ᠣᠢᠷ᠎ᠠ᠎ᠳᠤ᠂ ᠪᠠᠶᠠᠨᠨᠠᠭᠤᠷ ᠬᠣᠲᠠ᠎ᠶᠢᠨ ᠴᠦᠨ ᠾᠧ ᠹᠦ ᠵᠢᠶᠠᠩ ᠠᠮᠢᠳᠤ ᠪᠣᠳᠠᠰ᠎ᠤᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠪᠣᠭᠣᠮᠲᠠ᠎ᠶᠢᠨ ᠶᠠᠪᠤᠳᠠᠯ᠎ᠤᠨ ᠠᠵᠢᠯᠲᠠᠨ ᠵᠣᠣ ᠭᠤᠸᠠᠨ ᠨᠠᠨ᠂ ᠤᠷᠠᠳ ᠪᠣᠭᠣᠮᠲᠠ᠎ᠶᠢᠨ ᠱᠢᠯᠭᠠᠨ ᠪᠠᠢᠴᠠᠭᠠᠭ᠍ᠴᠢ ᠪᠣᠭᠣᠮᠲᠠ᠎ᠶᠢᠨ ᠠᠵᠢᠯᠲᠠᠨ᠎ᠲᠠᠢ ᠸᠢᠳᠢᠤ᠋᠎ᠪᠠᠷ ᠬᠣᠯᠪᠣᠯᠳᠤᠵᠤ᠂ ᠶᠡᠷᠦᠩᠬᠡᠢ ᠬᠦᠨᠳᠦ ᠨᠢ 75.17 ᠲᠣᠨ᠎ᠤ 320 ᠰᠠᠭᠤᠯᠠᠭ᠎ᠠ ᠭᠠᠳᠠᠭᠠᠳᠤ᠎ᠳᠤ ᠭᠠᠷᠭᠠᠬᠤ ᠲᠥᠪᠡᠳ ᠬᠠᠰᠢ᠎ᠶᠢᠨ ᠨᠤᠬᠤᠰᠢ᠎ᠶ᠋ᠢᠨ ᠬᠠᠷᠢᠶ᠎ᠠ ᠭᠠᠵᠠᠷ᠎ᠤᠨ ᠱᠢᠯᠭᠠᠨ ᠪᠠᠢᠴᠠᠭᠠᠬᠤ ᠠᠵᠢᠯ᠎ᠢ ᠠᠯᠤᠰ᠎ᠠᠴᠠ ᠪᠡᠶᠡᠯᠡᠭᠦᠯᠵᠡᠢ᠃
ᠱᠢᠯᠭᠠᠨ ᠪᠠᠢᠴᠠᠭᠠᠬᠤ ᠪᠣᠭᠣᠮᠲᠠ᠎ᠶᠢᠨ ᠠᠵᠢᠯᠲᠠᠨ᠎ᠤ ᠵᠢᠯᠣᠭᠣᠳᠤᠯᠭ᠎ᠠ ᠶᠣᠰᠣᠭᠠᠷ᠂ ᠵᠣᠣ ᠭᠤᠸᠠᠨ ᠨᠠᠨ ᠭᠠᠳᠠᠭᠠᠳᠤ᠎ᠳᠤ ᠭᠠᠷᠭᠠᠬᠤ ᠲᠥᠪᠡᠳ ᠬᠠᠰᠢ᠎ᠶᠢᠨ ᠨᠤᠬᠤᠰᠢ᠎ᠶᠢᠨ ᠲᠣᠭ᠎ᠠ ᠬᠡᠮᠵᠢᠶ᠎ᠡ᠂ ᠬᠦᠨᠳᠦᠴᠡ᠂ ᠪᠦᠯᠦᠭ ᠤᠳᠠᠭ᠎ᠠ᠎ᠶᠢᠨ ᠳ᠋ᠤᠭᠠᠷ ᠵᠢᠴᠢ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠵᠡᠷᠭᠡ ᠡᠯᠧᠮᠧᠨ᠋ᠲ᠎ᠢ ᠲᠠᠰ ᠳᠠᠷᠠᠭᠠᠯᠠᠨ ᠦᠵᠡᠭᠦᠯᠦᠭᠰᠡᠨ ᠪᠥᠭᠡᠳ ᠪᠠᠷᠠᠭ᠎ᠠ᠎ᠳᠤ ᠣᠨᠳᠣᠣ ᠪᠣᠳᠠᠰ ᠬᠣᠯᠢᠯᠳᠤᠬᠤ᠂ ᠸᠠᠯᠠᠵᠤ ᠬᠣᠷᠣᠬᠠᠢᠲᠤᠬᠤ᠂ ᠢᠯᠵᠢᠷᠡᠵᠦ ᠴᠢᠨᠠᠷ ᠬᠤᠪᠢᠷᠠᠬᠤ ᠵᠡᠷᠭᠡ ᠪᠠᠢᠳᠠᠯ ᠣᠷᠣᠰᠢᠵᠤ ᠪᠠᠢᠬᠤ ᠡᠰᠡᠬᠦ᠎ᠶᠢ ᠪᠣᠭᠣᠳᠠᠯ ᠨᠡᠭᠡᠭᠡᠵᠦ ᠬᠠᠷᠭᠤᠭᠤᠯᠤᠨ ᠪᠠᠢᠴᠠᠭᠠᠪᠠ᠃ ᠤᠳᠠᠯ ᠦᠭᠡᠢ ᠲᠡᠷᠡ ᠱᠢᠯᠭᠠᠨ ᠪᠠᠢᠴᠠᠭᠠᠭ᠍ᠰᠠᠨ ᠦᠷ᠎ᠡ ᠳ᠋ᠦᠩ᠎ᠢ ᠨᠣᠲᠠᠯᠠᠭ᠍ᠰᠠᠨ ᠮᠡᠳᠡᠭᠳᠡᠯ ᠣᠯᠵᠤ᠂ 《ᠵᠦᠪᠱᠢᠶᠡᠷᠡᠬᠦ᠌》 ᠲᠣᠪᠴᠢ᠎ᠶ᠋ᠢ ᠳᠠᠷᠤᠭᠠᠳ ᠱᠢᠯᠭᠠᠨ ᠪᠠᠢᠴᠠᠭᠠᠯᠲᠠ᠎ᠶ᠋ᠢ ᠳᠠᠭᠤᠰᠭᠠᠪᠠ᠃
《ᠥᠩᠭᠡᠷᠡᠭᠰᠡᠨ᠎ᠳᠦ ᠪᠣᠭᠣᠮᠲᠠ᠎ᠶ᠋ᠢᠨ ᠠᠵᠢᠯᠲᠠᠳ ᠢᠷᠡᠵᠦ᠍ ᠪᠠᠷᠠᠭ᠎ᠠ᠎ᠶ᠋ᠢ ᠬᠠᠷᠭᠤᠭᠤᠯᠤᠨ ᠱᠢᠯᠭᠠᠵᠤ᠂ ᠪᠢᠳᠡ ᠬᠠᠷᠢᠶ᠎ᠠ ᠭᠠᠵᠠᠷ᠎ᠤᠨ ᠬᠢᠨ᠎ᠦ ᠱᠢᠯᠭᠠᠨ ᠪᠠᠢᠴᠠᠭᠠᠯᠲᠠ᠎ᠳᠤ ᠬᠠᠪᠰᠤᠷᠳᠠᠭ ᠪᠠᠢᠵᠠᠢ᠂ ᠣᠳᠣ᠌ ᠪᠣᠭᠣᠮᠲᠠ ᠬᠢᠭᠡᠳ ᠠᠵᠤ ᠠᠬᠤᠢᠯᠠᠯ ᠠᠭᠤᠯᠵᠠᠬᠤ ᠦᠭᠡᠢ᠎ᠪᠠᠷ ᠭᠠᠷ ᠤᠲᠠᠰᠤ᠎ᠪᠠᠷ᠎ᠢᠶᠠᠨ ᠱᠢᠯᠭᠠᠨ ᠪᠠᠢᠴᠠᠭᠠᠯᠲᠠ᠎ᠶ᠋ᠢ ᠪᠡᠶᠡᠯᠡᠭᠦᠯᠵᠦ᠍ ᠳᠡᠢᠯᠬᠦ᠌ ᠪᠣᠯᠪᠠ᠂ 〈ᠨᠢᠭᠤᠷᠳᠠᠵᠤ ᠠᠵᠢᠯᠯᠠᠬᠤ〉᠎ᠠᠴᠠ 〈ᠳᠡᠯᠭᠡᠴᠡ᠎ᠪᠠᠷ ᠬᠠᠷᠢᠴᠠᠬᠤ〉 ᠪᠣᠯᠵᠤ᠂ ᠬᠠᠷᠢᠶ᠎ᠠ ᠭᠠᠵᠠᠷ᠎ᠤᠨ ᠠᠯᠤᠰ᠎ᠦᠨ ᠱᠢᠯᠭᠠᠨ ᠪᠠᠢᠴᠠᠭᠠᠯᠲᠠ ᠨᠢ ᠲᠥᠪᠡᠳ ᠬᠠᠰᠢ᠎ᠶ᠋ᠢᠨ ᠨᠤᠬᠤᠰᠢ᠎ᠶ᠋ᠢ ᠭᠠᠳᠠᠭᠠᠳᠤ᠎ᠳᠤ ᠭᠠᠷᠭᠠᠬᠤ ᠬᠤᠷᠳᠤᠴᠠ᠎ᠶ᠋ᠢ ᠨᠡᠩ ᠲᠦᠷᠭᠡᠨ ᠪᠣᠯᠭᠠᠵᠠᠢ》 ᠭᠡᠵᠦ ᠵᠤᠤ ᠭᠤᠸᠠᠨ ᠨᠠᠨ ᠬᠡᠯᠡᠪᠡ᠃
ᠣᠢᠯᠠᠭᠠᠭᠰᠠᠨ᠎ᠢᠶᠠᠷ᠂ ᠬᠠᠷᠢᠶ᠎ᠠ ᠭᠠᠵᠠᠷ᠎ᠤᠨ ᠠᠯᠤᠰ᠎ᠤᠨ ᠱᠢᠯᠭᠠᠨ ᠪᠠᠢᠴᠠᠭᠠᠯᠲᠠ ᠪᠣᠯ ᠪᠣᠭᠣᠮᠲᠠ᠎ᠶᠢᠨ ᠶᠡᠷᠦᠩᠬᠡᠢ ᠵᠠᠬᠢᠷᠭ᠎ᠠ᠎ᠶᠢᠨ ᠭᠠᠷᠭᠠᠭᠰᠠᠨ ᠬᠠᠷᠢᠶ᠎ᠠ ᠭᠠᠵᠠᠷ᠎ᠤᠨ ᠱᠢᠯᠭᠠᠨ ᠪᠠᠢᠴᠠᠭᠠᠯᠲᠠ᠎ᠶ᠋ᠢᠨ ᠥᠭᠡᠷᠡᠴᠢᠯᠡᠯᠲᠡ᠎ᠶᠢᠨ ᠰᠢᠨ᠎ᠡ ᠬᠡᠪ ᠵᠠᠭᠪᠤᠷ ᠪᠣᠯᠣᠨ᠎ᠠ᠃ ᠡᠨᠡ ᠬᠦ᠌ ᠬᠡᠪ ᠵᠠᠭᠪᠤᠷ᠎ᠤᠨ ᠳᠣᠣᠷ᠎ᠠ᠂ ᠪᠣᠭᠣᠮᠲᠠ ᠪᠠ ᠠᠵᠤ ᠠᠬᠤᠢᠯᠠᠯ ᠸᠢᠳᠢᠤ᠋᠎ᠪᠠᠷ ᠬᠣᠯᠪᠣᠯᠳᠤᠵᠤ᠂ ᠠᠵᠤ ᠠᠬᠤᠢᠯᠠᠯ᠎ᠤᠨ ᠮᠡᠳᠡᠭᠦᠯᠦᠭᠰᠡᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠪᠠᠷᠠᠭ᠎ᠠ᠎ᠶᠢ ᠭᠠᠳᠠᠭᠠᠳᠤ᠎ᠠᠴᠠ ᠣᠷᠣᠭᠤᠯᠬᠤ ᠭᠠᠵᠠᠷ ᠪᠤᠶᠤ ᠭᠠᠳᠠᠭᠠᠳᠤ᠎ᠳᠤ ᠭᠠᠷᠭᠠᠬᠤ ᠭᠠᠷᠤᠯᠲᠠ᠎ᠶᠢᠨ ᠭᠠᠵᠠᠷ᠎ᠲᠤ ᠨᠢ ᠬᠢᠨᠠᠨ ᠬᠠᠮᠢᠶᠠᠷᠬᠤ ᠠᠵᠢᠯ᠎ᠢ ᠭᠦᠢᠴᠡᠳᠬᠡᠨ᠎ᠡ᠃ ᠣᠳᠣᠬᠠᠨ᠎ᠳᠤ᠂ ᠥᠪᠥᠷ ᠮᠣᠩᠭᠣᠯ᠎ᠤᠨ ᠮᠥᠰᠥᠯᠡᠮᠵᠢᠶ᠋ᠢᠨ ᠡᠰᠢ᠂ ᠲᠥᠪᠡᠳ ᠬᠠᠰᠢ᠎ᠶᠢᠨ ᠨᠤᠬᠤᠰᠢ᠂ ᠵᠢᠮᠢᠰ ᠵᠡᠷᠭᠡ ᠪᠠᠷᠠᠭ᠎ᠠ᠎ᠶᠢ ᠭᠠᠳᠠᠭᠠᠳᠤ᠎ᠳᠤ ᠭᠠᠷᠭᠠᠬᠤ᠎ᠳᠤ ᠲᠣᠰ ᠬᠡᠪ ᠵᠠᠭ᠍ᠪᠤᠷ᠎ᠢ ᠲᠣᠬᠢᠷᠠᠭᠤᠯᠤᠨ ᠬᠡᠷᠡᠭ᠌ᠯᠡᠨ᠎ᠡ᠃
《ᠡᠢᠮᠦᠷᠬᠦᠦ 〈ᠵᠠᠢ ᠦᠭᠡᠢ᠂ ᠬᠦᠯᠢᠶᠡᠬᠦ᠌ ᠦᠭᠡᠢ᠂ ᠬᠣᠢᠰᠢᠯᠠᠭᠤᠯᠬᠤ ᠦᠭᠡᠢ〉 ᠠᠯᠤᠰ᠎ᠡᠴᠡ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ ᠨᠢ ᠭᠠᠳᠠᠭᠠᠳᠤ᠎ᠳᠤ ᠭᠠᠷᠭᠠᠬᠤ ᠪᠠᠷᠠᠭᠠᠨ᠎ᠤ ᠪᠠᠢᠴᠠᠭᠠᠯᠲᠠ᠎ᠶᠢ ᠬᠦᠯᠢᠶᠡᠬᠦ ᠴᠠᠭ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠣᠭᠣᠨᠢᠰᠬᠠᠵᠤ᠂ ᠲᠣᠰ ᠡᠳᠦᠷ᠎ᠲᠦ ᠨᠢ ᠭᠤᠶᠤᠴᠢᠯᠠᠵᠤ᠂ ᠲᠣᠰ ᠡᠳᠦᠷ᠎ᠲᠦ ᠨᠢ ᠱᠢᠯᠭᠠᠨ ᠪᠠᠢᠴᠠᠭᠠᠵᠤ᠂ ᠮᠡᠳᠡᠭᠦᠯᠦᠮᠡᠭ᠌ᠴᠡ ᠪᠠᠢᠴᠠᠭᠠᠬᠤ᠎ᠶᠢ ᠪᠡᠶᠡᠯᠡᠭᠦᠯᠦᠭᠰᠡᠨ ᠪᠠᠢᠨ᠎ᠠ᠂ ᠡᠨᠡ ᠨᠢ ᠠᠵᠤ ᠠᠬᠤᠢᠯᠠᠯ᠎ᠤᠨ ᠥᠪᠡᠷ᠎ᠦᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠋᠎ᠢ ᠨᠢ ᠨᠡᠮᠡᠭᠳᠡᠭᠦᠯᠦᠭᠰᠡᠨ᠎ᠢᠶᠡᠷ ᠪᠠᠷᠠᠬᠤ ᠦᠭᠡᠢ᠂ ᠪᠣᠭᠣᠮᠲᠠ᠎ᠶᠢᠨ ᠬᠠᠤᠯᠢ ᠬᠡᠷᠡᠭᠵᠢᠭᠦᠯᠬᠦ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠵᠦ᠂ ᠦᠢᠯᠡᠴᠢᠯᠡᠭᠡᠨ᠎ᠦ ᠴᠢᠨᠠᠷ ᠴᠢᠨᠰᠠᠭ᠎ᠠ ᠦᠷ᠎ᠡ ᠠᠰᠢᠭ᠋᠎ᠢ ᠳᠡᠭᠡᠭᠰᠢᠯᠡᠭᠦᠯᠦᠨ᠂ ᠭᠠᠳᠠᠭᠠᠳᠤ ᠠᠷᠠᠯᠵᠢᠶᠠᠨ᠎ᠤ ᠳᠥᠭᠥᠮᠴᠢᠯᠡᠯᠲᠡ᠎ᠶᠢ ᠠᠬᠢᠭᠤᠯᠤᠭᠰᠠᠨ ᠪᠠᠢᠨ᠎ᠠ》 ᠭᠡᠵᠦ ᠤᠷᠠᠳ ᠪᠣᠭᠣᠮᠲᠠ᠎ᠶᠢᠨ ᠱᠢᠯᠭᠠᠨ ᠪᠠᠢᠴᠠᠭᠠᠯᠲᠠ᠎ᠶ᠋ᠢᠨ ᠰᠠᠯᠠᠭᠠᠨ᠎ᠤ ᠰᠠᠯᠠᠭᠠᠨ ᠳᠠᠷᠤᠭ᠎ᠠ ᠵᠠᠩ ᠵᠢᠩ ᠢᠯᠡᠳᠬᠡᠪᠡ᠃