠᠰᠠ ᠬᠠᠭᠤᠯᠪᠤᠷᠢᠯᠠᠵᠤ ᠪᠣᠯᠬᠤᠢ᠍ᠢᠴᠠ᠂ ᠳᠡᠯᠭᠡᠷᠡᠭᠦᠯᠵᠦ᠍ ᠪᠣᠯᠬᠤᠢ᠍ᠢᠴᠠ 《ᠪᠤᠭᠤᠲᠤ᠎ᠶᠢᠨ ᠲᠤᠷᠰᠢᠯᠭ᠎ᠠ》᠎ᠶ᠋ᠢ ᠪᠣᠶ ᠪᠣᠯᠭᠠᠵᠤ᠂ ᠥᠪᠥᠷ ᠮᠣᠩᠭᠣᠯ ᠴᠢᠨᠠᠭᠰᠢᠯᠠᠪᠠᠯ ᠠᠳᠠᠯᠢ ᠲᠥᠷᠥᠯ᠎ᠦᠨ ᠭᠠᠵᠠᠷ ᠣᠷᠣᠨ᠎ᠤ ᠰᠢᠷ᠎ᠠ ᠪᠤᠷᠴᠠᠭ᠎ᠤᠨ ᠦᠢᠯᠡᠳᠪᠦᠷᠢᠯᠡᠬᠦ ᠴᠢᠳᠠᠮᠵᠢ᠎ᠶ᠋ᠢ ᠳᠡᠭᠡᠭ᠌ᠰᠢᠯᠡᠭᠦᠯᠬᠦ᠌᠂ ᠤᠯᠤᠰ᠎ᠤᠨ ᠠᠮᠤ ᠲᠣᠰᠣᠨ᠎ᠤ ᠠᠮᠤᠷ ᠲᠦᠪᠰᠢᠨ᠎ᠢ ᠪᠠᠲᠤᠯᠠᠬᠤ᠎ᠳᠤ ᠬᠦᠴᠦᠲᠡᠢ ᠯᠠᠪᠯᠠᠯᠲᠠ ᠬᠠᠩᠭᠠᠬᠤ ᠪᠣᠯᠣᠨ᠎ᠠ᠃