ᠰᠤᠷᠪᠤᠯᠵᠢᠯᠠᠭ᠍ᠴᠢ ᠠᠯᠠᠱᠠ ᠠᠢᠮᠠᠭ᠎ᠤᠨ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ᠎ᠡᠴᠡ ᠨᠠᠭᠠᠰᠢ᠂ ᠠᠯᠠᠱᠠ ᠠᠢᠮᠠᠭ᠎ᠤᠨ ᠬᠢᠨ ᠢᠨᠵᠧᠨᠧᠷᠢᠩ᠎ᠢᠶᠡᠷ ᠡᠯᠡᠰᠦ ᠲᠣᠭᠲᠠᠪᠤᠷᠢᠵᠢᠭᠤᠯᠬᠤ᠂ ᠠᠮᠢᠳᠤ ᠪᠣᠳᠠᠰ᠎ᠢᠶᠠᠷ ᠡᠯᠡᠰᠦ ᠵᠠᠰᠠᠬᠤ ᠬᠢᠭᠡᠳ ᠣᠶ ᠡᠪᠡᠰᠦᠨ᠎ᠦ ᠠᠮᠢ ᠠᠬᠤᠢ᠎ᠶᠢᠨ ᠰᠢᠰᠲᠧᠮ᠎ᠢ ᠶᠡᠷᠦᠩᠬᠡᠢᠯᠡᠨ ᠵᠠᠰᠠᠬᠤ᠎ᠪᠠᠷ ᠳᠡᠮᠵᠢᠨ᠂ ᠡᠯᠡᠰᠦ ᠵᠠᠰᠠᠬᠤ ᠣᠯᠠᠨ ᠬᠡᠮᠵᠢᠯᠲᠦ ᠲᠣᠭᠲᠠᠯᠴᠠᠭ᠎ᠠ᠎ᠶᠢ ᠪᠠᠢᠭᠤᠯᠵᠤ᠂ ᠨᠡᠶ᠋ᠢᠲᠡ 1 ᠳ᠋ᠦᠩᠰᠢᠭᠤᠷ ᠭᠠᠷᠤᠢ ᠮᠦ᠍ ᠡᠯᠡᠰᠦ᠎ᠶᠢ ᠵᠠᠰᠠᠭᠰᠠᠨ ᠪᠠᠢᠨ᠎ᠠ᠃
《ᠪᠢᠳᠡ ᠵᠢᠯᠣᠭᠣᠴᠢ ᠦᠭᠡᠢ ᠨᠢᠰᠬᠡᠯ᠎ᠢᠶᠡᠷ ᠴᠢᠬᠢ ᠮᠣᠳᠣ᠌ ᠲᠡᠭᠡᠭᠡᠪᠦᠷᠢᠯᠡᠬᠦ ᠮᠡᠷᠭᠡᠵᠢᠯ᠎ᠢ ᠬᠡᠷᠡᠭᠯᠡᠨ᠂ ᠣᠶᠤᠨᠴᠢᠯᠠᠭᠰᠠᠨ ᠠᠷᠭ᠎ᠠ ᠪᠠᠷᠢᠯ᠎ᠢᠶᠠᠷ ᠬᠥᠮᠥᠨ᠎ᠦ ᠬᠦᠴᠦ᠎ᠶᠢ ᠣᠷᠣᠯᠠᠭᠤᠯᠵᠤ᠂ ᠲᠠᠷᠢᠮᠠᠯ᠎ᠤᠨ ᠦᠷ᠎ᠡ ᠪᠦᠲᠦᠮᠵᠢ ᠪᠠ ᠣᠨᠣᠪᠴᠢ᠎ᠶᠢ ᠶᠡᠬᠡᠪᠡᠷ ᠳᠡᠭᠡᠭᠰᠢᠯᠡᠭᠦᠯᠵᠦ᠂ ᠣᠢᠵᠢᠭᠤᠯᠬᠤ ᠠᠵᠢᠯ᠎ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠥᠳᠡᠯᠭᠡᠭᠴᠢ ᠡᠨᠧᠷᠭᠢ ᠨᠡᠮᠡᠷᠢᠯᠡᠪᠡ᠃》 ᠭᠡᠵᠦ ᠥᠪᠥᠷ ᠮᠣᠩᠭᠣᠯ᠎ᠤᠨ ᠠᠯᠠᠱᠠ ᠵᠡᠭᠦᠨ ᠬᠣᠰᠢᠭᠤᠨ᠎ᠤ ᠯᠠᠨ ᠮᠠ ᠴᠡᠴᠡᠷᠯᠢᠭ᠎ᠦᠨ ᠠᠮᠢ ᠠᠬᠤᠢ᠎ᠶᠢᠨ ᠪᠠᠢᠭᠤᠯᠤᠯᠲᠠ᠎ᠶᠢᠨ ᠬᠢᠵᠠᠭᠠᠷᠲᠤ ᠺᠣᠮᠫᠠᠨᠢ᠎ᠶᠢᠨ ᠳᠡᠳ᠋ ᠶᠡᠷᠦᠩᠬᠡᠢ ᠳᠠᠭᠠᠭᠠᠮᠠᠯ ᠯᠢᠦ ᠬᠠᠢ ᠵᠢᠶᠦ᠋ᠨ ᠬᠡᠯᠡᠪᠡ᠃

ᠵᠢᠷᠤᠭ ᠪᠣᠯ ᠠᠯᠠᠱᠠ ᠠᠢᠮᠠᠭ᠎ᠤᠨ ᠡᠯᠡᠰᠦ ᠵᠠᠰᠠᠭᠴᠢᠳ ᠵᠢᠯᠣᠭᠣᠴᠢ ᠦᠭᠡᠢ ᠨᠢᠰᠬᠡᠯ᠎ᠢᠶᠡᠷ ᠡᠳ᠋ ᠪᠣᠳᠠᠰ ᠲᠡᠭᠡᠭᠡᠪᠦᠷᠢᠯᠡᠵᠦ ᠪᠠᠢᠭ᠎ᠠ ᠨᠢ᠃ (ᠺᠠᠩ ᠸᠸᠨ ᠺᠦᠢ ᠰᠡᠭᠦᠳᠡᠷᠯᠡᠪᠡ)
ᠠᠯᠠᠱᠠ ᠠᠢᠮᠠᠭ᠎ᠤᠨ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠳᠠᠷᠤᠭ᠎ᠠ ᠲᠦᠪᠰᠢᠨ᠎ᠦ ᠲᠠᠨᠢᠯᠴᠠᠭᠤᠯᠤᠭᠰᠠᠨ᠎ᠢᠶᠠᠷ᠂ ᠬᠠᠪᠤᠷ᠎ᠤᠨ ᠤᠯᠠᠷᠢᠯ᠎ᠤᠨ ᠣᠢᠵᠢᠭᠤᠯᠤᠯᠲᠠ᠎ᠳᠤ ᠠᠵᠢᠯᠴᠢᠨ ᠳᠤᠲᠠᠭᠳᠠᠬᠤ᠂ ᠣᠢᠵᠢᠭᠤᠯᠬᠤ ᠤᠯᠠᠷᠢᠯ ᠲᠠᠩ ᠴᠤᠯᠭᠤᠢ ᠵᠢᠴᠢ ᠬᠥᠮᠥᠨ᠎ᠦ ᠬᠦᠴᠦ᠎ᠪᠡᠷ ᠣᠢᠵᠢᠭᠤᠯᠬᠤ ᠨᠢ ᠤᠨᠳᠤᠷᠤᠯᠲᠠ᠎ᠶᠢᠨ ᠨᠣᠷᠮ᠎ᠠ ᠥᠨᠳᠥᠷ ᠪᠤᠰᠤ ᠪᠠᠢᠳᠠᠭ ᠬᠦᠴᠢᠷᠳᠡᠯ᠎ᠢ ᠰᠢᠢᠳᠪᠦᠷᠢᠯᠡᠬᠦ᠎ᠶᠢᠨ ᠲᠥᠯᠥᠭᠡ᠂ ᠠᠯᠠᠱᠠ ᠠᠢᠮᠠᠭ᠎ᠤᠨ ᠬᠢᠨ ᠣᠯᠠᠨ ᠵᠢᠯ᠎ᠦᠨ ᠦᠢᠯᠡᠳᠦᠯᠭᠡ᠎ᠪᠡᠷ ᠳᠡᠮᠵᠢᠨ᠂ ᠬᠠᠪᠤᠷ᠎ᠤᠨ ᠤᠯᠠᠷᠢᠯ᠎ᠳᠤ ᠯᠠ ᠣᠢᠵᠢᠭᠤᠯᠵᠤ ᠪᠠᠢᠭᠰᠠᠨ᠎ᠢ ᠬᠠᠪᠤᠷ ᠨᠠᠮᠤᠷ ᠬᠣᠶᠠᠷ ᠤᠯᠠᠷᠢᠯ᠎ᠳᠤ ᠣᠢᠵᠢᠭᠤᠯᠬᠤ ᠪᠣᠯᠭᠠᠵᠠᠢ᠃ 《ᠨᠠᠮᠤᠷ᠎ᠤᠨ ᠤᠯᠠᠷᠢᠯ᠎ᠳᠤ ᠣᠢᠵᠢᠭᠤᠯᠤᠭᠰᠠᠨ ᠴᠢᠬᠢ ᠮᠣᠳᠣᠨ᠎ᠤ ᠤᠷᠭᠤᠬᠤ ᠬᠤᠷᠳᠤᠴᠠ ᠨᠢ ᠬᠠᠪᠤᠷ᠎ᠤᠨ ᠤᠯᠠᠷᠢᠯ᠎ᠳᠤ ᠣᠢᠵᠢᠭᠤᠯᠤᠭᠰᠠᠨ ᠴᠢᠬᠢ ᠮᠣᠳᠣᠨ᠎ᠤ ᠤᠷᠭᠤᠬᠤ ᠬᠤᠷᠳᠤᠴᠠ᠎ᠠᠴᠠ ᠢᠯᠡᠳᠲᠡ ᠥᠨᠳᠥᠷ ᠪᠠᠢᠬᠤ ᠪᠥᠭᠡᠳ ᠳᠤᠮᠳᠠᠴᠢ ᠤᠨᠳᠤᠷᠤᠯᠲᠠ᠎ᠶᠢᠨ ᠨᠤᠷᠮ᠎ᠠ ᠨᠢ ᠴᠥᠮ 75% ᠡᠴᠡ ᠳᠡᠭᠡᠭᠰᠢ ᠪᠠᠢᠵᠤ᠂ ᠬᠠᠪᠤᠷ᠎ᠤᠨ ᠤᠯᠠᠷᠢᠯ᠎ᠤᠨ ᠣᠢᠵᠢᠭᠤᠯᠤᠯᠲᠠ᠎ᠶᠢᠨ ᠤᠨᠳᠤᠷᠤᠯᠲᠠ᠎ᠶᠢᠨ ᠨᠤᠷᠮ᠎ᠠ᠎ᠠᠴᠠ 5 ᠵᠠᠭᠤᠨ᠎ᠤ ᠬᠤᠪᠢ ᠥᠨᠳᠥᠷ ᠪᠠᠢᠨ᠎ᠠ᠃》

ᠵᠢᠷᠤᠭ ᠪᠣᠯ ᠠᠯᠠᠱᠠ ᠠᠢᠮᠠᠭ᠎ᠤᠨ ᠡᠯᠡᠰᠦ ᠵᠠᠰᠠᠭᠴᠢᠳ ᠲᠤᠲᠤᠷᠭ᠎ᠠ᠎ᠶᠢᠨ ᠰᠦᠷᠡᠯ᠎ᠢᠶᠡᠷ ᠡᠯᠡᠰᠦᠨ᠎ᠳᠦ ᠡᠪᠡᠰᠦᠨ ᠳᠥᠷᠪᠡᠯᠵᠢ ᠬᠠᠳᠬᠤᠵᠤ ᠪᠠᠢᠭ᠎ᠠ ᠨᠢ᠃ (ᠺᠠᠩ ᠸᠸᠨ ᠺᠦᠢ ᠰᠡᠭᠦᠳᠡᠷᠯᠡᠪᠡ)
ᠣᠷᠳᠣ᠌ ᠬᠤᠭᠤᠴᠠᠭᠠᠨ᠎ᠤ ᠲᠤᠷᠰᠢ᠂ ᠠᠯᠠᠱᠠ ᠠᠢᠮᠠᠭ᠎ᠤᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠡᠷᠴᠢᠮᠯᠡᠬᠦ᠂ ᠡᠯᠡᠰᠦ᠎ᠶᠢ ᠲᠣᠭᠲᠠᠪᠤᠷᠢᠵᠢᠭᠤᠯᠬᠤ ᠪᠣᠰᠣᠭ᠎ᠠ ᠴᠣᠭᠴᠠᠲᠤ ᠲᠣᠭᠲᠠᠯᠴᠠᠭ᠎ᠠ ᠪᠠᠶ᠋ᠢᠭᠤᠯᠬᠤ᠂ ᠣᠷᠣᠨ ᠪᠦᠰᠡ᠎ᠶᠢᠨ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠵᠠᠰᠠᠬᠤ ᠵᠡᠷᠭᠡ ᠬᠡᠪ ᠵᠠᠭᠪᠤᠷ᠎ᠢᠶᠠᠷ ᠳᠡᠮᠵᠢᠨ᠂ ᠣᠶ ᠰᠢᠭᠤᠢ᠎ᠶᠢᠨ ᠪᠦᠷᠬᠦᠴᠡ᠎ᠶᠢᠨ ᠨᠣᠷᠮ᠎ᠠ᠎ᠶᠢ ᠠᠢᠮᠠᠭ ᠪᠠᠢᠭᠤᠯᠤᠭᠳᠠᠭᠰᠠᠨ ᠡᠬᠢᠨ᠎ᠦ ᠦᠶ᠎ᠡ᠎ᠶᠢᠨ 2.96% ᠪᠠᠢᠭᠰᠠᠨ᠎ᠠᠴᠠ 8.42% ᠪᠣᠯᠲᠠᠯ᠎ᠠ ᠨᠡᠮᠡᠭᠳᠡᠭᠦᠯᠵᠦ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠪᠦᠷᠬᠦᠴᠡ 15% ᠳᠤ ᠬᠦᠷᠬᠦ ᠦᠭᠡᠢ ᠪᠠᠢᠭᠰᠠᠨ᠎ᠠᠴᠠ ᠣᠲᠣ᠌ 23.18% ᠳ᠋ᠥ ᠬᠦᠷᠦᠭᠦᠯᠪᠡ᠃ 《ᠪᠦᠬᠦ ᠠᠢᠮᠠᠭ᠎ᠤᠨ ᠡᠯᠡᠰᠦ᠎ᠶᠢ ᠵᠠᠰᠠᠭᠰᠠᠨ ᠲᠠᠯᠠᠪᠠᠢ ᠨᠡᠢ᠍ᠢᠳᠡ 1 ᠳ᠋ᠦᠩᠰᠢᠭᠤᠷ ᠮᠦ᠍᠎ᠶᠢ ᠳᠠᠪᠠᠵᠤ᠂ ᠡᠯᠡᠰᠦ ᠮᠠᠩᠬᠠᠨ᠎ᠤ ᠥᠷᠭᠡᠵᠢᠬᠦ ᠬᠠᠨᠳᠤᠰᠢ᠎ᠶᠢ ᠪᠦᠲᠦᠮᠵᠢᠲᠡᠢ ᠬᠣᠷᠢᠭ᠍ᠯᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠳᠦ ᠪᠠᠲᠤ ᠪᠡᠬᠢ ᠲᠤᠯᠭᠠᠭᠤᠷᠢᠯᠠᠯ ᠬᠠᠩᠭᠠᠵᠠᠢ᠃》 ᠭᠡᠵᠦ ᠲᠦᠪᠰᠢᠨ ᠬᠡᠯᠡᠪᠡ᠃